Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠶᠤᠤᠷᠨ ᠷᠣᠽᠧᠨᠪᠧᠷᠭᠢ ᠢᠢ ᠡᠬᠡ ᠣᠷᠣᠨ ᠳᠤ ᠪᠠᠨ ᠪᠦᠷᠢᠮᠦᠰᠦᠨ ᠪᠤᠴᠠᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ᠃

ᠮᠣᠩ᠋ᠭᠣᠯ ᠤᠯᠤᠰ ᠨᠢ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠢ ᠧᠦ᠋ᠷᠣᠫᠠ ᠳ᠋ᠠᠬᠢ ᠢᠲᠡᠭᠡᠯᠲᠦ ᠲᠦᠩᠰᠢ᠂ ᠭᠤᠷᠪᠠᠳᠠᠭᠴᠢ ᠬᠥᠷᠰᠢ ᠪᠡᠨ ᠭᠡᠵᠦ ᠦᠵᠡᠨ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠲᠤᠳᠬᠠᠨ ᠥᠷᠭᠡᠵᠢᠭᠦᠯᠬᠦ᠂ 《ᠢᠵᠢ ᠪᠥᠷᠢᠨ ᠲᠦᠩᠰᠢᠯᠡᠯ》 ᠍ ᠤᠨ ᠲᠦᠪᠰᠢᠨ ᠢ ᠠᠬᠢᠭᠤᠯᠵᠤ 《ᠰᠲ᠋ᠷᠠᠲ᠋ᠧᠭᠢ ᠢᠢᠨ ᠲᠦᠩᠰᠢᠯᠡᠯ》ᠳ᠋ᠤ ᠬᠦᠷᠭᠡᠬᠦ ᠢᠢᠨ ᠲᠥᠯᠦᠭᠡ ᠪᠠᠢᠢᠭ᠎ᠠ ᠢᠢ ᠶᠡᠷᠦᠩᠬᠡᠢᠢᠯᠡᠭᠴᠢ ᠣᠨᠴᠠᠯᠠᠪᠠ᠃

ᠮᠣᠩ᠋ᠭᠣᠯ ᠤᠯᠤᠰ ᠲᠤ ᠡᠯᠴᠢᠨ ᠰᠠᠢᠢᠳ ᠢᠶᠠᠷ ᠠᠵᠢᠯᠯᠠᠬᠤ ᠬᠤᠭᠤᠴᠠᠭᠠᠨ ᠳᠤ ᠪᠠᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠪᠡᠬᠢᠵᠢᠭᠦᠯᠬᠦ ᠳᠥ ᠣᠨᠴᠤᠭᠤᠢ ᠬᠤᠪᠢ ᠨᠡᠮᠡᠷᠢ ᠣᠷᠣᠭᠤᠯᠤᠭᠰᠠᠨ ᠢ ᠲᠡᠮᠳᠡᠭᠯᠡᠪᠡ᠃

ᠢᠯᠠᠩ᠋ᠭᠤᠶ᠎ᠠ 2022 ᠣᠨ ᠳᠤ ᠮᠣᠩ᠋ᠭᠣᠯ ᠤᠯᠤᠰ ᠤᠨ ᠶᠡᠷᠦᠩᠬᠡᠢ ᠰᠠᠢᠢᠳ ᠯᠤ‍᠂ ᠣᠶᠤᠨ-ᠡᠷᠳᠡᠨᠢ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠬᠦ ᠦᠶ᠎ᠡ ᠪᠡᠷ ᠬᠠᠷᠢᠯᠴᠠᠭ᠎ᠠ ᠢᠢ 《ᠰᠲ᠋ᠷᠠᠲ᠋ᠧᠭᠢ ᠢᠢᠨ ᠲᠦᠩᠰᠢᠯᠡᠯ》 ᠍ ᠳᠥ ᠬᠦᠷᠭᠡᠬᠦ ᠲᠣᠬᠢᠷᠠᠯᠴᠠᠭᠠᠨ ᠳᠤ ᠬᠦᠷᠦᠭᠰᠡᠨ᠂ ᠲᠤᠰ ᠤᠯᠤᠰ ᠬᠥᠭ᠍ᠵᠢᠯ ᠦᠨ ᠬᠥᠲᠥᠯᠪᠦᠷᠢ ᠪᠡᠨ ᠰᠡᠷᠭᠦᠭᠡᠭ᠍ᠰᠡᠨ ᠵᠡᠷᠭᠡ ᠲᠥ ᠡᠯᠴᠢᠨ ᠰᠠᠢᠢᠳ ᠤᠨ ᠣᠷᠣᠭᠤᠯᠤᠭᠰᠠᠨ ᠬᠤᠪᠢ ᠨᠡᠮᠡᠷᠢ ᠶᠡᠬᠡ ᠪᠠᠢᠢᠭᠰᠠᠨ ᠢ ᠣᠨᠴᠠᠯᠠᠪᠠ᠃

