Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠫᠠᠮᠧᠯᠠ ᠾᠠᠮᠢᠯᠲ᠋ᠤᠨ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠫᠠᠮᠧᠯᠠ ᠾᠠᠮᠢᠯᠲ᠋ᠤᠨ   ᠢ ᠬᠦᠯᠢᠶᠡᠨ ᠠᠪᠴᠤ ᠠᠭᠤᠯᠵᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠣᠯᠠᠨ ᠤᠯᠤᠰ ᠤᠨ ᠬᠤᠳᠠᠯᠳᠤᠭᠠᠨ ᠤ ᠲᠥᠪ ᠲᠡᠢ ᠬᠠᠮᠲᠤᠷᠠᠨ ᠤᠯᠠᠭᠠᠨᠪᠠᠭᠠᠲᠤᠷ ᠬᠣᠲᠠ ᠳ᠋ᠤ ᠵᠣᠬᠢᠶᠠᠨ ᠪᠠᠢᠢᠭᠤᠯᠵᠤ ᠪᠤᠢ ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ᠂ ᠭᠠᠳᠠᠭᠠᠳᠤ ᠬᠠᠷᠢᠯᠴᠠᠭᠠᠨ ᠤ ᠰᠠᠢᠢᠳ ᠤᠨ ᠰᠠᠨᠠᠭᠠᠴᠢᠯᠠᠭ᠎ᠠ ᠪᠠᠷ ᠮᠣᠩ᠋ᠭᠣᠯ ᠤᠯᠤᠰ ᠲᠤ ᠵᠣᠬᠢᠶᠠᠨ ᠪᠠᠢᠢᠭᠤᠯᠵᠤ ᠪᠤᠢ ᠭᠠᠳᠠᠭᠠᠳᠤ ᠬᠡᠷᠡᠭ ᠦᠨ ᠡᠮᠡᠭᠲᠡᠢ ᠰᠠᠢᠢᠳ ᠨᠠᠷ ᠤᠨ ᠠᠭᠤᠯᠵᠠᠯᠲᠠ ᠳᠤ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠫᠠᠮᠧᠯᠠ ᠾᠠᠮᠢᠯᠲ᠋ᠤᠨ  ᠣᠷᠣᠯᠴᠠᠬᠤ ᠪᠠᠷ ᠮᠣᠩ᠋ᠭᠣᠯ ᠤᠯᠤᠰ ᠲᠤ ᠬᠦᠷᠦᠯᠴᠡᠨ ᠢᠷᠡᠭᠰᠡᠨ ᠶᠤᠮ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ ᠢᠢ ᠵᠣᠬᠢᠶᠠᠨ ᠪᠠᠢᠢᠭᠤᠯᠬᠤ ᠳᠤ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠭᠰᠠᠨ ᠳᠤ ᠲᠠᠯᠠᠷᠬᠠᠯ ᠢᠯᠡᠷᠬᠡᠢᠢᠯᠡᠵᠦ᠂ ᠴᠢᠭᠤᠯᠭ᠎ᠠ ᠠᠭᠤᠯᠵᠠᠯᠲᠠ ᠦᠷ᠎ᠡ ᠳ᠋ᠦᠩ ᠲᠡᠢ ᠪᠣᠯᠵᠤ ᠪᠤᠢᠢ ᠳ᠋ᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠬᠡᠯᠡᠪᠡ᠃

