Та "Internet explorer"-ийн сүүлийн хувилбар болох "Microsoft edge"-г ашиглана уу

Хэрэв "Microsoft edge"-г татах бол энд дарж татаж авна уу

20 ᠳ᠋ᠠᠬᠢ ᠤᠳᠠᠭ᠎ᠠ ᠢᠢᠨ 《ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ》 ᠥᠨᠳᠦᠷᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠰᠠᠨ 20 ᠳ᠋ᠠᠬᠢ ᠤᠳᠠᠭ᠎ᠠ ᠢᠢᠨ 《ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ》 《ᠨᠣᠭᠣᠭᠠᠨ ᠬᠤᠳᠠᠯᠳᠤᠭ᠎ᠠ ᠢᠢ ᠲᠥᠷᠦᠯᠵᠢᠭᠦᠯᠬᠦ ᠨᠢ᠄ ᠣᠷᠭᠠᠨᠢᠭ᠂ ᠳ᠋ᠢᠵᠢᠲ᠋ᠠᠯ᠎᠂ ᠲᠣᠭᠲᠠᠪᠤᠷᠢᠲᠠᠢ》 ᠰᠡᠳᠦᠪ ᠦᠨ ᠳᠣᠣᠷ᠎ᠠ ᠪᠣᠯᠵᠤ ᠥᠨᠳᠥᠷᠯᠡᠯ᠎ᠡ᠃

ᠴᠢᠭᠤᠯᠭ᠎ᠠ ᠠᠭᠤᠯᠵᠠᠯᠲᠠ ᠪᠠᠷ ᠨᠣᠭᠣᠭᠠᠨ ᠡᠳ᠋ ᠍ ᠦᠨ ᠵᠠᠰᠠᠭ᠂ ᠬᠤᠳᠠᠯᠳᠤᠭ᠎ᠠ᠂ ᠡᠺᠰᠫᠣᠷᠲ ᠢ ᠳᠡᠮᠵᠢᠬᠦ᠂ ᠵᠢᠵᠢᠭ᠂ ᠳᠤᠮᠳᠠ ᠪᠢᠽᠨ᠋ᠧᠰ ᠡᠷᠬᠢᠯᠡᠭᠴᠢᠳ ᠲᠡᠷᠡ ᠳᠤᠮᠳᠠ ᠪᠠᠨ ᠡᠮᠡᠭᠲᠡᠢᠢᠴᠦᠳ᠂ ᠵᠠᠯᠠᠭᠤᠴᠤᠳ ᠤᠨ ᠪᠢᠽᠨ᠋ᠧᠰ ᠡᠷᠬᠢᠯᠡᠬᠦ ᠲᠠᠭᠠᠲᠠᠢ ᠣᠷᠴᠢᠨ ᠢ ᠪᠦᠷᠢᠳᠦᠭᠦᠯᠬᠦ᠂ ᠴᠠᠬᠢᠮ ᠰᠡᠢᠢᠳᠦᠯ ᠦᠳ ᠢ ᠰᠠᠨᠠᠯ ᠪᠣᠯᠭᠠᠬᠤ᠂ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠪᠣᠯᠤᠨ ᠪᠦᠰᠡ ᠨᠤᠲᠤᠭ᠂ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠰᠢᠨ᠎ᠡ ᠵᠠᠬ᠎ᠠ ᠵᠡᠭᠡᠯᠢ᠂ ᠰᠢᠨ᠎ᠡ ᠪᠣᠯᠤᠮᠵᠢ ᠢᠢ ᠬᠡᠯᠡᠯᠴᠡᠯ᠎ᠡ᠃

ᠴᠢᠭᠤᠯᠭ᠎ᠠ ᠠᠭᠤᠯᠵᠠᠯᠲᠠ ᠢᠢᠨ ᠡᠬᠢᠨ ᠦ ᠡᠳᠦᠷ ᠪᠤᠶᠤ 2023 ᠣᠨ ᠤ 06 ᠳ᠋ᠤᠭᠠᠷ ᠰᠠᠷ᠎ᠠ ᠢᠢᠨ 26 ᠍ ᠳᠤ ᠳᠠᠯᠠᠢ ᠳᠤ ᠭᠠᠷᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ ᠤᠨ ᠪᠢᠽᠨ᠋ᠧᠰ ᠡᠷᠬᠢᠯᠡᠭᠴᠢᠳ ᠦᠨ ᠵᠥᠪᠯᠡᠯᠳᠦᠬᠦ ᠠᠭᠤᠯᠵᠠᠯᠲᠠ᠂ ᠬᠤᠳᠠᠯᠳᠤᠭᠠᠨ ᠤ ᠳᠡᠳ᠋ ᠪᠦᠲᠦᠴᠡ᠂ ᠪᠥᠰᠡ ᠨᠤᠲᠤᠭ ᠤᠨ ᠬᠣᠯᠪᠣᠯᠲᠠ᠂ ᠬᠤᠳᠠᠯᠳᠤᠭ᠎ᠠ ᠢᠢ ᠬᠦᠷᠲᠡᠭᠡᠮᠵᠢᠲᠡᠢ ᠬᠥᠩ᠋ᠭᠡᠪᠴᠢᠯᠡᠬᠦ ᠵᠡᠷᠭᠡ ᠰᠡᠳᠦᠪ ᠢᠶᠡᠷ ᠳᠤᠭᠤᠢ ᠰᠢᠷᠡᠭᠡᠨ ᠦ ᠠᠭᠤᠯᠵᠠᠯᠲᠠ ᠪᠣᠯᠤᠭᠰᠠᠨ᠃

