Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠬᠠᠮᠲᠤᠷᠠᠭᠰᠠᠨ ᠲᠤᠩᠬᠠᠭᠯᠠᠯ ᠭᠠᠷᠭᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ 2023 ᠣᠨ ᠤ 07 ᠳ᠋ᠤᠭᠠᠷ ᠰᠠᠷ᠎ᠠ ᠢᠢᠨ 09-11 ᠍ ᠦ ᠡᠳᠦᠷ ᠦᠳ ᠲᠥ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠲᠠᠯ ᠠ ᠨᠤᠭᠤᠳ 《ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠲᠤᠬᠠᠢ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠬᠠᠮᠲᠤᠷᠠᠭᠰᠠᠨ ᠲᠤᠩᠬᠠᠭᠯᠠᠯ》 ᠭᠠᠷᠭᠠᠯ᠎ᠠ

ᠬᠠᠮᠲᠤᠷᠠᠭᠰᠠᠨ ᠲᠤᠩᠬᠠᠭᠯᠠᠯ ᠠᠴᠠ᠄

ᠲᠠᠯ ᠠ ᠨᠤᠭᠤᠳ ᠨᠠᠢᠢᠷᠰᠠᠭ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠥᠷᠭᠡᠵᠢᠭᠦᠯᠦᠨ ᠪᠡᠬᠢᠵᠢᠭᠦᠯᠬᠦ ᠬᠦᠰᠡᠯ ᠡᠷᠡᠮᠡᠯᠵᠡᠯ ᠢᠶᠡᠨ ᠨᠣᠲᠠᠯᠠᠵᠤ᠂ ᠳᠠᠷᠠᠭᠠᠬᠢ ᠵᠦᠢᠯ ᠢ ᠲᠣᠬᠢᠷᠠᠪᠠ᠃ ᠡᠭᠦᠨ ᠳᠥ᠄

ᠤᠯᠤᠰ ᠲᠥᠷᠥ᠂ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ᠂ ᠰᠤᠶᠤᠯ᠂ ᠬᠦᠮᠦᠨᠯᠢᠭ ᠪᠣᠯᠤᠨ ᠪᠤᠰᠤᠳ ᠰᠠᠯᠪᠤᠷᠢ ᠢᠢᠨ ᠬᠠᠷᠢᠯᠴᠠᠭ᠎ᠠ ᠢᠢ ᠥᠷᠭᠡᠵᠢᠭᠦᠯᠦᠨ ᠪᠡᠬᠢᠵᠢᠭᠦᠯᠬᠦ ᠳᠥ ᠠᠯᠢᠪᠠ ᠰᠠᠭᠠᠳ ᠲᠣᠳᠬᠠᠷ ᠪᠠᠢᠢᠬᠤ ᠦᠭᠡᠢ ᠳᠥ ᠰᠡᠳᠬᠢᠯ ᠬᠠᠩ᠋ᠭᠠᠯᠤᠭᠤᠨ ᠪᠠᠢᠢᠭ᠎ᠠ ᠢᠢ ᠲᠡᠮᠳᠡᠭᠯᠡᠪᠡ᠃
