Та "Internet explorer"-ийн сүүлийн хувилбар болох "Microsoft edge"-г ашиглана уу

Хэрэв "Microsoft edge"-г татах бол энд дарж татаж авна уу

ᠠᠷᠠᠳ ᠤᠨ ᠵᠦᠵᠦᠭᠡᠴᠢᠨ᠂ ᠺᠢᠨᠤ‍ ᠨᠠᠶᠢᠷᠠᠭᠤᠯᠤᠭᠴᠢ ᠭᠤ‍᠂ ᠵᠢᠭᠵᠢᠳᠰᠦ᠋ᠷᠦᠩ ᠳᠥ ᠬᠥᠳᠡᠯᠮᠦᠷᠢ ᠶᠢᠨ ᠪᠠᠭᠠᠲᠤᠷ ᠴᠣᠯᠠ ᠬᠦᠷᠲᠡᠭᠡᠪᠡ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠵᠠᠷᠯᠢᠭ ᠭᠠᠷᠭᠠᠨ ᠮᠣᠩ᠋ᠭᠣᠯ ᠤᠨ ᠠᠷᠠᠳ ᠲᠦᠮᠡᠨ ᠦ ᠰᠡᠳᠬᠢᠯ ᠵᠢᠷᠦᠬᠡᠨ ᠳᠥ ᠬᠣᠨᠣᠭᠰᠢᠭᠰᠠᠨ ᠣᠯᠠᠨ ᠠᠷᠪᠠᠨ ᠳᠡᠯᠭᠡᠴᠡ ᠶᠢᠨ ᠪᠦᠲᠦᠭᠡᠯ ᠢ ᠨᠠᠶᠢᠷᠠᠭᠤᠯᠤᠨ ᠦᠵᠡᠭᠴᠢᠳ ᠦᠨ ᠬᠦᠷᠲᠡᠭᠡᠯ ᠪᠣᠯᠭᠠᠵᠤ᠂ ᠤᠷᠠᠯᠢᠭ ᠰᠤᠳᠤᠯᠤᠯ᠂ ᠡᠷᠳᠡᠮ ᠰᠢᠨᠵᠢᠯᠡᠭᠡᠨ ᠦ ᠥᠭᠦᠯᠡᠯ᠂ ᠰᠢᠭᠦᠮᠵᠢ ᠪᠢᠴᠢᠨ᠂ ᠺᠢᠨᠣ᠋ ᠤᠷᠠᠯᠢᠭ ᠤᠨ ᠰᠠᠯᠪᠤᠷᠢ ᠶᠢᠨ ᠮᠡᠷᠭᠡᠵᠢᠯᠲᠡᠨ ᠨᠦᠭᠦᠳ ᠢ ᠪᠡᠯᠡᠳᠬᠡᠬᠦ ᠳᠥ ᠮᠡᠳᠡᠯᠭᠡ ᠴᠢᠳᠠᠪᠤᠷᠢ ᠪᠠᠨ ᠳᠠᠶᠢᠴᠢᠯᠠᠨ ᠠᠵᠢᠯᠯᠠᠵᠤ᠂ ᠰᠤᠶᠤᠯ ᠤᠨ ᠪᠦᠲᠦᠭᠡᠯᠴᠢ ᠦᠢᠯᠡᠳᠪᠦᠷᠢᠯᠡᠯ ᠢ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ᠂ ᠺᠢᠨᠣ᠋ ᠤᠷᠠᠯᠢᠭ ᠤᠨ ᠳᠡᠭᠡᠳᠦ ᠰᠤᠷᠭᠠᠭᠤᠯᠢ ᠶᠢᠨ ᠪᠠᠭᠰᠢ᠂ ᠮᠣᠩ᠋ᠭᠣᠯ ᠤᠯᠤᠰ ᠤᠨ ᠠᠷᠠᠳ ᠤᠨ ᠵᠦᠵᠦᠭᠡᠴᠢᠨ᠂ ᠺᠢᠨᠣ᠋ ᠨᠠᠶᠢᠷᠠᠭᠤᠯᠤᠭᠴᠢ ᠭᠣᠮᠪᠣᠵᠠᠪ ᠤᠨ ᠵᠢᠭᠵᠢᠳᠰᠦ᠋ᠷᠦᠩ ᠳᠥ ᠮᠣᠩ᠋ᠭᠣᠯ ᠤᠯᠤᠰ ᠤᠨ ᠬᠥᠳᠡᠯᠮᠦᠷᠢ ᠶᠢᠨ ᠪᠠᠭᠠᠲᠤᠷ ᠴᠣᠯᠠ ᠬᠦᠷᠲᠡᠭᠡᠵᠦ᠂ 《ᠠᠯᠲᠠᠨ ᠰᠣᠶᠣᠩᠪᠣ》 ᠲᠡᠮᠳᠡᠭ᠂ ᠰᠦᠬᠡᠪᠠᠭᠠᠲᠤᠷ ᠤᠨ ᠣᠳᠣᠨ ᠢᠶᠠᠷ ᠱᠠᠩᠨᠠᠯ᠎ᠠ᠃

