Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠶᠡᠬᠡ ᠪᠷᠢᠲ᠋ᠠᠨᠢ᠂ ᠤᠮᠠᠷᠠᠳᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠍ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠬᠡ ᠪᠷᠢᠲ᠋ᠠᠨᠢ᠂ ᠤᠮᠠᠷᠠᠳᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠹᠢᠯᠢᠫ ᠮᠠᠯᠤᠨ ᠢ ᠡᠬᠡ ᠣᠷᠣᠨ ᠳᠤ ᠪᠠᠨ ᠪᠦᠷᠢᠮᠦᠰᠦᠨ ᠪᠤᠴᠠᠵᠤ ᠪᠠᠢᠢᠭ᠎ᠠ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ᠃

ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 60 ᠵᠢᠯ ᠦᠨ ᠣᠢ ᠡᠨᠡ ᠵᠢᠯ ᠲᠣᠬᠢᠶᠠᠵᠤ ᠪᠤᠢ ᠢᠢ ᠶᠡᠷᠦᠩᠬᠡᠢᠢᠯᠡᠭᠴᠢ ᠣᠨᠴᠠᠯᠠᠭᠠᠳ᠂ ᠡᠯᠴᠢᠨ ᠰᠠᠢᠢᠳ ᠹᠢᠯᠢᠫ ᠮᠠᠯᠤᠨ ᠮᠣᠩ᠋ᠭᠣᠯ ᠤᠯᠤᠰ ᠲᠤ ᠠᠵᠢᠯᠯᠠᠬᠤ ᠳᠤ ᠪᠠᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠪᠡᠬᠢᠵᠢᠭᠦᠯᠬᠦ ᠳᠥ ᠣᠨᠴᠤᠭᠤᠢ ᠬᠤᠪᠢ ᠨᠡᠮᠡᠷᠢ ᠣᠷᠣᠭᠤᠯᠤᠭᠰᠠᠨ ᠢ ᠲᠡᠮᠳᠡᠭᠯᠡᠪᠡ᠃

ᠥᠩ᠋ᠭᠡᠷᠡᠭᠰᠡᠨ ᠲᠠᠪᠤᠨ ᠵᠢᠯ ᠦᠨ ᠬᠤᠭᠤᠴᠠᠭᠠᠨ ᠳᠤ ᠪᠦᠬᠦ ᠲᠠᠯ᠎ᠠ ᠢᠢᠨ ᠳᠡᠮᠵᠢᠯᠭᠡ ᠦᠵᠡᠭᠦᠯᠵᠦ ᠪᠠᠢᠢᠭᠰᠠᠨ ᠮᠣᠩ᠋ᠭᠣᠯ ᠤᠨ ᠲᠥᠷᠥ᠂ ᠵᠠᠰᠠᠭ ᠪᠣᠯᠤᠨ ᠨᠠᠢᠢᠷᠰᠠᠭ᠂ ᠵᠣᠴᠢᠯᠠᠮᠲᠠᠭᠠᠢ ᠠᠷᠠᠳ ᠲᠦᠮᠡᠨ ᠳᠥ ᠡᠯᠴᠢᠨ ᠰᠠᠢᠢᠳ ᠹᠢᠯᠢᠫ ᠮᠠᠯᠤᠨ ᠲᠠᠯᠠᠷᠬᠠᠯ ᠢᠯᠡᠷᠬᠡᠢᠢᠯᠡᠯ᠎ᠡ᠃ ᠮᠥᠨ ᠮᠣᠩ᠋ᠭᠣᠯ ᠤᠯᠤᠰ ᠣᠢᠢᠷ᠎ᠠ ᠢᠢᠨ 10-15 ᠵᠢᠯ ᠦᠨ ᠳᠣᠲᠣᠷ᠎ᠠ ᠬᠥᠭ᠍ᠵᠢᠨ ᠳᠡᠪᠵᠢᠭᠰᠡᠨ ᠣᠷᠣᠨ ᠪᠣᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠪᠡ᠃