ᠬᠠᠷᠢᠯᠴᠠᠨ ᠢᠲᠡᠭᠡᠯᠴᠡᠯ᠂ ᠬᠦᠨᠳᠦᠳᠬᠡᠯ᠂ ᠡᠷᠬᠡ ᠲᠡᠭᠰᠢ᠂ ᠬᠠᠷᠢᠯᠴᠠᠨ ᠠᠰᠢᠭᠲᠠᠢ᠂ ᠪᠦᠬᠦ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠦᠨᠳᠦᠰᠦᠨ ᠳᠡᠭᠡᠷ᠎ᠡ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠬᠠᠷᠢᠯᠴᠠᠨ ᠳᠡᠮᠵᠢᠯᠭᠡ ᠦᠵᠡᠭᠦᠯᠬᠦ ᠪᠡᠨ ᠨᠣᠲᠠᠯᠠᠪᠠ᠃
ᠣᠯᠠᠨ ᠤᠯᠤᠰ ᠤᠨ ᠪᠣᠯᠤᠨ ᠪᠥᠰᠡ ᠨᠤᠲᠤᠭ ᠤᠨ ᠲᠤᠯᠭᠠᠮᠳᠠᠭᠰᠠᠨ ᠠᠰᠠᠭᠤᠳᠠᠯ ᠢᠶᠠᠷ ᠢᠵᠢᠯ ᠲᠥᠰᠲᠡᠢ ᠪᠠᠢᠢᠷᠢ ᠰᠠᠭᠤᠷᠢ ᠲᠠᠢ ᠪᠠᠢᠢᠭ᠎ᠠ ᠪᠠᠨ ᠲᠡᠮᠳᠡᠭᠯᠡᠵᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠳᠡᠯᠡᠬᠡᠢ ᠢᠢᠨ ᠬᠤᠳᠠᠯᠳᠤᠭᠠᠨ ᠤ ᠪᠠᠢᠢᠭᠤᠯᠤᠯᠭ᠎ᠠ᠂ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ᠂ ᠠᠽᠢ ᠳᠤ ᠬᠠᠮᠲᠤ ᠢᠢᠨ ᠠᠵᠢᠯᠯᠠᠭ᠎ᠠ ᠪᠠᠨ᠂ ᠢᠲᠡᠭᠡᠯᠴᠡᠯ ᠢ ᠪᠡᠬᠢᠵᠢᠭᠦᠯᠬᠦ ᠪᠠᠭ᠎ᠠ ᠬᠤᠷᠠᠯ ᠵᠡᠷᠭᠡ ᠣᠯᠠᠨ ᠤᠯᠤᠰ ᠤᠨ ᠪᠣᠯᠤᠨ ᠪᠥᠰᠡ ᠨᠤᠲᠤᠭ ᠤᠨ ᠪᠠᠢᠢᠭᠤᠯᠤᠯᠭ᠎ᠠ ᠢᠢᠨ ᠬᠦᠷᠢᠶᠡᠨ ᠳᠥ ᠪᠡᠶ᠎ᠡ ᠪᠡᠶ᠎ᠡ ᠢᠢᠨ ᠰᠠᠨᠠᠭᠠᠴᠢᠯᠠᠭ᠎ᠠ ᠢᠢ ᠦᠷᠭᠦᠯᠵᠢᠯᠡᠭᠦᠯᠦᠨ ᠬᠠᠷᠢᠯᠴᠠᠨ ᠳᠡᠮᠵᠢᠬᠦ ᠪᠡᠨ ᠢᠯᠡᠷᠬᠡᠢᠢᠯᠡᠪᠡ᠃