ᠠᠷᠠᠳ ᠤᠨ ᠪᠠᠭᠰᠢ ᠴᠣᠯᠠ ᠪᠠᠷ᠄

ᠮᠣᠩ᠋ᠭᠣᠯ ᠤᠯᠤᠰ ᠤᠨ ᠶᠡᠬᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠵᠦᠪᠯᠡᠬᠦ ᠫᠷᠣᠹᠧᠰᠰᠣᠷ᠂ ᠮᠣᠩ᠋ᠭᠣᠯ ᠤᠯᠤᠰ ᠤᠨ ᠭᠠᠪᠢᠶᠠᠲᠤ ᠪᠠᠭᠰᠢ ᠳᠠᠶᠢᠴᠢᠢ᠎ᠠ ᠶᠢᠨ ᠳᠣᠷᠵᠢ᠂

ᠰᠢᠨᠵᠢᠯᠡᠬᠦ ᠤᠬᠠᠭᠠᠨ ᠤ ᠭᠠᠪᠢᠶᠠᠲᠤ ᠵᠢᠳᠬᠦᠯᠲᠡᠨ ᠴᠣᠯᠠ ᠪᠠᠷ᠄

ᠰᠢᠨᠵᠢᠯᠡᠬᠦ ᠤᠬᠠᠭᠠᠨ ᠤ ᠠᠺᠠᠳᠧᠮᠢ ᠶᠢᠨ ᠬᠢᠮᠢ᠂ ᠬᠢᠮᠢ ᠶᠢᠨ ᠲᠧᠭᠨᠣᠯᠣᠭᠢ ᠶᠢᠨ ᠬᠦᠷᠢᠶᠡᠯᠡᠩ ᠦᠨ ᠲᠥᠰᠥᠯ ᠦᠨ ᠤᠳᠤᠷᠢᠳᠤᠭᠴᠢ᠂ ᠳ᠋ᠣᠺᠲ᠋ᠣᠷ ᠵᠢᠭᠵᠢᠳᠰᠦ᠋ᠷᠦᠩ ᠦᠨ ᠳᠤᠭᠠᠷᠵᠠᠪ᠂
ᠰᠤᠶᠤᠯ ᠤᠨ ᠭᠠᠪᠢᠶᠠᠲᠤ ᠵᠢᠳᠬᠦᠯᠲᠡᠨ ᠴᠣᠯᠠ ᠪᠠᠷ᠄

ᠬᠢᠯᠢ ᠬᠠᠮᠠᠭᠠᠯᠠᠬᠤ ᠶᠡᠷᠦᠩᠬᠡᠢ ᠭᠠᠵᠠᠷ ᠤᠨ ᠬᠢᠯᠢ ᠶᠢᠨ ᠲᠡᠦᠬᠡ ᠶᠢᠨ ᠮᠦᠽᠧᠢ ᠶᠢᠨ ᠡᠷᠬᠢᠯᠡᠭᠴᠢ ᠠᠰᠠᠨ᠂ ᠪᠡᠯᠡᠳᠬᠡᠯ ᠬᠤᠷᠠᠨᠭᠳᠠ ᠭᠣᠨᠴᠣᠭ ᠤᠨ ᠬᠥᠦᠵᠢᠢ᠂
ᠭᠠᠪᠢᠶᠠᠲᠤ ᠪᠠᠭᠰᠢ ᠴᠣᠯᠠ ᠪᠠᠷ᠄