ᠢᠷᠡᠬᠦ ᠣᠨ ᠳᠤ ᠲᠣᠬᠢᠶᠠᠬᠤ ᠮᠣᠩ᠋ᠭᠣᠯ ᠤᠯᠤᠰ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠢᠢᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ ᠬᠣᠯᠪᠣᠭᠠᠨ ᠤ ᠶᠡᠷᠦᠩᠬᠡᠢᠢᠯᠡᠭᠴᠢ ᠹ᠂ ᠸ᠂ ᠱᠲ᠋ᠠᠢᠢᠮᠠᠢᠢᠧᠷ ᠮᠣᠩ᠋ᠭᠣᠯ ᠤᠯᠤᠰ ᠲᠤ ᠠᠢᠢᠯᠴᠢᠯᠠᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠪᠡ᠃

ᠬᠡᠳᠦᠢ ᠪᠡᠷ ᠴᠠᠷ᠎ ᠲᠠᠬᠤᠯ ᠤᠨ ᠬᠦᠨᠳᠦ ᠦᠶ᠎ᠡ ᠪᠠᠢᠢᠭᠰᠠᠨ ᠬᠡᠳᠦᠢ ᠴᠤ ᠰᠡᠭᠦᠯ ᠦᠨ ᠵᠢᠯ ᠦᠳ ᠲᠥ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠲᠣᠮᠣᠬᠠᠨ ᠠᠬᠢᠴᠠ ᠳᠡᠪᠰᠢᠯ ᠭᠠᠷᠤᠭᠰᠠᠨ ᠢ ᠡᠯᠴᠢᠨ ᠰᠠᠢᠢᠳ ᠶᠤᠤᠷᠨ ᠷᠣᠽᠧᠨᠪᠧᠷᠭᠢ ᠲᠡᠮᠳᠡᠭᠯᠡᠪᠡ᠃

ᠴᠢᠨᠠᠭᠰᠢᠳᠠ ᠬᠣᠶᠠᠷ ᠣᠷᠣᠨ 《ᠢᠵᠢ ᠪᠦᠷᠢᠨ ᠲᠦᠩᠰᠢᠯᠡᠯ》 ᠍ ᠦᠨ ᠲᠦᠪᠰᠢᠨ ᠢ ᠠᠬᠢᠭᠤᠯᠵᠤ 《ᠰᠲ᠋ᠷᠠᠲ᠋ᠧᠭᠢ ᠢᠢᠨ ᠲᠦᠩᠰᠢᠯᠡᠯ》 ᠍ ᠳᠥ ᠬᠦᠷᠡᠨ᠎ᠡ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠭᠡᠳ᠂ ᠡᠭᠦᠨ ᠦ ᠲᠥᠯᠥᠭᠡ ᠬᠤᠪᠢ ᠨᠡᠮᠡᠷᠢ ᠪᠡᠨ ᠣᠷᠣᠭᠤᠯᠬᠤ ᠪᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠣᠶᠠᠷ ᠣᠷᠣᠨ ᠤ ᠬᠠᠷᠢᠯᠴᠠᠭᠠᠨ ᠳᠤ ᠣᠷᠣᠭᠤᠯᠤᠭᠰᠠᠨ ᠬᠤᠪᠢ ᠨᠡᠮᠡᠷᠢ᠂ ᠬᠦᠴᠦᠨ ᠴᠢᠷᠮᠠᠢᠢᠯᠲᠠ ᠢᠢ ᠨᠢ ᠦᠨᠡᠯᠡᠵᠦ ᠡᠯᠴᠢᠨ ᠰᠠᠢᠢᠳ ᠢ 《ᠨᠠᠢᠢᠷᠠᠮᠳᠠᠯ》 ᠮᠧᠳᠠᠯ ᠢᠶᠠᠷ ᠱᠠᠩᠨᠠᠯ ᠠ᠃

ᠡᠯᠴᠢᠨ ᠰᠠᠢᠢᠳ ᠶᠤᠤᠷᠠᠨ ᠷᠣᠽᠧᠨᠪᠧᠺᠭ ᠥᠩ᠋ᠭᠡᠷᠡᠭᠰᠡᠨ ᠳᠥᠷᠪᠡᠨ ᠵᠢᠯ ᠦᠨ ᠬᠤᠭᠤᠴᠠᠭᠠᠨ ᠳᠤ ᠪᠦᠬᠦ ᠲᠠᠯ᠎ᠠ ᠢᠢᠨ ᠳᠡᠮᠵᠢᠯᠭᠡ ᠦᠵᠡᠭᠦᠯᠦᠭᠰᠡᠨ ᠮᠣᠩ᠋ᠭᠣᠯ ᠤᠯᠤᠰ ᠤᠨ ᠲᠥᠷᠥ᠂ ᠵᠠᠰᠠᠭ ᠪᠣᠯᠤᠨ ᠨᠠᠢᠢᠷᠰᠠᠭ᠂ ᠵᠣᠴᠢᠯᠠᠮᠠᠲᠠᠭᠠᠢ ᠠᠷᠠᠳ ᠲᠦᠮᠡᠨ ᠳᠦ ᠲᠠᠯᠠᠷᠬᠠᠯ ᠢᠯᠡᠷᠬᠡᠢᠢᠯᠡᠯ᠎ᠡ᠃