ᠶᠠᠳᠠᠭᠤᠷᠠᠯ ᠢ ᠪᠠᠭᠤᠷᠠᠭᠤᠯᠬᠤ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠨᠣᠭᠣᠭᠠᠨ ᠬᠥᠭ᠍ᠵᠢᠯ ᠢ ᠤᠷᠤᠭᠰᠢᠯᠠᠭᠤᠯᠬᠤ ᠴᠢᠭᠯᠡᠯ ᠢᠶᠡᠷ ᠪᠣᠳᠠᠲᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠪᠡᠨ ᠮᠡᠳᠡᠭᠳᠡᠪᠡ᠃
ᠲᠧᠷᠷᠣᠷᠢᠽᠮ᠂ ᠡᠺᠰᠲ᠋ᠷᠧᠮᠢᠽᠮ᠂ ᠮᠠᠩᠰᠢᠭᠤᠷᠠᠭᠤᠯᠤᠬᠤ ᠪᠣᠳᠠᠰ ᠤᠨ ᠬᠠᠤᠯᠢ ᠪᠤᠰᠤ ᠡᠷᠭᠢᠯᠲᠡ᠂ ᠬᠠᠤᠯᠢ ᠪᠤᠰᠤ ᠵᠡᠪᠰᠡᠭ ᠦᠨ ᠬᠤᠳᠠᠯᠳᠤᠭ᠎ᠠ᠂ ᠬᠢᠯᠢ ᠳᠠᠮᠨᠠᠭᠰᠠᠨ ᠭᠡᠮᠲᠦ ᠬᠡᠷᠡᠭ᠂ ᠴᠠᠬᠢᠮ ᠭᠡᠮᠲᠦ ᠬᠡᠷᠡᠭ ᠲᠡᠢ ᠲᠡᠮᠡᠴᠡᠵᠦ᠂ ᠲᠥᠪ ᠠᠽᠢ ᠢᠢᠨ ᠠᠶᠤᠯ ᠦᠭᠡᠢ ᠪᠠᠢᠢᠳᠠᠯ᠂ ᠡᠩᠬᠡ ᠲᠠᠢᠢᠪᠤᠩ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠴᠢᠭᠯᠡᠯ ᠢᠶᠡᠷ ᠢᠳᠡᠪᠬᠢᠲᠡᠢ ᠬᠠᠮᠲᠤᠷᠠᠨ ᠠᠵᠢᠯᠯᠠᠬᠤ ᠡᠷᠡᠮᠡᠯᠵᠡᠯ ᠢᠶᠡᠨ ᠨᠣᠲᠠᠯᠠᠪᠠ᠃
ᠳᠡᠳ᠋ ᠪᠦᠲᠦᠴᠡ᠂ ᠵᠠᠮ ᠲᠡᠭᠡᠭᠡᠪᠦᠷᠢ᠂ ᠡᠷᠴᠢᠮ ᠬᠦᠴᠦ᠂ ᠠᠵᠤ ᠦᠢᠯᠡᠳᠪᠦᠷᠢᠯᠡᠯ᠂ ᠪᠣᠯᠪᠠᠰᠤᠷᠠᠭᠤᠯᠬᠤ ᠦᠢᠯᠡᠳᠪᠦᠷᠢᠯᠡᠯ᠂ ᠠᠭᠤᠯᠠ ᠠᠭᠤᠷᠬᠠᠢ᠂ ᠴᠠᠬᠢᠮᠵᠢᠭᠤᠯᠤᠯᠲᠠ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠡᠷ ᠪᠣᠯᠪᠠ᠃
ᠮᠠᠯ ᠠᠵᠤ ᠠᠬᠤᠢ᠂ ᠮᠠᠯ ᠡᠮᠨᠡᠯᠭᠡ᠂ ᠤᠷᠭᠤᠮᠠᠯ ᠤᠨ ᠡᠷᠡᠭᠦᠯ ᠠᠬᠤᠢ ᠢᠢᠨ ᠰᠠᠯᠪᠤᠷᠢ ᠪᠣᠯᠤᠨ ᠬᠥᠳᠡᠭᠡ ᠠᠵᠤ ᠠᠬᠤᠢ ᠢᠢᠨ ᠪᠦᠲᠦᠭᠡᠭ᠍ᠳᠡᠬᠦᠨ ᠪᠣᠯᠪᠠᠰᠤᠷᠠᠭᠤᠯᠬᠤ᠂ ᠮᠠᠰᠢᠨ ᠮᠧᠾᠠᠨᠢᠽᠮ᠂ ᠬᠥᠳᠡᠭᠡ ᠠᠵᠤ ᠠᠬᠤᠢ ᠢᠢᠨ ᠮᠡᠷᠭᠡᠵᠢᠯᠲᠡᠨ ᠪᠡᠯᠡᠳᠬᠡᠬᠦ ᠪᠡᠷ ᠪᠣᠯᠪᠠ᠃