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠭᠧᠣᠯᠣᠭᠢ᠂ ᠠᠭᠤᠯᠠ ᠠᠭᠤᠷᠬᠠᠢ ᠶᠢᠨ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷ ᠮᠦᠰᠲ᠋ᠠᠹᠠ ᠶᠢᠨ ᠠᠯᠧᠢ᠂
ᠤᠷᠠᠯᠢᠭ ᠤᠨ ᠭᠠᠪᠢᠶᠠᠲᠤ ᠵᠢᠳᠬᠦᠯᠲᠡᠨ ᠴᠣᠯᠠ ᠪᠠᠷ᠄

ᠤᠯᠠᠭᠠᠨᠪᠠᠭᠠᠲᠤᠷ ᠲᠢᠶᠠᠲ᠋ᠷ ᠤᠨ ᠶᠡᠷᠦᠩᠬᠡᠢ ᠨᠠᠶᠢᠷᠠᠭᠤᠯᠤᠭᠴᠢ ᠫᠤᠨᠴᠠᠭ ᠤᠨ ᠤᠷᠠᠨ᠎ᠠ᠂
ᠭᠠᠪᠢᠶᠠᠲᠤ ᠡᠳ᠋ ᠍ ᠦᠨ ᠵᠠᠰᠠᠭᠴᠢ ᠴᠣᠯᠠ ᠪᠠᠷ᠄

ᠮᠣᠩ᠋ᠭᠣᠯ ᠤᠯᠤᠰ ᠤᠨ ᠲᠠᠲᠠᠪᠤᠷᠢ ᠶᠢᠨ ᠮᠡᠷᠭᠡᠰᠢᠭᠰᠡᠨ ᠵᠥᠪᠯᠡᠬᠦ ᠶᠢᠨ ᠨᠡᠶᠢᠭᠡᠮᠯᠢᠭ᠌ ᠦᠨ ᠤᠳᠤᠷᠢᠳᠬᠤ ᠵᠥᠪᠯᠡᠯ ᠦᠨ ᠳᠠᠷᠤᠭ᠎ᠠ᠂ ᠮᠡᠷᠭᠡᠰᠢᠭᠰᠡᠨ ᠨᠢᠬᠲᠠᠯᠠᠨ ᠪᠣᠳᠣᠭᠴᠢ ᠭᠦᠩᠰᠡᠩ ᠦᠨ ᠠᠯᠲᠠᠨᠵᠠᠶᠠᠭ᠎ᠠ᠂
ᠬᠦᠮᠦᠨ ᠦ ᠭᠠᠪᠢᠶᠠᠲᠤ ᠡᠮᠴᠢ ᠴᠣᠯᠠ ᠪᠠᠷ᠄

ᠨᠡᠶᠢᠰᠯᠡᠯ ᠦᠨ ᠬᠠᠨ-ᠠᠭᠤᠯᠠ ᠳᠡᠭᠦᠷᠭᠡ ᠶᠢᠨ ᠡᠷᠡᠭᠦᠯ ᠮᠡᠨᠳᠦ ᠶᠢᠨ ᠲᠥᠪ ᠦᠨ ᠬᠡᠦᠬᠡᠳ ᠦᠨ ᠡᠮᠨᠡᠯᠭᠡ ᠶᠢᠨ ᠡᠷᠬᠢᠯᠡᠭᠴᠢ ᠠᠰᠠᠨ᠂ ᠬᠡᠦᠬᠡᠳ ᠦᠨ ᠶᠡᠬᠡ ᠡᠮᠴᠢ ᡀᠠᠮᠣᠰᠦ᠋ᠷᠦᠩ ᠦᠨ ᠵᠣᠯᠵᠠᠶᠠᠭ᠎ᠠ᠂
ᠠᠨᠠᠭᠠᠬᠤ ᠶᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠶᠢᠨ 《ᠮᠣᠩ᠋ᠭᠣᠯ ᠠᠨᠠᠭᠠᠬᠤ ᠤᠬᠠᠭᠠᠨ ᠤ ᠲᠥᠪ》 ᠡᠮᠨᠡᠯᠭᠡ ᠶᠢᠨ ᠵᠦᠪᠯᠡᠬᠦ ᠡᠮᠴᠢ᠂ ᠠᠨᠠᠭᠠᠬᠤ ᠤᠬᠠᠭᠠᠨ ᠤ ᠳ᠋ᠣᠺᠲ᠋ᠣᠷ ᠰᠦᠷᠥᠨᠭᠵᠢᠳ ᠦᠨ ᠰᠡᠭᠡᠰᠡᠷᠡᠭᠳᠣᠷᠵᠢ᠂