ᠬᠣᠶᠠᠷ ᠳ᠋ᠠᠬᠢ ᠡᠳᠦᠷ ᠦᠨ ᠠᠭᠤᠯᠵᠠᠯᠲᠠ ᠪᠠᠷ ᠵᠠᠯᠠᠭᠤᠴᠤᠳ ᠤᠨ ᠪᠢᠽᠨ᠋ᠧᠰ᠂ ᠡᠷᠬᠢᠯᠡᠯᠲᠡ ᠢᠢ ᠨᠡᠮᠡᠭᠳᠡᠭᠦᠯᠬᠦ ᠰᠡᠳᠦᠪ ᠢᠶᠡᠷ ᠬᠡᠯᠡᠯᠴᠡᠭᠦᠯᠭᠡ ᠥᠷᠨᠢᠭᠦᠯᠵᠦ᠂ ᠨᠣᠭᠣᠭᠠᠨ ᠪᠢᠽᠨ᠋ᠧᠰ ᠪᠣᠯᠤᠨ ᠲᠥᠰᠦᠯ ᠦᠳ ᠢ ᠲᠠᠨᠢᠯᠴᠠᠭᠤᠯᠬᠤ ᠲᠡᠮᠡᠴᠡᠭᠡᠨ ᠪᠣᠯᠵᠠᠢ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠴᠢᠭᠤᠯᠭ᠎ᠠ ᠠᠭᠤᠯᠵᠠᠯᠲᠠ ᠢᠢ ᠬᠠᠭᠠᠵᠤ ᠬᠡᠯᠡᠭᠰᠡᠨ ᠦᠭᠡᠨ ᠳᠥ ᠪᠡᠨ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢ ᠨᠣᠭᠣᠭᠠᠨ᠂ ᠴᠠᠬᠢᠮ᠂ ᠣᠷᠭᠠᠨᠢᠭ ᠪᠠᠢᠢᠳᠠᠯ ᠢᠶᠠᠷ ᠲᠥᠷᠦᠯᠵᠢᠭᠦᠯᠬᠦ᠂ ᠪᠢᠴᠢᠯ᠂ ᠵᠢᠵᠢᠭ᠂ ᠳᠤᠮᠳᠠ ᠦᠢᠯᠡᠳᠪᠦᠷᠢᠯᠡᠭᠴᠢᠳ ᠦᠨ ᠤᠶᠠᠯᠳᠤᠭ᠎ᠠ ᠬᠣᠯᠪᠣᠭ᠎ᠠ ᠢᠢ ᠰᠠᠢᠢᠵᠢᠷᠠᠭᠤᠯᠬᠤ ᠣᠯᠠᠨ ᠠᠭᠤᠯᠵᠠᠯᠲᠠ ᠪᠣᠯᠵᠤ᠂ ᠠᠵᠤ ᠠᠬᠤᠢ ᠢᠢᠨ ᠨᠢᠭᠡᠴᠡ ᠨᠦᠭᠦᠳ 4.5 ᠰᠠᠶ᠎ᠠ ᠠᠮ᠂ ᠳ᠋ᠣᠯᠯᠠᠷ ᠤᠨ ᠦᠨ᠎ᠡ ᠢᠢᠨ ᠳ᠋ᠦᠩ ᠪᠦᠬᠦᠢ ᠶᠠᠷᠢᠶ᠎ᠠ ᠬᠡᠯᠡᠴᠡᠯ ᠬᠡᠢᠢᠨ᠂ 20 ᠣᠷᠴᠢᠮ ᠠᠵᠤ ᠠᠬᠤᠢ ᠢᠢᠨ ᠨᠢᠭᠡᠴᠡ ᠴᠢᠨᠠᠭᠰᠢᠳᠠ ᠬᠠᠮᠲᠤᠷᠠᠨ ᠠᠵᠢᠯᠯᠠᠬᠤ ᠪᠠᠷ ᠪᠣᠯᠤᠭᠰᠠᠨ ᠢ ᠲᠣᠳᠣᠳᠬᠠᠪᠠ᠃