ᠴᠠᠷ᠎ ᠲᠠᠬᠤᠯ ᠤᠨ ᠳᠠᠷᠠᠭ᠎ᠠ ᠡᠳ᠋ ᠍ ᠦᠨ ᠵᠠᠰᠠᠭ᠂ ᠬᠤᠳᠠᠯᠳᠤᠭ᠎ᠠ ᠢᠢ ᠰᠡᠷᠭᠦᠭᠡᠬᠦ᠂ ᠢᠳᠡᠪᠬᠢᠵᠢᠭᠦᠯᠬᠦ ᠨᠢ ᠤᠯᠤᠰ ᠣᠷᠣᠨ ᠪᠦᠷᠢ ᠢᠢᠨ ᠴᠢᠬᠤᠯᠠ ᠵᠣᠷᠢᠯᠲᠠ ᠪᠣᠯᠵᠤ ᠪᠤᠢ ᠪᠥᠭᠡᠳ ᠮᠣᠩ᠋ᠭᠣᠯ ᠤᠯᠤᠰ ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ ᠢᠢ ᠡᠬᠡ ᠣᠷᠣᠨ ᠳᠤ ᠪᠠᠨ ᠵᠣᠬᠢᠶᠠᠨ ᠪᠠᠢᠢᠭᠤᠯᠵᠤ ᠪᠤᠢ ᠨᠢ ᠡᠭᠦᠨ ᠦ ᠨᠢᠭᠡᠨ ᠢᠯᠡᠷᠡᠯ ᠬᠡᠮᠡᠨ ᠣᠨᠴᠠᠯᠠᠯ᠎ᠠ᠃

ᠴᠢᠭᠤᠯᠭ᠎ᠠ ᠠᠭᠤᠯᠵᠠᠯᠲᠠ ᠢᠢᠨ ᠦᠶ᠎ᠡ ᠪᠡᠷ ᠡᠮᠡᠭᠲᠡᠢ ᠪᠢᠽᠨ᠋ᠧᠰ ᠡᠷᠬᠢᠯᠡᠭᠴᠢᠳ ᠢ ᠳᠡᠮᠵᠢᠬᠦ ᠣᠯᠠᠨ ᠤᠯᠤᠰ ᠤᠨ ᠬᠤᠳᠠᠯᠳᠤᠭᠠᠨ ᠤ ᠲᠥᠪ ᠦᠨ 《SheTrades》 ᠬᠥᠲᠥᠯᠪᠦᠷᠢ ᠢᠢ ᠮᠣᠩ᠋ᠭᠣᠯ ᠤᠯᠤᠰ ᠲᠤ ᠡᠬᠢᠯᠡᠭᠦᠯᠵᠦ ᠪᠠᠢᠢᠭ᠎ᠠ ᠳᠤ ᠪᠠᠶᠠᠷᠲᠠᠢ ᠪᠠᠢᠢᠭ᠎ᠠ ᠪᠠᠨ ᠬᠡᠯᠡᠪᠡ᠃

ᠡᠨᠡᠬᠦ ᠰᠠᠨᠠᠭᠠᠴᠢᠯᠠᠭ᠎ᠠ ᠢᠢᠨ ᠬᠦᠷᠢᠶᠡᠨ ᠳᠥ ᠮᠣᠩ᠋ᠭᠣᠯ ᠤᠨ ᠡᠮᠡᠭᠲᠡᠢ ᠪᠢᠴᠢᠯ᠂ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢᠳ ᠪᠤᠰᠤᠳ ᠣᠯᠠᠨ ᠤᠯᠤᠰ ᠤᠨ ᠡᠮᠡᠭᠲᠡᠢ ᠪᠢᠽᠨ᠋ᠧᠰ ᠡᠷᠬᠢᠯᠡᠭᠴᠢᠳ ᠲᠡᠢ ᠬᠣᠯᠪᠣᠭ᠎ᠠ ᠲᠣᠭᠲᠠᠭᠠᠬᠤ᠂ ᠬᠠᠷᠢᠯᠴᠠᠨ ᠲᠤᠷᠰᠢᠯᠭ᠎ᠠ ᠬᠤᠪᠢᠶᠠᠯᠴᠠᠬᠤ ᠪᠣᠯᠤᠮᠵᠢ ᠨᠡᠭᠡᠭᠡᠭ᠍ᠳᠡᠬᠦ ᠶᠤᠮ᠃
ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠫᠠᠮᠧᠯᠠ ᠾᠠᠮᠢᠯᠲ᠋ᠤᠨ  ᠴᠢᠭᠤᠯᠭ᠎ᠠ ᠠᠭᠤᠯᠵᠠᠯᠲᠠ ᠢᠢᠨ ᠪᠡᠯᠡᠳᠬᠡᠯ ᠠᠵᠢᠯ ᠤᠨ ᠬᠦᠷᠢᠶᠡᠨ ᠳᠥ ᠪᠦᠬᠦ ᠲᠠᠯ᠎ᠠ ᠪᠠᠷ ᠳᠡᠮᠵᠢᠯᠭᠡ ᠦᠵᠡᠭᠦᠯᠵᠦ ᠬᠠᠮᠲᠤᠷᠠᠨ ᠠᠵᠢᠯᠯᠠᠭᠰᠠᠨ ᠳᠤ ᠲᠠᠯᠠᠷᠬᠠᠯ ᠢᠯᠡᠷᠬᠡᠢᠢᠯᠡᠪᠡ᠃

ᠳᠡᠯᠡᠬᠡᠢ ᠢᠢᠨ ᠡᠺᠰᠫᠣᠷᠲ ᠢ ᠳᠡᠮᠵᠢᠬᠦ 20 ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠢᠢ 《ᠨᠣᠭᠣᠭᠠᠨ ᠬᠤᠳᠠᠯᠳᠤᠭ᠎ᠠ ᠢᠢ ᠲᠥᠷᠦᠯᠵᠢᠭᠦᠯᠬᠦ ᠨᠢ᠄ ᠣᠷᠭᠠᠨᠢᠭ᠂ ᠳ᠋ᠢᠵᠢᠲ᠋ᠠᠯ᠎᠂ ᠲᠣᠭᠲᠠᠪᠤᠷᠢᠲᠠᠢ》 ᠰᠡᠳᠦᠪ ᠦᠨ ᠬᠦᠷᠢᠶᠡᠨ ᠳᠥ ᠮᠣᠩ᠋ᠭᠣᠯ ᠤᠯᠤᠰ ᠲᠤ ᠵᠣᠬᠢᠶᠠᠨ ᠪᠠᠢᠢᠭᠤᠯᠵᠤ᠂ ᠨᠣᠭᠣᠭᠠᠨ ᠪᠣᠯᠤᠨ ᠴᠠᠬᠢᠮ ᠬᠤᠳᠠᠯᠳᠤᠭ᠎ᠠ ᠢᠢ ᠨᠡᠮᠡᠭᠳᠡᠭᠦᠯᠬᠦ᠂ ᠡᠳ᠋ ᠍ ᠦᠨ ᠵᠠᠰᠠᠭ ᠢ ᠲᠥᠷᠦᠯᠵᠢᠭᠦᠯᠬᠦ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠤᠶᠠᠯᠳᠤᠭ᠎ᠠ ᠬᠣᠯᠪᠣᠭ᠎ᠠ ᠢᠢ ᠰᠠᠢᠢᠵᠢᠷᠠᠭᠤᠯᠬᠤ ᠵᠡᠷᠭᠡ ᠠᠰᠠᠭᠤᠳᠠᠯ ᠢ ᠬᠥᠨᠳᠡᠵᠦ ᠪᠤᠢ ᠨᠢ ᠥᠨᠳᠦᠷ ᠠᠴᠢ ᠬᠣᠯᠪᠣᠭᠳᠠᠯ ᠲᠠᠢ ᠭᠡᠳᠡᠭ ᠢ ᠲᠡᠮᠳᠡᠭᠯᠡᠯ ᠡ᠃ 