ᠭᠠᠪᠢᠶᠠᠲᠤ ᠵᠦᠵᠦᠭᠡᠴᠢᠨ ᠴᠣᠯᠠ ᠪᠠᠷ᠄

ᠬᠢᠯᠢ ᠶᠢᠨ ᠴᠡᠷᠢᠭ ᠦᠨ ᠳᠠᠭᠤᠤ ᠪᠦᠵᠢᠭ᠌ ᠦᠨ ᠴᠢᠭᠤᠯᠭ᠎ᠠ ᠶᠢᠨ ᠠᠬᠠᠮᠠᠳ ᠤᠷᠠᠨ ᠪᠦᠲᠦᠭᠡᠯᠴᠢ᠂ ᠪᠦᠵᠢᠭ᠍ᠴᠢᠨ ᠴᠡᠷᠡᠩᠳᠣᠷᠵᠢ ᠶᠢᠨ ᠡᠷᠳᠡᠨᠢᠴᠢᠮᠡᠭ᠂
ᠭᠠᠪᠢᠶᠠᠲᠤ ᠬᠠᠤᠯᠢᠴᠢ ᠴᠣᠯᠠ ᠪᠠᠷ᠄

ᠮᠣᠩ᠋ᠭᠣᠯ ᠤᠨ ᠥᠮᠥᠭᠡᠯᠡᠭᠴᠢᠳ ᠦᠨ ᠬᠣᠯᠪᠣᠭᠠᠨ ᠤ ᠶᠡᠷᠦᠩᠬᠡᠶᠢᠯᠡᠭᠴᠢ ᠠᠰᠠᠨ᠂ ᠬᠠᠤᠯᠢᠴᠢ᠂ ᠥᠮᠥᠭᠡᠯᠡᠭᠴᠢ ᠪᠠᠨᠽᠠᠷᠷᠠᠭᠴᠠ ᠶᠢᠨ ᠭᠠᠩᠪᠠᠭᠠᠲᠤᠷ᠂
ᠠᠵᠤ ᠦᠢᠯᠡᠳᠪᠦᠷᠢ ᠶᠢᠨ ᠭᠠᠪᠢᠶᠠᠲᠤ ᠠᠵᠢᠯᠲᠠᠨ ᠴᠣᠯᠠ ᠪᠠᠷ᠄

《ᠬᠣᠪᠳᠣ ᠡᠺᠣ ᠼᠧᠮᠧᠨᠲ》 ᠲᠥᠰᠥᠯ ᠦᠨ ᠵᠠᠬᠢᠷᠤᠯ ᠰᠠᠨᠳᠠᠭ ᠤᠨ ᠪᠠᠯᠵᠢᠨᠨᠢᠮ᠎ᠠ᠂
ᠭᠠᠪᠢᠶᠠᠲᠤ ᠪᠠᠷᠢᠯᠭᠠᠴᠢᠨ ᠴᠣᠯᠠ ᠪᠠᠷ᠄