ᠮᠣᠩ᠋ᠭᠣᠯ ᠤᠯᠤᠰ ᠠᠴᠠ ᠺᠢᠷᠭᠢᠽ ᠤᠯᠤᠰ ᠲᠤ ᠮᠢᠬ᠎ᠠ᠂ ᠮᠢᠬᠠᠨ ᠪᠦᠲᠦᠭᠡᠭ᠍ᠳᠡᠬᠦᠨ᠂ ᠰᠦᠨ ᠪᠦᠲᠦᠭᠡᠭ᠍ᠳᠡᠬᠦᠨ᠂ ᠨᠣᠣᠰᠣ᠂ ᠠᠷᠠᠰᠤ ᠰᠢᠷᠢ ᠨᠡᠢᠢᠯᠡᠭᠦᠯᠬᠦ᠂ ᠺᠢᠷᠭᠢᠽ ᠤᠯᠤᠰ ᠠᠴᠠ ᠮᠣᠩ᠋ᠭᠣᠯ ᠤᠯᠤᠰ ᠲᠤ ᠬᠥᠳᠡᠭᠡ ᠠᠵᠤ ᠠᠬᠤᠢ ᠢᠢᠨ ᠲᠠᠷᠢᠮᠠᠯ ᠪᠦᠲᠦᠭᠡᠭ᠍ᠳᠡᠬᠦᠨ ᠨᠡᠢᠢᠯᠡᠭᠦᠯᠬᠦ ᠥᠷᠭᠡᠨ ᠪᠣᠯᠤᠮᠵᠢ ᠪᠠᠢᠢᠭ᠎ᠠ ᠢᠢ ᠲᠡᠮᠳᠡᠭᠯᠡᠪᠡ᠃
ᠬᠣᠶᠠᠷ ᠣᠷᠣᠨ ᠤ ᠠᠵᠤ ᠠᠬᠤᠢ ᠢᠢᠨ ᠨᠢᠭᠡᠴᠡ ᠨᠦᠭᠦᠳ ᠨᠡᠬᠡᠮᠡᠯ᠂ ᠣᠶᠣᠳᠠᠯ ᠤᠨ ᠰᠠᠯᠪᠤᠷᠢ ᠲᠤ ᠰᠢᠭᠤᠳ ᠬᠠᠷᠢᠯᠴᠠᠭ᠎ᠠ ᠲᠣᠭᠲᠠᠭᠠᠵᠤ ᠪᠠᠢᠢᠭ᠎ᠠ ᠢᠢ ᠰᠠᠢᠢᠰᠢᠶᠠᠵᠤ᠂ ᠮᠣᠩ᠋ᠭᠣᠯ ᠤᠨ ᠲᠠᠯ᠎ᠠ ᠺᠢᠷᠭᠢᠽ ᠢᠢᠨ ᠣᠶᠣᠳᠠᠯ ᠤᠨ ᠦᠢᠯᠡᠳᠪᠦᠷᠢ ᠢᠢᠨ ᠲᠦᠭᠦᠬᠡᠢ ᠡᠳ᠋ ᠍ ᠢ ᠨᠡᠢᠢᠯᠡᠭᠦᠯᠬᠦ ᠳᠥ ᠪᠡᠯᠡᠨ ᠪᠠᠢᠢᠭ᠎ᠠ ᠪᠠᠨ ᠢᠯᠡᠷᠬᠡᠢᠢᠯᠡᠪᠡ᠃
ᠠᠭᠠᠷ ᠤᠨ ᠲᠡᠭᠡᠭᠡᠪᠦᠷᠢ ᠢᠢ ᠰᠡᠷᠭᠦᠭᠡᠵᠦ᠂ ᠳᠠᠯᠠᠢ ᠳᠤ ᠭᠠᠷᠴᠠ ᠦᠭᠡᠢ ᠣᠷᠣᠨ ᠨᠤᠭᠤᠳ ᠤᠨ ᠬᠤᠪᠢ ᠳᠤ ᠲᠡᠭᠡᠭᠡᠪᠦᠷᠢ᠂ ᠳᠠᠮᠵᠢᠨ ᠥᠩ᠋ᠭᠡᠷᠡᠬᠦ ᠬᠠᠷᠢᠯᠴᠠᠭ᠎ᠠ ᠢᠢ ᠬᠥᠭ᠍ᠵᠢᠭᠦᠯᠬᠦ ᠢᠢᠨ ᠲᠥᠯᠥᠭᠡ ᠱᠠᠭᠠᠷᠳᠠᠯᠭ᠎ᠠ ᠲᠠᠢ ᠠᠷᠭ᠎ᠠ ᠬᠡᠮᠵᠢᠶ᠎ᠡ ᠠᠪᠬᠤ ᠪᠠᠷ ᠪᠣᠯᠪᠠ᠃
ᠠᠬ᠎ᠠ ᠳᠡᠭᠦᠦ ᠬᠣᠲᠠ ᠢᠢᠨ ᠬᠠᠷᠢᠯᠴᠠᠭ᠎ᠠ ᠲᠣᠭᠲᠠᠭᠠᠬᠤ᠂ ᠬᠣᠶᠠᠷ ᠣᠷᠣᠨ ᠤ ᠠᠷᠠᠳ ᠲᠦᠮᠡᠨ ᠦ ᠬᠠᠷᠢᠯᠴᠠᠭ᠎ᠠ ᠢᠢ ᠥᠷᠭᠡᠵᠢᠭᠦᠯᠬᠦ ᠢᠢᠨ ᠴᠢᠬᠤᠯᠠ ᠢᠢ ᠣᠨᠴᠠᠯᠠᠪᠠ᠃
