Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠤᠨ ᠲᠥᠷᠥ ᠢᠢᠨ ᠠᠢᠢᠯᠴᠢᠯᠠᠯ ᠡᠬᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ 2023 ᠣᠨ ᠤ 07 ᠳ᠋ᠤᠭᠠᠷ ᠰᠠᠷ᠎ᠠ ᠢᠢᠨ 09-11 ᠍ ᠦ ᠡᠳᠦᠷ ᠦᠳ ᠲᠥ ᠮᠣᠩ᠋ᠭᠣᠯ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠺᠢᠷᠭᠢᠽ ᠤᠯᠤᠰ  ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠢᠢ ᠵᠠᠩᠵᠤᠨ ᠲᠡ‍᠂ ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠯ᠎ᠠ᠃ ᠲᠥᠷᠥ ᠢᠢᠨ ᠬᠦᠨᠳᠦᠳᠥ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳ᠋ᠥ ᠬᠣᠶᠠᠷ ᠣᠷᠣᠨ ᠤ ᠲᠥᠷᠥ ᠢᠢᠨ ᠳᠠᠭᠤᠯᠠᠯ ᠡᠭᠡᠰᠢᠭᠯᠡᠪᠡ᠃

ᠲᠥᠷᠥ ᠢᠢᠨ ᠲᠡᠷᠢᠭᠦᠨ ᠨᠠᠷ ᠲᠥᠷᠥ ᠢᠢᠨ ᠶᠣᠰᠣᠯᠠᠯ ᠤᠨ ᠴᠡᠷᠢᠭ ᠦᠨ ᠴᠠᠭᠠᠨ ᠲᠤᠭᠤᠨ ᠳᠤ ᠮᠡᠬᠦᠢᠢᠨ ᠶᠣᠰᠣᠯᠠᠭᠰᠠᠨ ᠤ ᠳᠠᠷᠠᠭ᠎ᠠ ᠶᠡᠷᠦᠩᠬᠡᠢᠢᠯᠡᠭᠴᠢ ᠰ᠂ ᠨ᠂ ᠵᠠᠫᠠᠷᠤᠸ ᠲᠥᠷᠥ ᠢᠢᠨ ᠬᠦᠨᠳᠦᠳᠥ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠪᠡ᠃

ᠳᠠᠷᠠᠭ᠎ᠠ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠭᠡᠷᠭᠡᠢ ᠯ‍ᠤ‍᠂ ᠪᠣᠯᠣᠷᠴᠡᠴᠡᠭ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠍ ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠂ ᠭᠡᠷᠭᠡᠢ ᠠ᠊᠂ ᠵ᠂ ᠵᠠᠫᠠᠷᠤᠸᠠ ᠨᠠᠷ ᠶᠡᠬᠡ ᠡᠵᠡᠨ ᠴᠢᠩ᠋ᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ᠃
ᠶᠡᠷᠦᠩᠬᠡᠢᠢᠯᠡᠭᠴᠢ ᠰ᠂ ᠨ᠂ ᠵᠠᠫᠠᠷᠤᠸ ᠲᠥᠷᠥ ᠢᠢᠨ ᠣᠷᠳᠣᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠭᠰᠠᠨ ᠤ ᠳᠠᠷᠠᠭ᠎ᠠ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠭᠡᠷᠭᠡᠢ ᠯᠤ‍᠂ ᠪᠣᠯᠣᠷᠴᠡᠴᠡᠭ᠂ ᠶᠡᠷᠦᠩᠬᠡᠢᠢᠯᠡᠭᠴᠢ ᠰ᠂ ᠨ᠂ ᠵᠠᠫᠠᠷᠤᠸ ᠂ ᠭᠡᠷᠭᠡᠢ ᠠ᠊᠂ ᠵ᠂ ᠵᠠᠫᠠᠷᠤᠸᠠ ᠨᠠᠷ ᠲᠣᠪᠴᠢ ᠠᠭᠤᠯᠵᠠᠯᠲᠠ ᠬᠢᠪᠡ᠃
ᠬᠣᠶᠠᠷ ᠣᠷᠣᠨ ᠤ ᠲᠥᠷᠦ ᠢᠢᠨ ᠲᠡᠷᠢᠭᠦᠨ ᠭᠠᠭᠴᠠᠭᠠᠷᠴᠢᠯᠠᠭᠰᠠᠨ ᠠᠭᠤᠯᠵᠠᠯᠲᠠ ᠬᠢᠵᠦ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠪᠤᠰᠤᠳ ᠠᠰᠠᠭᠤᠳᠠᠯ ᠢᠶᠠᠷ ᠰᠠᠨᠠᠯ ᠰᠣᠯᠢᠯᠴᠠᠯ᠎ᠠ᠃