ᠪᠠᠷᠢᠯᠭ᠎ᠠ ᠶᠢᠨ ᠬᠥᠭ᠍ᠵᠢᠯ ᠦᠨ ᠲᠥᠪ ᠦᠨ ᠵᠦᠪᠯᠡᠬᠦ᠂ ᠲᠥᠰᠥᠪ ᠦᠨ ᠰᠤᠷᠭᠠᠯᠲᠠ ᠶᠢᠨ ᠪᠠᠭᠰᠢ ᠪᠣᠷᠣᠬᠦᠦ ᠶᠢᠨ ᠰᠠᠷᠠᠨᠲᠤᠶᠠᠭ᠎ᠠ
ᠦᠢᠯᠡᠴᠢᠯᠡᠭᠡᠨ ᠦ ᠭᠠᠪᠢᠶᠠᠲᠤ ᠠᠵᠢᠯᠲᠠᠨ ᠴᠣᠯᠠ ᠪᠠᠷ᠄

《ᠮᠣᠩ᠋ᠭᠣᠯ ᠤᠨ ᠢᠷᠭᠡᠨ ᠦ ᠠᠭᠠᠷ ᠤᠨ ᠲᠡᠭᠡᠭᠡᠪᠦᠷᠢ》 ᠲᠥᠷᠥ ᠶᠢᠨ ᠥᠮᠴᠢᠲᠤ ᠬᠤᠪᠢᠴᠠᠭᠠᠲᠤ ᠺᠣᠮᠫᠠᠨᠢ ᠶᠢᠨ ᠠᠭᠠᠷ ᠤᠨ ᠬᠥᠯᠭᠡ ᠶᠢᠨ ᠵᠠᠰᠠᠪᠤᠷᠢ ᠦᠢᠯᠡᠴᠢᠯᠡᠭᠡᠨ ᠦ ᠭᠠᠵᠠᠷ ᠤᠨ ᠲᠧᠭᠨᠢᠭ ᠦᠨ ᠦᠢᠯᠡᠴᠢᠯᠡᠭᠡᠨ ᠦ ᠬᠡᠯᠲᠡᠰ ᠦᠨ ᠠᠬᠠᠯᠠᠬᠤ ᠢᠨᠵᠧᠨᠧᠷ ᠲᠥᠪᠡᠳ ᠦᠨ ᠠᠶᠤᠱᠢ᠂
ᠬᠢᠯᠢ ᠶᠢᠨ ᠴᠡᠷᠢᠭ ᠦᠨ ᠳ᠋ᠤᠭᠠᠷ ᠠᠩᠬᠢ ᠶᠢᠨ ᠡᠰᠬᠡᠭᠦᠷᠴᠢᠨ ᠭᠣᠮᠪᠣᠵᠠᠪ ᠤᠨ ᠬᠠᠨᠳᠠ᠂
ᠮᠣᠩ᠋ᠭᠣᠯ ᠤᠨ ᠬᠠᠤᠯᠢᠴᠢᠳ ᠤᠨ ᠬᠣᠯᠪᠣᠭᠠᠨ ᠤ ᠠᠷᠬᠢᠸ ᠪᠢᠴᠢᠭ᠌ ᠬᠡᠷᠡᠭ ᠦᠨ ᠡᠷᠬᠢᠯᠡᠭᠴᠢ ᠲᠠᠩ᠋ᠭᠤᠳ ᠤᠨ ᠵᠢᠮᠢᠰ ᠡ᠂
ᠭᠠᠪᠢᠶᠠᠲᠤ ᠲᠡᠭᠡᠭᠡᠪᠦᠷᠢᠴᠢᠨ ᠴᠣᠯᠠ ᠪᠠᠷ᠄

ᠨᠡᠶᠢᠰᠯᠡᠯ ᠦᠨ ᠨᠠᠯᠠᠶᠢᠬᠤ ᠳᠡᠭᠦᠷᠭᠡ ᠶᠢᠨ 4 ᠳ᠋ᠤᠭᠡᠷ ᠬᠣᠷᠢᠶᠠᠨ ᠤ ᠠᠬᠠᠮᠠᠳ ᠨᠠᠰᠤᠲᠠᠨ᠂ ᠵᠢᠯᠣᠭᠣᠴᠢ ᠴᠢᠯᠠᠭᠤᠨ ᠤ ᠰᠠᠶᠢᠨᠪᠤᠶᠠᠨ᠂

ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ᠄

ᠭᠠᠳᠠᠭᠠᠳᠤ ᠬᠠᠷᠢᠯᠴᠠᠭᠠᠨ ᠤ ᠶᠠᠮᠤᠨ ᠤ ᠳ᠋ᠢᠫᠯᠣᠮᠠᠲ ᠶᠣᠰᠣᠯᠠᠯ ᠤᠨ ᠭᠠᠵᠠᠷ ᠤᠨ ᠵᠠᠬᠢᠷᠤᠯ ᠴᠡᠷᠡᠩᠳᠣᠷᠵᠢ ᠶᠢᠨ ᠮᠥᠩᠬᠡ-ᠥᠯᠵᠡᠢ᠂
《ᠮᠣᠩᠫᠧᠯᠯᠧᠲ᠋ᠰ》 ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠦᠨ ᠡᠭᠦᠰᠬᠡᠨ ᠪᠠᠶᠢᠭᠤᠯᠤᠭᠴᠢ ᠪᠠᠶᠠᠨᠵᠠᠪ ᠤᠨ ᠴᠣᠭᠪᠠᠳᠠᠷᠠᠬᠤ᠂
ᠤᠯᠤᠰ ᠬᠣᠭᠣᠷᠣᠨᠳᠣ ᠶᠢᠨ ᠰᠢᠤᠳᠠᠨ ᠢᠯᠡᠭᠡᠮᠵᠢ ᠶᠢᠨ ᠭᠠᠶᠢᠯᠢ ᠶᠢᠨ ᠭᠠᠵᠠᠷ ᠤᠨ ᠰᠠᠯᠪᠤᠷᠢ ᠶᠢᠨ ᠡᠷᠬᠢᠯᠡᠭᠴᠢ ᠲᠤᠢᠢᠰᠤᠮ᠎ ᠶᠢᠨ ᠪᠠᠽᠠᠷᠷᠠᠭᠴᠠ᠂
ᠨᠡᠶᠢᠰᠯᠡᠯ ᠦᠨ ᠴᠢᠩ᠋ᠭᠡᠯᠲᠡᠢ ᠳᠡᠭᠦᠷᠭᠡ ᠶᠢᠨ 14 ᠳ᠋ᠤᠭᠡᠷ ᠬᠣᠷᠢᠶᠠᠨ ᠤ 《ᠴᠢᠨᠭ᠌ ᠬᠦᠰᠡᠯᠡᠩ》 ᠡᠷᠦᠬᠡ ᠶᠢᠨ ᠡᠷᠡᠭᠦᠯ ᠮᠡᠨᠳᠦ ᠶᠢᠨ ᠲᠥᠪ ᠦᠨ ᠶᠡᠬᠡ ᠡᠮᠴᠢ ᠭᠡᠨᠳᠡᠩᠰᠦ᠋ᠷᠦᠩ ᠦᠨ ᠭᠦᠩᠰᠡᠮ᠎ᠠ᠂
ᠴᠡᠷᠢᠭ ᠦᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ᠄