ᠣᠯᠠᠨ ᠤᠯᠤᠰ ᠤᠨ ᠬᠤᠳᠠᠯᠳᠤᠭᠠᠨ ᠤ ᠲᠥᠪ ᠨᠢ ᠮᠣᠩ᠋ᠭᠣᠯ ᠤᠯᠤᠰ ᠤᠨ ᠦᠨᠳᠦᠰᠦᠨ ᠦ ᠡᠺᠰᠫᠣᠷᠲ ᠤᠨ ᠰᠲ᠋ᠷᠠᠲ᠋ᠧᠭᠢ ᠢᠢ ᠪᠣᠯᠪᠠᠰᠤᠷᠠᠭᠤᠯᠬᠤ ᠳᠤ ᠳᠡᠮᠵᠢᠯᠭᠡ ᠦᠵᠡᠭᠦᠯᠵᠦ ᠪᠠᠢᠢᠨ᠎ᠠ᠃ ᠴᠢᠨᠠᠭᠰᠢᠳᠠ ᠮᠣᠩ᠋ᠭᠣᠯ ᠤᠯᠤᠰ ᠤᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ᠂ ᠤᠷᠲᠤ ᠬᠤᠭᠤᠴᠠᠭᠠᠨ ᠤ ᠪᠣᠳᠣᠯᠭ᠎ᠠ ᠢᠢᠨ ᠬᠡᠷᠡᠭᠵᠢᠯᠲᠡ ᠳᠥ ᠪᠦᠬᠦ ᠲᠠᠯ᠎ᠠ ᠪᠠᠷ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠭᠦᠢᠴᠡᠳᠭᠡᠬᠦ ᠵᠠᠬᠢᠷᠤᠯ ᠫᠠᠮᠧᠯᠠ ᠾᠠᠮᠢᠯᠲ᠋ᠤᠨ  ᠢᠯᠡᠷᠬᠡᠢᠢᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠯᠠᠨ ᠤᠯᠤᠰ ᠤᠨ ᠬᠤᠳᠠᠯᠳᠤᠭᠠᠨ ᠤ ᠲᠥᠪ ᠨᠢ ᠬᠤᠳᠠᠯᠳᠤᠭ᠎ᠠ ᠢᠢ ᠳᠡᠮᠵᠢᠬᠦ᠂ ᠡᠺᠰᠫᠣᠷᠲ ᠤᠨ ᠴᠢᠳᠠᠪᠬᠢ᠎ ᠢᠢ ᠨᠡᠮᠡᠭᠳᠡᠭᠦᠯᠬᠦ᠂ ᠲᠥᠷᠦᠯᠵᠢᠭᠦᠯᠬᠦ᠂ ᠭᠠᠳᠠᠭᠠᠳᠤ ᠢᠢᠨ ᠬᠥᠷᠥᠩ᠋ᠭᠡ ᠣᠷᠣᠭᠤᠯᠤᠯᠲᠠ ᠢᠢ ᠲᠠᠲᠠᠬᠤ ᠴᠢᠭᠯᠡᠯ ᠳᠥ ᠮᠣᠩ᠋ᠭᠣᠯ ᠤᠯᠤᠰ ᠲᠤ ᠴᠢᠬᠤᠯᠠ ᠠᠵᠢᠯ ᠤᠳ ᠢ ᠬᠡᠷᠡᠭᠵᠢᠭᠦᠯᠵᠦ ᠢᠷᠡᠭᠰᠡᠨ ᠣᠢᠢᠷ᠎ᠠ ᠢᠢᠨ ᠲᠦᠩᠰᠢ ᠪᠠᠢᠢᠭᠤᠯᠤᠯᠭ᠎ᠠ ᠭᠡᠳᠡᠭ ᠢ ᠲᠡᠮᠳᠡᠭᠯᠡᠯ ᠡ᠃ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠪᠦᠬᠦ ᠲᠠᠯ᠎ᠠ ᠪᠠᠷ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠳᠤ ᠨᠡᠭᠡᠭᠡᠯᠲᠡ ᠲᠡᠢ ᠭᠡᠳᠡᠭ ᠢᠶᠡᠨ ᠬᠡᠯᠡᠪᠡ᠃