Та "Internet explorer"-ийн сүүлийн хувилбар болох "Microsoft edge"-г ашиглана уу

Хэрэв "Microsoft edge"-г татах бол энд дарж татаж авна уу

《ᠬᠠᠭᠠᠨ ᠤ ᠡᠷᠢᠯ ᠳᠥ-2023》 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠰᠤᠷᠭᠠᠭᠤᠯᠢ ᠢᠢᠨ ᠨᠡᠭᠡᠭᠡᠯᠲᠡ ᠡᠬᠢᠯᠡᠯ᠎ᠡ

《ᠬᠠᠭᠠᠨ ᠤ ᠡᠷᠢᠯ ᠳᠥ-2023》 ᠡᠩᠬᠡ ᠢᠢ ᠳᠡᠮᠵᠢᠬᠦ ᠠᠵᠢᠯᠯᠠᠭᠠᠨ ᠤ 19 ᠳ᠋ᠡᠬᠢ ᠤᠳᠠᠭ᠎ᠠ ᠢᠢᠨ ᠣᠯᠠᠨ ᠤᠯᠤᠰ ᠤᠨ ᠰᠤᠷᠭᠠᠭᠤᠯᠢ ᠢᠢᠨ ᠨᠡᠭᠡᠭᠡᠯᠲᠡ ᠲᠠᠪᠤᠨᠲᠣᠯᠣᠭᠠᠢ ᠳ᠋ᠠᠬᠢ ᠵᠡᠪᠰᠡᠭᠲᠦ ᠬᠦᠴᠦᠨ ᠦ ᠰᠤᠷᠭᠠᠯᠲᠠ ᠢᠢᠨ ᠨᠢᠭᠡᠳᠦᠭᠰᠡᠨ ᠲᠥᠪ ᠳ᠋ᠥ ᠪᠣᠯᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠣᠷᠣᠯᠴᠠᠯ᠎ᠠ᠃

ᠲᠡᠷᠡ ᠪᠡᠷ ᠬᠡᠯᠡᠭᠰᠡᠨ ᠦᠭᠡᠨ ᠳᠥ ᠪᠡᠨ᠂ ᠮᠣᠩ᠋ᠭᠣᠯ ᠤᠯᠤᠰ ᠡᠩᠬᠡ ᠢᠢ ᠡᠷᠬᠢᠮᠯᠡᠭᠰᠡᠨ᠂ ᠨᠡᠭᠡᠭᠡᠯᠲᠡ ᠲᠡᠢ᠂ ᠪᠡᠶ᠎ᠡ ᠳᠠᠭᠠᠭᠰᠠᠨ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠢᠢ ᠠᠮᠵᠢᠯᠲᠠᠲᠠᠢ ᠬᠡᠷᠡᠭᠵᠢᠭᠦᠯᠵᠦ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠳᠡᠯᠡᠬᠡᠢ ᠢᠢᠨ ᠤᠯᠤᠰ ᠣᠷᠣᠨ ᠨᠤᠭᠤᠳ ᠲᠠᠢ ᠨᠠᠢᠢᠷᠰᠠᠭ᠂ ᠬᠠᠮᠲᠤ ᠢᠢᠨ ᠠᠵᠢᠯᠯᠠᠭ᠎ᠠ ᠢᠢ ᠪᠠᠨ ᠵᠢᠯ ᠡᠴᠡ ᠵᠢᠯ ᠳᠥ ᠥᠷᠭᠡᠵᠢᠭᠦᠯᠦᠭᠰᠡᠭᠡᠷ ᠪᠠᠢᠢᠭ᠎ᠠ ᠢᠢ ᠣᠨᠴᠠᠯᠠᠪᠠ᠃

ᠮᠣᠩ᠋ᠭᠣᠯ ᠤᠯᠤᠰ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦ ᠲᠡᠢ ᠪᠡᠶᠡᠯᠡᠭᠦᠯᠵᠦ᠂ 2002 ᠣᠨ ᠠᠴᠠ ᠬᠣᠢᠢᠰᠢ 21᠂000 ᠭᠠᠷᠤᠢ ᠴᠡᠷᠢᠭ ᠦᠨ ᠠᠯᠪᠠ ᠬᠠᠭᠠᠭᠴᠢ ᠪᠠᠨ ᠳᠡᠯᠡᠬᠡᠢ ᠢᠢᠨ ᠭᠤᠷᠪᠠᠨ ᠲᠢᠢᠪ ᠲᠥ ᠡᠩᠬᠡ ᠢᠢ ᠳᠡᠮᠵᠢᠬᠦ 20 ᠠᠵᠢᠯᠯᠠᠭᠠᠨ ᠳᠤ ᠣᠷᠤᠯᠴᠠᠭᠤᠯᠤᠭᠠᠳ ᠪᠠᠢᠢᠭ᠎ᠠ ᠶᠤᠮ᠃