ᠴᠢᠭᠤᠯᠭ᠎ᠠ ᠠᠭᠤᠯᠵᠠᠯᠲᠠ ᠢᠢᠨ ᠦᠶ᠎ᠡ ᠪᠡᠷ ᠵᠠᠯᠠᠭᠤ ᠪᠢᠽᠨ᠋ᠧᠰ ᠡᠷᠬᠢᠯᠡᠭᠴᠢᠳ ᠨᠣᠭᠣᠭᠠᠨ ᠭᠠᠷᠠᠭᠠᠨ ᠤ ᠪᠢᠽᠨ᠋ᠧᠰ ᠢᠶᠡᠨ ᠲᠠᠨᠢᠯᠴᠠᠭᠤᠯᠤᠨ ᠥᠷᠢᠰᠦᠯᠳᠦᠵᠦ᠂ 《ᠡᠺᠣᠫᠷᠧᠨᠧᠷ᠂ ᠪᠠᠢᠢᠭᠠᠯᠢ ᠣᠷᠴᠢᠨ ᠤ ᠨᠥᠬᠦᠨ ᠰᠡᠷᠭᠦᠭᠡᠯᠲᠡ ᠢᠢᠨ ᠱᠠᠩᠨᠠᠯ ᠤᠨ ᠡᠵᠡᠳ ᠢ》 ᠰᠢᠯᠭᠠᠷᠠᠭᠤᠯᠤᠭᠰᠠᠨ ᠪᠠᠢᠢᠨ᠎ᠠ᠃
ᠮᠥᠨ ᠣᠯᠠᠨ ᠤᠯᠤᠰ ᠤᠨ ᠬᠤᠳᠠᠯᠳᠤᠭᠠᠨ ᠤ ᠲᠥᠪ 《ᠡᠮᠡᠭᠲᠡᠢᠢᠴᠦᠳ ᠦᠨ ᠬᠤᠳᠠᠯᠳᠤᠭ᠎ᠠ ᠢᠢ ᠳᠡᠮᠵᠢᠬᠦ ᠲᠥᠪ》 ᠍ ᠪᠡᠨ ᠮᠣᠩ᠋ᠭᠣᠯ ᠤᠯᠤᠰ ᠲᠤ ᠠᠯᠪᠠᠨ ᠶᠣᠰᠣᠭᠠᠷ ᠨᠡᠭᠡᠭᠡᠯ᠎ᠡ᠃

《ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ》 ᠍ ᠲᠤ ᠳᠡᠯᠡᠬᠡᠢ ᠢᠢᠨ 70 ᠣᠷᠣᠨ ᠤ 600 ᠭᠠᠷᠤᠢ ᠲᠥᠯᠦᠭᠡᠯᠡᠭᠴᠢ ᠣᠷᠣᠯᠴᠠᠭᠰᠠᠨ ᠪᠥᠭᠡᠳ ᠬᠡᠯᠡᠯᠴᠡᠭᠦᠯᠭᠡ᠂ ᠠᠭᠤᠯᠵᠠᠯᠲᠠ ᠨᠤᠭᠤᠳ ᠠᠴᠠ ᠭᠠᠷᠤᠭᠰᠠᠨ ᠦᠷ᠎ᠡ ᠳ᠋ᠦᠩ ᠢ ᠨᠢᠭᠡᠳᠬᠡᠨ᠂ 2023 ᠣᠨ ᠤ ᠰᠡᠭᠦᠯ ᠢᠢᠡᠷ ᠡᠬᠢᠯᠡᠭᠦᠯᠬᠦ ᠦᠨᠳᠦᠰᠦᠨ ᠦ ᠡᠺᠰᠫᠣᠷᠲ ᠤᠨ ᠰᠲ᠋ᠷᠠᠲ᠋ᠧᠭᠢ ᠳᠤ ᠲᠤᠰᠬᠠᠬᠤ ᠶᠤᠮ᠃

ᠴᠢᠭᠤᠯᠭ᠎ᠠ ᠠᠭᠤᠯᠵᠠᠯᠲᠠ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠣᠯᠠᠨ ᠤᠯᠤᠰ ᠤᠨ ᠬᠤᠳᠠᠯᠳᠤᠭᠠᠨ ᠤ ᠲᠥᠪ ᠬᠠᠮᠲᠤᠷᠠᠨ ᠵᠣᠬᠢᠶᠠᠨ ᠪᠠᠢᠢᠭᠤᠯᠤᠯ᠎ᠠ᠃