ᠰᠢᠨᠵᠢᠯᠡᠬᠦ ᠤᠬᠠᠭᠠᠨ᠂ ᠡᠷᠳᠡᠮ ᠰᠢᠨᠵᠢᠯᠡᠭᠡᠨ ᠦ ᠬᠠᠮᠲᠤᠷᠠᠭᠰᠠᠨ ᠰᠤᠳᠤᠯᠭ᠎ᠠ᠂ ᠲᠤᠷᠰᠢᠯᠭ᠎ᠠ ᠰᠣᠯᠢᠯᠴᠠᠬᠤ ᠳᠤ ᠳᠡᠮᠵᠢᠯᠭᠡ ᠦᠵᠡᠭᠦᠯᠬᠦ ᠪᠡᠷ ᠪᠣᠯᠪᠠ᠃
ᠮᠣᠩ᠋ᠭᠣᠯ᠂ ᠺᠢᠷᠭᠢᠽ ᠢᠢᠨ ᠠᠷᠠᠳ ᠲᠦᠮᠡᠨ ᠦ ᠲᠡᠦᠬᠡ᠂ ᠰᠤᠶᠤᠯ᠂ ᠣᠶᠤᠨ ᠰᠠᠨᠠᠭᠠᠨ ᠤ ᠪᠣᠯᠤᠨ ᠪᠡᠶᠡᠳᠦ ᠥᠪ ᠦᠨ ᠲᠠᠯ᠎ᠠ ᠪᠠᠷ ᠬᠠᠮᠲᠤᠷᠠᠭᠰᠠᠨ ᠰᠤᠳᠤᠯᠭ᠎ᠠ ᠬᠢᠬᠦ ᠰᠣᠨᠢᠷᠬᠠᠯᠲᠠᠢ ᠪᠠᠢᠢᠭ᠎ᠠ ᠪᠠᠨ ᠨᠣᠲᠠᠯᠠᠪᠠ᠃
ᠮᠣᠩ᠋ᠭᠣᠯ ᠤᠯᠤᠰ ᠤᠨ 《ᠲᠡᠷᠪᠤᠮ ᠮᠣᠳᠣ》᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ 《ᠨᠣᠭᠣᠭᠠᠨ ᠥᠪ》 ᠵᠡᠷᠭᠡ ᠦᠨᠳᠦᠰᠦᠨ ᠦ ᠲᠥᠰᠥᠯ᠂ ᠬᠥᠲᠥᠯᠪᠦᠷᠢ ᠨᠦᠭᠦᠳ ᠢ ᠬᠠᠷᠢᠯᠴᠠᠨ ᠤᠶᠠᠯᠳᠤᠭ᠎ᠠ ᠲᠠᠢ ᠬᠡᠷᠡᠭᠵᠢᠭᠦᠯᠬᠦ ᠪᠡᠷ ᠲᠣᠭᠲᠠᠪᠠ᠃
ᠰᠤᠶᠤᠯ᠂ ᠬᠦᠮᠦᠨᠯᠢᠭ ᠦᠨ ᠰᠣᠯᠢᠯᠴᠠᠭ᠎ᠠ ᠢᠢ ᠢᠳᠡᠪᠬᠢᠲᠡᠢ ᠳᠡᠮᠵᠢᠵᠦ᠂ ᠪᠣᠯᠪᠠᠰᠤᠷᠠᠯ᠂ ᠰᠤᠶᠤᠯ᠂ ᠰᠫᠣᠷᠲ ᠪᠣᠯᠤᠨ ᠪᠤᠰᠤᠳ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠪᠣᠯᠪᠠ᠃
ᠬᠣᠶᠠᠷ ᠤᠯᠤᠰ ᠤᠨ ᠶᠡᠬᠡ᠂ ᠳᠡᠭᠡᠳᠦ ᠰᠤᠷᠭᠠᠭᠤᠯᠢ ᠳᠤ ᠮᠣᠩ᠋ᠭᠣᠯ᠂ ᠺᠢᠷᠭᠢᠽ ᠬᠡᠯᠡ ᠰᠤᠳᠤᠯᠤᠯ ᠤᠨ ᠴᠢᠭᠯᠡᠯ ᠢᠶᠡᠷ ᠣᠶᠤᠲᠠᠨ ᠰᠣᠯᠢᠯᠴᠠᠵᠤ᠂ ᠰᠤᠷᠭᠠᠬᠤ ᠪᠠᠷ ᠲᠣᠬᠢᠷᠠᠯᠴᠠᠪᠠ᠃