ᠲᠡᠭᠦᠨᠴᠢᠯᠡᠨ ᠥᠩ᠋ᠭᠡᠷᠡᠭᠰᠡᠨ ᠵᠢᠯ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ 《ᠡᠮᠡᠭᠲᠡᠢᠢᠴᠦᠳ᠂ ᠡᠩᠬᠡ ᠲᠠᠢᠢᠪᠤᠩ ᠪᠠ ᠠᠶᠤᠯ ᠦᠭᠡᠢ ᠪᠠᠢᠢᠳᠠᠯ》 ᠲᠣᠭᠲᠠᠭᠠᠯ ᠢ ᠬᠡᠷᠡᠭᠵᠢᠭᠦᠯᠬᠦ ᠵᠣᠷᠢᠯᠭ᠎ᠠ ᠪᠠᠷ ᠪᠦᠰᠡ ᠨᠤᠲᠤᠭ ᠲᠤ ᠪᠠᠨ ᠠᠩᠬ᠎ᠠ ᠤᠳᠠᠭ᠎ᠠ ᠡᠮᠡᠭᠲᠡᠢ ᠡᠩᠬᠡ ᠢᠢ ᠰᠠᠬᠢᠭᠤᠯᠤᠭᠴᠢᠳ ᠤᠨ ᠣᠯᠠᠨ ᠤᠯᠤᠰ ᠤᠨ ᠪᠠᠭ᠎ᠠ ᠬᠤᠷᠠᠯ ᠢ ᠠᠮᠵᠢᠯᠲᠠᠲᠠᠢ ᠵᠣᠬᠢᠶᠠᠨ ᠪᠠᠢᠢᠭᠤᠯᠤᠭᠰᠠᠨ᠃

ᠠᠮᠧᠷᠢᠺᠠ ᠢᠢᠨ ᠨᠢᠭᠡᠳᠦᠭᠰᠡᠨ ᠤᠯᠤᠰ ᠲᠠᠢ ᠬᠠᠮᠲᠤᠷᠠᠨ 2003 ᠣᠨ ᠠᠴᠠ ᠵᠣᠬᠢᠶᠠᠨ ᠪᠠᠢᠢᠭᠤᠯᠵᠤ ᠢᠷᠡᠭᠰᠡᠨ 《ᠬᠠᠭᠠᠨ ᠤ ᠡᠷᠢᠯ ᠳᠥ》 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠰᠤᠷᠭᠠᠭᠤᠯᠢ ᠳᠤ ᠥᠩ᠋ᠭᠡᠷᠡᠭᠰᠡᠨ ᠬᠤᠭᠤᠴᠠᠭᠠᠨ ᠳᠤ ᠳᠡᠯᠡᠬᠡᠢ ᠢᠢᠨ 67 ᠤᠯᠤᠰ ᠤᠨ 18 ᠮᠢᠩ᠋ᠭ᠎ᠠ ᠭᠠᠷᠤᠢ ᠴᠡᠷᠢᠭ ᠦᠨ ᠠᠯᠪᠠ ᠬᠠᠭᠠᠭᠴᠢ ᠣᠷᠣᠯᠴᠠᠭᠰᠠᠨ ᠪᠠᠢᠢᠨ᠎ᠠ᠃