ᠬᠢᠯᠢ ᠶᠢᠨ ᠴᠡᠷᠢᠭ ᠦᠨ ᠳᠠᠭᠤᠤ ᠪᠦᠵᠢᠭ᠌ ᠦᠨ ᠴᠢᠭᠤᠯᠭ᠎ᠠ ᠶᠢᠨ ᠳᠠᠷᠤᠭ᠎ᠠ᠂ ᠬᠣᠰᠢᠭᠤᠴᠢ ᠪᠠᠽᠠᠷᠰᠠᠳ ᠤᠨ ᠪᠣᠯᠣᠳᠪᠠᠭᠠᠲᠤᠷ᠂
ᠬᠢᠯᠢ ᠶᠢᠨ ᠴᠡᠷᠢᠭ ᠦᠨ ᠳᠠᠭᠤᠤ ᠪᠦᠵᠢᠭ᠌ ᠦᠨ ᠴᠢᠭᠤᠯᠭ᠎ᠠ ᠶᠢᠨ ᠭᠣᠴᠣᠯᠠᠯ ᠳᠠᠭᠤᠴᠢᠨ᠂ ᠠᠬᠠᠯᠠᠬᠤ ᠠᠬᠠᠯᠠᠭᠴᠢ ᠪᠠᠲᠤᠲᠤᠯᠭ᠎ᠠ ᠶᠢᠨ ᠨᠡᠷ᠎ᠡ- ᠦᠭᠡᠢ᠂
ᠬᠢᠯᠢ ᠶᠢᠨ ᠴᠡᠷᠢᠭ ᠦᠨ ᠳᠠᠭᠤᠤ ᠪᠦᠵᠢᠭ᠌ ᠦᠨ ᠴᠢᠭᠤᠯᠭ᠎ᠠ ᠶᠢᠨ ᠭᠣᠴᠣᠯᠠᠯ ᠳᠠᠭᠤᠴᠢᠨ᠂ ᠠᠬᠠᠯᠠᠬᠤ ᠠᠬᠠᠯᠠᠭᠴᠢ ᠴᠡᠷᠡᠩ ᠦᠨ ᠲᠤᠶᠠᠭᠠᠴᠡᠴᠡᠭ᠂
ᠣᠨᠴᠤᠭᠤᠢ ᠪᠠᠶᠢᠳᠠᠯ ᠤᠨ ᠶᠡᠷᠦᠩᠬᠡᠢ ᠭᠠᠵᠠᠷ ᠤᠨ ᠭᠠᠮᠰᠢᠭ ᠠᠴᠠ ᠤᠷᠢᠳᠴᠢᠯᠠᠨ ᠰᠡᠷᠭᠡᠶᠢᠯᠡᠬᠦ ᠭᠠᠵᠠᠷ ᠤᠨ ᠠᠬᠠᠯᠠᠬᠤ ᠮᠡᠷᠭᠡᠵᠢᠯᠲᠡᠨ᠂ ᠳᠡᠳ᠋ ᠬᠤᠷᠠᠨᠭᠳᠠ ᠳᠠᠮᠳᠢᠨᠵᠠᠪ ᠤᠨ ᠬᠠᠳᠠᠪᠠᠭᠠᠲᠤᠷ᠂
ᠠᠯᠲᠠᠨ ᠭᠠᠳᠠᠰᠤ ᠣᠳᠣᠨ ᠢᠶᠠᠷ᠄

ᠨᠡᠶᠢᠰᠯᠡᠯ ᠦᠨ ᠰᠣᠩ᠋ᠭᠢᠨ᠎ᠠ ᠬᠠᠶᠢᠷᠬᠠᠨ ᠨᠢᠭᠡᠳᠦᠭᠰᠡᠨ ᠡᠮᠨᠡᠯᠭᠡ ᠶᠢᠨ ᠬᠡᠦᠬᠡᠳ ᠦᠨ ᠲᠠᠰᠤᠭ ᠤᠨ ᠡᠷᠬᠢᠯᠡᠭᠴᠢ ᠡᠮᠴᠢ ᠴᠡᠷᠡᠩ ᠦᠨ ᠠᠷᠢᠭᠤᠨᠵᠢᠷᠭᠠᠯ᠂
《ᠮᠣᠩ᠋ᠭᠣᠯ ᠤᠨ ᠮᠡᠷᠭᠡᠵᠢᠯ ᠦᠨ ᠪᠦᠵᠢᠭ᠌ ᠳᠢᠭᠯᠡᠭᠡᠴᠢᠳ ᠦᠨ ᠬᠣᠯᠪᠣᠭ᠎ᠠ》 ᠲᠥᠷᠥ ᠶᠢᠨ ᠪᠤᠰᠤ ᠪᠠᠶᠢᠭᠤᠯᠤᠯᠭ᠎ᠠ ᠶᠢᠨ ᠡᠭᠦᠰᠬᠡᠨ ᠪᠠᠶᠢᠭᠤᠯᠤᠭᠴᠢ᠂ ᠪᠦᠵᠢᠭ᠌ ᠳᠢᠭᠯᠡᠭᠡᠴᠢ ᠳᠠᠭᠪᠠᠳᠣᠷᠵᠢ ᠶᠢᠨ ᠰᠤᠪᠤᠳᠮ᠎ᠠ᠂
《ᠸᠴᠢᠷᠳᠠᠭᠢᠨᠢᠰ》 ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠶᠢᠨ ᠶᠡᠷᠦᠩᠬᠡᠢ ᠮᠧᠨᠧᠵᠧᠷ ᠵᠠᠮᠪᠠᠯᠳᠣᠷᠵᠢ ᠶᠢᠨ ᠳᠣᠷᠵᠢᠬᠠᠨᠳᠠ᠂

