Та "Internet explorer"-ийн сүүлийн хувилбар болох "Microsoft edge"-г ашиглана уу

Хэрэв "Microsoft edge"-г татах бол энд дарж татаж авна уу

ᠪᠥᠬᠥᠳᠡ ᠨᠠᠢᠢᠷᠠᠮᠳᠠᠬᠤ ᠰᠥᠯᠥᠩ᠋ᠭᠤᠰ ᠍ ᠡᠤᠯᠤᠰ ᠤᠨ ᠶᠡᠷᠦᠩᠬᠡᠢᠢᠯᠡᠭᠴᠢ ᠦᠨᠳᠦᠰᠦᠨ ᠦ ᠶᠡᠬᠡ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠪᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠥᠬᠥᠳᠡ ᠨᠠᠢᠢᠷᠠᠮᠳᠠᠬᠤ ᠰᠥᠯᠥᠩ᠋ᠭᠤᠰ ᠍ ᠡᠤᠯᠤᠰ ᠤᠨ ᠶᠡᠷᠦᠩᠬᠡᠢᠢᠯᠡᠭᠴᠢ ᠶᠦᠩ ᠰᠤᠭ ᠶᠣᠯᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠮᠡᠨᠳᠦᠴᠢᠯᠡᠭᠡ ᠢᠷᠡᠭᠦᠯᠵᠡᠢ᠃

ᠮᠡᠨᠳᠦᠴᠢᠯᠡᠭᠡᠨ ᠳ᠋ᠥ ᠂


《ᠡᠷᠬᠢᠮᠰᠦᠭ ᠨᠣᠶᠠᠨ ᠶᠡᠷᠦᠩᠬᠡᠢᠢᠯᠡᠭᠴᠢ ᠡ᠂

ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠴᠢᠨᠭ᠌ ᠰᠡᠳᠬᠢᠯ ᠦᠨ ᠮᠡᠨᠳᠦᠴᠢᠯᠡᠭᠡ ᠳᠡᠪᠰᠢᠭᠦᠯᠦᠶ᠎ᠡ᠃

ᠥᠩ᠋ᠭᠡᠷᠡᠭᠰᠡᠨ ᠬᠤᠭᠤᠴᠠᠭᠠᠨ ᠳᠤ ᠰᠣᠯᠣᠩ᠋ᠭᠣᠰ᠂ ᠮᠣᠩ᠋ᠭᠣᠯ ᠬᠣᠶᠠᠷ ᠣᠷᠣᠨ ᠤ ᠪᠠᠲᠤᠳᠬᠠᠨ ᠬᠥᠭ᠍ᠵᠢᠭᠦᠯᠵᠦ ᠢᠷᠡᠭᠰᠡᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠨᠠᠬᠰᠢᠳᠠ ᠤᠯᠠᠮ ᠪᠦᠷ ᠥᠷᠭᠡᠵᠢᠨ ᠬᠥᠭ᠍ᠵᠢᠬᠦ ᠢᠢᠨ ᠵᠡᠷᠭᠡᠴᠡᠭᠡ᠂ ᠬᠣᠶᠠᠷ ᠣᠷᠣᠨ ᠤ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠦᠨ ᠬᠠᠷᠢᠯᠴᠠᠭ᠎ᠠ ᠮᠥᠨ ᠠᠳᠠᠯᠢ ᠪᠡᠬᠢᠵᠢᠨ ᠬᠥᠭ᠍ᠵᠢᠨ᠎ᠡ ᠬᠡᠮᠡᠨ ᠨᠠᠢᠢᠳᠠᠵᠤ ᠪᠠᠢᠢᠨ᠎ᠠ᠃

ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠠᠵᠠ ᠵᠢᠷᠭᠠᠯ᠂ ᠮᠣᠩ᠋ᠭᠣᠯ ᠤᠯᠤᠰ ᠡᠭᠦᠷᠢᠳᠡ ᠮᠠᠨᠳᠤᠨ ᠪᠠᠳᠠᠷᠠᠬᠤ ᠢᠢᠨ ᠢᠷᠦᠭᠡᠯ ᠳᠡᠪᠰᠢᠭᠦᠯᠦᠶ᠎ᠡ》 ᠭᠡᠵᠡᠢ᠃