ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠥᠬᠥᠳᠡ ᠨᠠᠢᠢᠷᠠᠮᠳᠠᠬᠤ ᠰᠥᠯᠥᠩ᠋ᠭᠤᠰ ᠍ ᠤᠨ 《ᠶᠤᠬᠠᠨ- ᠺᠢᠮᠪᠧᠷᠯᠢ》 ᠺᠣᠮᠫᠠᠨᠢ ᠢᠢᠨ ᠶᠡᠷᠦᠩᠬᠡᠢᠢᠯᠡᠭᠴᠢ ᠴᠢᠨ ᠵᠡ ᠰᠣᠨ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ᠃
ᠲᠤᠰ ᠺᠣᠮᠫᠠᠨᠢ 《ᠵᠡᠭᠦᠨ ᠬᠣᠢᠢᠳᠤ ᠠᠽᠢ ᠢᠢᠨ ᠣᠢ ᠢᠢᠨ ᠹᠣᠷᠣᠮ》 ᠲᠥᠷᠥ ᠢᠢᠨ ᠪᠤᠰᠤ ᠪᠠᠢᠢᠭᠤᠯᠤᠯᠭ᠎ᠠ ᠪᠣᠯᠤᠨ ᠬᠣᠯᠪᠣᠭᠳᠠᠬᠤ ᠶᠠᠮᠤᠨ᠂ ᠪᠠᠢᠢᠭᠤᠯᠤᠯᠭ᠎ᠠ᠂ ᠰᠡᠯᠡᠩ᠋ᠭᠡ ᠠᠢᠢᠮᠠᠭ ᠲᠠᠢ ᠬᠠᠮᠲᠤᠷᠠᠨ 2003 ᠣᠨ ᠠᠴᠠ 《ᠶᠤᠬᠠᠨ- ᠺᠢᠮᠪᠧᠷᠯᠢ ᠣᠢ》 ᠣᠢᠢᠵᠢᠭᠤᠯᠤᠯᠲᠠ ᠢᠢᠨ ᠲᠥᠰᠥᠯ ᠬᠡᠷᠡᠭᠵᠢᠭᠦᠯᠵᠦ ᠲᠤᠵᠢ ᠢᠢᠨ ᠨᠠᠷᠠᠰᠤᠨ ᠳᠤ 10 ᠰᠠᠶ᠎ᠠ ᠮᠣᠳᠣ ᠲᠠᠷᠢᠵᠤ ᠤᠷᠭᠤᠭᠤᠯᠤᠭᠠᠳ ᠪᠠᠢᠢᠨ᠎ᠠ᠃
ᠲᠦᠢᠮᠡᠷ ᠲᠥ ᠥᠷᠲᠦᠭᠰᠡᠨ ᠣᠢ ᠢᠢ ᠨᠥᠬᠥᠨ ᠰᠡᠷᠭᠦᠭᠡᠬᠦ᠂ ᠴᠥᠯᠵᠢᠯᠲᠡ ᠡᠴᠡ ᠰᠡᠷᠭᠡᠢᠢᠯᠡᠬᠦ ᠵᠣᠷᠢᠯᠭ᠎ᠠ ᠪᠠᠷ ᠥᠩ᠋ᠭᠡᠷᠡᠭᠰᠡᠨ 20 ᠵᠢᠯ ᠦᠨ ᠬᠤᠭᠤᠴᠠᠭᠠᠨ ᠳᠤ ᠲᠤᠵᠢ ᠢᠢᠨ ᠨᠠᠷᠠᠰᠤᠨ ᠤ 3᠂520 ᠭᠠ᠂ ᠲᠠᠯᠠᠪᠠᠢ ᠳᠤ ᠣᠢᠢᠵᠢᠭᠤᠯᠤᠯᠲᠠ ᠢᠢᠨ ᠲᠣᠮᠣᠬᠠᠨ ᠲᠥᠰᠥᠯ ᠢ ᠠᠮᠵᠢᠯᠲᠠ ᠲᠠᠢ ᠬᠡᠷᠡᠭᠵᠢᠭᠦᠯᠦᠭᠰᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠪᠡ᠃
ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠴᠠᠭ ᠦᠶ ᠡ ᠣᠯᠤᠭᠰᠠᠨ ᠭᠡᠳᠡᠭ ᠢ 《ᠶᠤᠬᠠᠨ- ᠺᠢᠮᠪᠧᠷᠯᠢ》 ᠺᠣᠮᠫᠠᠨᠢ ᠢᠢᠨ ᠶᠡᠷᠦᠩᠬᠡᠢᠢᠯᠡᠭᠴᠢ ᠴᠢᠨ ᠵᠡ ᠰᠣᠨ ᠬᠡᠯᠡᠭᠡᠳ᠂ ᠮᠣᠩ᠋ᠭᠣᠯᠴᠤᠳ ᠡᠮᠦᠨ᠎ᠡ ᠪᠡᠨ ᠲᠠᠯᠪᠢᠭᠰᠠᠨ ᠵᠣᠷᠢᠯᠲᠠ ᠪᠠᠨ ᠪᠡᠶᠡᠯᠡᠭᠦᠯᠦᠨ᠎ᠡ ᠭᠡᠳᠡᠭ ᠲᠤ ᠢᠲᠡᠭᠡᠯ ᠲᠡᠢ ᠪᠠᠢᠢᠭ᠎ᠠ ᠪᠠᠨ ᠣᠨᠴᠠᠯᠠᠯ᠎ᠠ᠃
ᠴᠢᠨᠠᠭᠰᠢᠳᠠ ᠦᠨᠳᠦᠰᠦᠨ ᠦ ᠬᠥᠳᠡᠯᠭᠡᠭᠡᠨ ᠦ ᠬᠦᠷᠢᠶᠡᠨ ᠳᠤ ᠬᠠᠮᠲᠤᠷᠠᠨ ᠠᠵᠢᠯᠯᠠᠵᠤ᠂ ᠮᠣᠩ᠋ᠭᠣᠯ ᠤᠨ ᠴᠠᠭ ᠠᠭᠠᠷ ᠤᠨ ᠨᠥᠬᠥᠴᠡᠯ ᠳᠤ ᠲᠣᠬᠢᠷᠠᠭᠰᠠᠨ ᠡᠷᠡᠭᠦᠯ ᠣᠢ ᠪᠤᠢ ᠪᠣᠯᠭᠠᠬᠤ ᠪᠠᠷ ᠲᠥᠯᠦᠪᠯᠡᠭᠰᠡᠨ ᠢᠶᠡᠨ ᠲᠣᠳᠣᠳᠬᠠᠪᠠ᠃ ᠲᠤᠰ ᠺᠣᠮᠫᠠᠨᠢ 1984 ᠣᠨ ᠠᠴᠠ ᠬᠣᠢᠢᠰᠢ 《ᠨᠣᠭᠣᠭᠠᠨ ᠣᠷᠴᠢᠨ ᠢ ᠪᠦᠷᠢᠳᠦᠭᠦᠯᠬᠦ ᠦᠨᠳᠦᠰᠦᠨ ᠦ ᠠᠶᠠᠨ》 ᠥᠷᠨᠢᠭᠦᠯᠵᠦ᠂ ᠳᠣᠲᠣᠭᠠᠳᠤ ᠳᠤ ᠪᠠᠨ ᠪᠣᠯᠤᠨ ᠭᠠᠳᠠᠭᠠᠳᠤ ᠢᠢᠨ ᠤᠯᠤᠰ ᠣᠷᠣᠨ ᠨᠤᠭᠤᠳ ᠲᠤ 55 ᠰᠠᠶ᠎ᠠ ᠭᠠᠷᠤᠢ ᠮᠣᠳᠣ ᠲᠠᠷᠢᠵᠤ ᠤᠷᠭᠤᠭᠤᠯᠤᠭᠠᠳ ᠪᠠᠢᠢᠨ᠎ᠠ᠃
ᠳᠠᠰᠢᠷᠠᠮ ᠳᠤ ᠳᠤᠷᠠᠳᠬᠤ ᠳᠤ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠥᠷᠨᠢᠵᠦ ᠡᠬᠢᠯᠡᠭᠰᠡᠨ ᠡᠴᠡ ᠬᠣᠢᠢᠰᠢ ᠤᠯᠤᠰ ᠤᠨ ᠬᠡᠮᠵᠢᠶᠡᠨ ᠳᠤ 14 ᠰᠠᠶ᠎ᠠ ᠭᠠᠷᠤᠢ ᠮᠣᠳᠣ ᠲᠠᠷᠢᠵᠤ᠂ ᠮᠣᠳᠣ᠂ ᠰᠥᠭᠡᠭ ᠦᠨ ᠦᠷ᠎ᠡ ᠢᠢᠨ ᠨᠥᠭᠡᠴᠡ 12.7 ᠲᠣᠨᠨ᠂ ᠲᠠᠷᠢᠴᠠ᠂ ᠰᠠᠭᠤᠯᠭᠠᠴᠠ ᠢᠢᠨ ᠨᠥᠭᠡᠴᠡ 51.5 ᠰᠠᠶ᠎ᠠ ᠳᠤ ᠬᠦᠷᠦᠭᠰᠡᠨ᠃ ᠡᠨᠡ ᠨᠢ ᠡᠮᠦᠨᠡᠬᠢ ᠣᠨ ᠲᠠᠢ ᠬᠠᠷᠢᠴᠠᠭᠤᠯᠬᠤ ᠳᠤ ᠳᠥᠷᠪᠡ ᠳ᠋ᠠᠬᠢᠨ ᠨᠡᠮᠡᠭᠳᠡᠭᠰᠡᠨ ᠭᠡᠰᠡᠨ ᠦᠭᠡ ᠶᠤᠮ᠃