ᠴᠡᠷᠢᠭ ᠦᠨ ᠭᠠᠪᠢᠶᠠᠨ ᠤ ᠣᠳᠣᠨ ᠢᠶᠠᠷ᠄

ᠡᠷᠡᠭᠦᠦ ᠶᠢᠨ ᠴᠠᠭᠳᠠᠭ᠎ᠠ ᠶᠢᠨ ᠠᠯᠪᠠᠨ ᠤ ᠺᠢᠪᠧᠷ ᠭᠡᠮᠲᠦ ᠬᠡᠷᠡᠭ ᠲᠡᠢ ᠲᠡᠮᠡᠴᠡᠬᠦ ᠬᠡᠯᠲᠡᠰ ᠦᠨ ᠳᠠᠷᠤᠭ᠎ᠠ᠂ ᠳᠡᠳ᠋ ᠬᠤᠷᠠᠨᠭᠳᠠ ᠰᠠᠶᠢᠨᠪᠤᠶᠠᠩ᠋ ᠤᠨ ᠲᠠᠶᠢᠪᠤᠩ᠂
ᠴᠡᠷᠢᠭ ᠦᠨ ᠬᠦᠨᠳᠦᠳᠥ ᠮᠧᠳᠠᠯ ᠢᠶᠠᠷ᠄

ᠵᠡᠪᠰᠡᠭᠲᠦ ᠬᠦᠴᠦᠨ ᠦ 065 ᠳ᠋ᠤᠭᠠᠷ ᠠᠩᠬᠢ ᠶᠢᠨ ᠬᠣᠷᠢᠶᠠᠨ ᠤ ᠺᠣᠮᠠᠨᠳ᠋ ᠤᠨ ᠪᠠᠶᠢᠷᠢ ᠶᠢᠨ ᠠᠬᠠᠯᠠᠬᠤ ᠠᠬᠠᠯᠠᠭᠴᠢ ᠯᠢᠨᠠ ᠤᠨ ᠴᠡᠷᠡᠩᠳᠡᠵᠢᠳ᠂
ᠬᠥᠳᠡᠯᠮᠦᠷᠢ ᠶᠢᠨ ᠬᠦᠨᠳᠦᠲᠦ ᠮᠧᠳᠠᠯ ᠢᠶᠠᠷ᠄

《ᠾᠢᠦᠩᠨᠦ ᠡᠶᠢᠷ》 ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠦᠨ ᠨᠢᠰᠦᠯᠭᠡ ᠶᠢᠨ ᠠᠯᠪᠠᠨ ᠤ ᠠᠭᠠᠷ ᠤᠨ ᠬᠥᠯᠭᠡ ᠶᠢᠨ ᠳᠠᠷᠤᠭ᠎ᠠ ᠬᠠᠩ᠋ᠭᠠᠢ ᠶᠢᠨ ᠰᠠᠨᠢᠴᠠᠷ ᠨᠠᠷ ᠢ ᠱᠠᠩᠨᠠᠯ ᠠ᠃
ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠲᠥᠷᠥ ᠶᠢᠨ ᠳᠡᠭᠡᠳᠦ ᠴᠣᠯᠠ᠂ ᠣᠳᠣᠨ᠂ ᠮᠧᠳᠠᠯ ᠬᠦᠷᠲᠡᠭᠰᠡᠨ ᠡᠷᠬᠢᠮ ᠦᠳ ᠲᠥ ᠪᠣᠯᠤᠨ ᠲᠡᠳᠡᠨ ᠦ ᠭᠡᠷ ᠪᠦᠯᠢ᠂ ᠦᠷ᠎ᠡ ᠬᠡᠦᠬᠡᠳ᠂ ᠬᠠᠮᠲᠤ ᠣᠯᠠᠨ ᠳᠤ ᠨᠢ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠪᠡ᠃