ᠲᠤᠰ ᠰᠤᠷᠭᠠᠭᠤᠯᠢ ᠨᠢ ᠣᠷᠣᠯᠴᠠᠭᠴᠢ ᠤᠯᠤᠰ ᠣᠷᠣᠨ ᠨᠤᠭᠤᠳ ᠤᠨ ᠡᠩᠬᠡ ᠢᠢ ᠳᠡᠮᠵᠢᠬᠦ ᠠᠵᠢᠯᠯᠠᠭᠠᠨ ᠤ ᠴᠢᠳᠠᠪᠬᠢ ᠢᠢ ᠨᠡᠮᠡᠭᠳᠡᠭᠦᠯᠬᠦ᠂ ᠨᠠᠢᠢᠷᠠᠮᠳᠠᠯ ᠨᠥᠬᠥᠷᠯᠡᠯ᠂ ᠴᠡᠷᠢᠭ ᠦᠨ ᠢᠲᠡᠭᠡᠯᠴᠡᠯ ᠢ ᠪᠡᠬᠢᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠵᠤ᠂ ᠠᠽᠢ-ᠨᠣᠮᠣᠬᠠᠨ ᠳᠠᠯᠠᠢ ᠢᠢᠨ ᠪᠦᠰᠡ ᠨᠤᠲᠤᠭ ᠳ᠋ᠠᠬᠢ ᠡᠩᠬᠡ ᠢᠢ ᠳᠡᠮᠵᠢᠬᠦ ᠠᠵᠢᠯᠯᠠᠭᠠᠨ ᠤ ᠴᠢᠳᠠᠪᠬᠢ᠎ ᠢᠢ ᠨᠡᠮᠡᠭᠳᠡᠭᠦᠯᠬᠦ ᠲᠠᠪᠤᠨ ᠲᠣᠮᠣ ᠠᠷᠭ᠎ᠠ ᠬᠡᠮᠵᠢᠶᠡᠨ ᠦ ᠨᠢᠭᠡ ᠪᠣᠯᠤᠭᠰᠠᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠲᠡᠮᠳᠡᠭᠯᠡᠪᠡ᠃
ᠡᠨᠡ ᠤᠳᠠᠭ᠎ᠠ ᠢᠢᠨ ᠰᠤᠷᠭᠠᠭᠤᠯᠢ ᠳᠤ ᠪᠦᠭᠦᠳᠡ ᠨᠠᠢᠢᠷᠠᠮᠳᠠᠬᠤ ᠯᠠᠤᠰ ᠠᠷᠠᠳ ᠤᠯᠤᠰ ᠠᠩᠬ᠎ᠠ ᠤᠳᠠᠭ᠎ᠠ᠂ ᠪᠦᠭᠦᠳᠡ ᠨᠠᠢᠢᠷᠠᠮᠳᠠᠬᠤ ᠲᠦᠷᠺ ᠤᠯᠤᠰ ᠪᠥᠷᠢᠨ ᠪᠦᠷᠢᠯᠳᠦᠬᠦᠨ ᠲᠡᠢ ᠪᠡᠷ᠂ ᠨᠡᠢᠢᠲᠡ 26 ᠣᠷᠣᠨ ᠠᠴᠠ ᠣᠷᠣᠯᠴᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠣᠯᠠᠨ ᠤᠯᠤᠰ ᠤᠨ ᠰᠤᠷᠭᠠᠭᠤᠯᠢ ᠢᠢᠨ ᠴᠠᠷ᠎ᠠ ᠬᠦᠷᠢᠶ᠎ᠡ ᠵᠢᠯ ᠡᠴᠡ ᠵᠢᠯ ᠳᠥ ᠥᠷᠭᠡᠵᠢᠨ ᠲᠡᠯᠡᠵᠦ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠯ᠎ᠡ᠃

ᠪᠦᠰᠡ ᠨᠤᠲᠤᠭ ᠲᠤ ᠪᠠᠨ ᠲᠣᠮᠣᠬᠠᠨ ᠳᠤ ᠲᠣᠭᠠᠴᠠᠭᠳᠠᠬᠤ 《ᠬᠠᠭᠠᠨ ᠤ ᠡᠷᠢᠯ ᠳᠥ》 ᠰᠤᠷᠭᠠᠭᠤᠯᠢ ᠪᠣᠳᠣᠯᠭ᠎ᠠ᠂ ᠲᠥᠯᠥᠪᠯᠡᠭᠡ ᠪᠡᠨ ᠠᠮᠵᠢᠯᠲᠠ ᠲᠠᠢ ᠪᠡᠶᠡᠯᠡᠭᠦᠯᠵᠦ᠂ ᠳᠠᠶᠠᠩ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠥᠯᠥᠭᠡ ᠬᠦᠴᠦᠨ ᠵᠢᠳᠬᠦᠬᠦ ᠮᠢᠩ᠋ᠭ᠎ᠠ ᠮᠢᠩ᠋ᠭᠠᠨ ᠴᠢᠳᠠᠪᠤᠷᠢᠯᠢᠭ ᠡᠩᠬᠡ ᠢᠢ ᠰᠠᠬᠢᠭᠤᠯᠤᠭᠴᠢ ᠢᠢ ᠰᠤᠷᠭᠠᠵᠤ ᠪᠡᠯᠡᠳᠬᠡᠬᠦ ᠦᠢᠯᠡᠰ ᠲᠤ ᠦᠨᠡᠲᠡᠢ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠬᠡᠯᠡᠪᠡ᠃

ᠲᠡᠷᠡ ᠪᠡᠷ ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠰᠤᠷᠭᠠᠭᠤᠯᠢ ᠳᠤ ᠣᠷᠣᠯᠴᠠᠬᠤ ᠪᠠᠷ ᠳᠡᠯᠡᠬᠡᠢ ᠢᠢᠨ ᠥᠨᠴᠥᠭ ᠪᠤᠯᠤᠨᠭ᠌ ᠪᠦᠷᠢ ᠡᠴᠡ ᠬᠦᠷᠦᠯᠴᠡᠨ ᠢᠷᠡᠭᠰᠡᠨ ᠴᠡᠩᠬᠡᠷ ᠳᠠᠭᠤᠯᠭᠠᠲᠠᠨ ᠡᠩᠬᠡ ᠢᠢ ᠰᠠᠬᠢᠭᠤᠯᠤᠭᠴᠢᠳ ᠲᠤ ᠠᠮᠵᠢᠯᠲᠠ ᠬᠦᠰᠡᠯ᠎ᠡ᠃
《ᠬᠠᠭᠠᠨ ᠤ ᠡᠷᠢᠯ ᠳᠤ》 ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠰᠤᠷᠭᠠᠭᠤᠯᠢ ᠢᠢᠨ ᠨᠡᠭᠡᠭᠡᠯᠲᠡ ᠳᠤ ᠵᠠᠰᠠᠭ ᠤᠨ ᠭᠠᠵᠠᠷ ᠤᠨ ᠭᠡᠰᠢᠭᠦᠨ᠂ ᠪᠠᠲᠤᠯᠠᠨ ᠬᠠᠮᠠᠭᠠᠯᠠᠬᠤ ᠢᠢᠨ ᠰᠠᠢᠢᠳ ᠭ᠂ ᠰᠠᠢᠢᠬᠠᠨᠪᠠᠶᠠᠷ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠵᠠ‍᠂ ᠡᠩᠬᠡᠪᠠᠶᠠᠷ᠂ ᠶᠡᠷᠦᠩᠬᠡᠢᠢᠯᠡᠭᠴᠢ ᠢᠢᠨ ᠠᠶᠤᠯ ᠦᠭᠡᠢ ᠪᠠᠢᠢᠳᠠᠯ᠂ ᠪᠠᠲᠤᠯᠠᠨ ᠬᠠᠮᠠᠭᠠᠯᠠᠬᠤ ᠪᠣᠳᠣᠯᠭ᠎ᠠ ᠢᠢᠨ ᠵᠥᠪᠯᠡᠬᠦ᠂ ᠪᠡᠯᠡᠳᠬᠡᠯ ᠳᠡᠰᠯᠡᠭᠴᠢ ᠭᠧᠨᠧᠷᠠᠯ ᠴ᠂ ᠲᠣᠭᠣᠭ᠎ᠠ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠪᠠᠷᠢᠭᠠᠳ᠋ ᠢᠢᠨ ᠭᠧᠨᠧᠷᠠᠯ ᠰ᠂ ᠭᠠᠩᠪᠢᠮᠪᠠ᠂ ᠨᠣᠮᠣᠬᠠᠨ ᠳᠠᠯᠠᠢ ᠳ᠋ᠠᠬᠢ ᠠᠮᠧᠷᠢᠺᠠ ᠢᠢᠨ ᠨᠢᠭᠡᠳᠦᠭᠰᠡᠨ ᠤᠯᠤᠰ ᠤᠨ ᠬᠠᠭᠤᠷᠠᠢ ᠵᠠᠮ ᠤᠨ ᠴᠡᠷᠢᠭ ᠦᠨ ᠺᠣᠮᠠᠨᠳᠠᠯᠠᠭᠴᠢ ᠢᠢᠨ ᠣᠷᠣᠯᠠᠭᠴᠢ᠂ ᠬᠣᠰᠢᠭᠤᠴᠢ ᠭᠧᠨᠧᠷᠠᠯ ᠺᠷᠢᠰ ᠰᠮᠢᠲ ᠪᠣᠯᠤᠨ ᠪᠠᠲᠤᠯᠠᠨ ᠬᠠᠮᠠᠭᠠᠯᠠᠬᠤ ᠶᠠᠮᠤᠨ᠂ ᠵᠡᠪᠰᠡᠭᠲᠦ ᠬᠦᠴᠦᠨ ᠦ ᠵᠠᠩᠵᠤᠨ ᠱᠲ᠋ᠠᠪ᠂ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠤᠳᠤᠷᠢᠳᠤᠯᠭ᠎ᠠ᠂ ᠭᠠᠳᠠᠭᠠᠳᠤ ᠣᠷᠣᠨ ᠨᠤᠭᠤᠳ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ᠂ ᠴᠡᠷᠢᠭ ᠦᠨ ᠠᠲ᠋ᠲ᠋ᠠᠱᠧ ᠨᠠᠷ ᠣᠷᠣᠯᠴᠠᠯ᠎ᠠ᠃