Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠪᠠᠶᠠᠷ ᠤᠨ ᠮᠡᠨᠳᠦᠴᠢᠯᠡᠭᠡ ᠢᠷᠡᠭᠦᠯᠪᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ ᠸ᠂ ᠫᠦᠲ᠋ᠢᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠡᠢᠫᠢᠨ ᠨᠠᠷ ᠪᠠᠶᠠᠷ ᠤᠨ ᠮᠡᠨᠳᠦᠴᠢᠯᠡᠭᠡ ᠢᠷᠡᠭᠦᠯᠪᠡ᠃

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ ᠸ᠂ ᠫᠦᠲ᠋ᠢᠨ ᠮᠡᠨᠳᠦᠴᠢᠯᠡᠭᠡᠨ ᠳ᠋ᠥ ᠪᠡᠨ ᠂


《ᠡᠷᠬᠢᠮ ᠬᠦᠨᠳᠦᠳᠥ ᠨᠣᠶᠠᠨ ᠶᠡᠷᠦᠩᠬᠡᠢᠢᠯᠡᠭᠴᠢ᠂

ᠦᠨᠳᠦᠰᠦᠨ ᠦ ᠶᠡᠬᠡ ᠪᠠᠶᠠᠷ ᠨᠠᠭᠠᠳᠤᠮ᠂ ᠠᠷᠠᠳ ᠤᠨ ᠬᠤᠪᠢᠰᠬᠠᠯ ᠤᠨ 102 ᠵᠢᠯ ᠦᠨ ᠣᠢ ᠢᠢ ᠲᠣᠬᠢᠶᠠᠯᠳᠤᠭᠤᠯᠤᠨ ᠴᠢᠨᠭ᠌ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠢᠢ ᠮᠢᠨᠢ ᠬᠦᠯᠢᠶᠡᠨ ᠠᠪᠤᠨ᠎ᠠ ᠤᠤ᠃

ᠨᠠᠢᠢᠷᠠᠮᠳᠠᠯ᠂ ᠰᠠᠢᠢᠨ ᠬᠥᠷᠰᠢ ᠢᠢᠨ ᠤᠯᠠᠮᠵᠢᠯᠠᠯᠲᠤ ᠬᠠᠷᠢᠯᠴᠠᠭ᠎ᠠ ᠲᠠᠢ ᠮᠠᠨ ᠤ ᠬᠣᠶᠠᠷ ᠣᠷᠣᠨ ᠤ ᠬᠣᠭᠣᠷᠣᠨᠳᠣ ᠠᠵᠢᠯ ᠬᠡᠷᠡᠭᠴᠢ ᠤᠯᠤᠰ ᠲᠥᠷᠥ ᠢᠢᠨ ᠶᠠᠷᠢᠶ᠎ᠠ ᠬᠡᠯᠡᠯᠴᠡᠭᠡ᠂ ᠣᠯᠠᠨ ᠰᠠᠯᠪᠤᠷᠢ ᠲᠤ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠪᠠᠨ ᠲᠣᠭᠲᠠᠭᠰᠠᠨ᠃

ᠴᠢᠨᠠᠭᠰᠢᠳᠠ 《ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ》᠍ ᠦᠨ ᠬᠠᠷᠢᠯᠴᠠᠭ᠎ᠠ ᠢᠢ ᠬᠥᠭ᠍ᠵᠢᠭᠦᠯᠬᠦ ᠨᠢ ᠣᠷᠣᠰ᠂ ᠮᠣᠩ᠋ᠭᠣᠯ ᠤᠨ ᠠᠷᠠᠳ ᠲᠦᠮᠡᠨ ᠦ ᠢᠵᠠᠭᠤᠷ ᠡᠷᠬᠡ ᠠᠰᠢᠭ ᠲᠤ ᠨᠡᠢᠢᠴᠡᠵᠦ᠂ ᠪᠥᠰᠡ ᠨᠤᠲᠤᠭ ᠤᠨ ᠲᠣᠭᠲᠠᠪᠤᠷᠢᠲᠠᠢ᠂ ᠠᠶᠤᠯ ᠦᠭᠡᠢ ᠪᠠᠢᠢᠳᠠᠯ ᠢ ᠪᠡᠬᠢᠵᠢᠭᠦᠯᠬᠦ ᠳᠥ ᠲᠤᠰᠠ ᠳᠥᠬᠥᠮ ᠪᠣᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠲᠠᠨ ᠳᠤ ᠡᠷᠡᠭᠦᠯ ᠡᠩᠬᠡ᠂ ᠠᠮᠵᠢᠯᠲᠠ ᠬᠦᠰᠡᠬᠦ ᠢᠢᠨ ᠵᠡᠷᠭᠡᠴᠡᠭᠡ ᠮᠣᠩ᠋ᠭᠣᠯ ᠤᠨ ᠨᠡᠢᠢᠲᠡ ᠠᠷᠠᠳ ᠲᠦᠮᠡᠨ ᠳᠥ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ》 ᠭᠡᠵᠡᠢ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠡᠢᠫᠢᠨ ᠮᠡᠨᠳᠦᠴᠢᠯᠡᠭᠡᠨ ᠳ᠋ᠥ ᠪᠡᠨ ᠂


《ᠡᠷᠬᠢᠮᠰᠦᠭ ᠨᠣᠶᠠᠨ ᠶᠡᠷᠦᠩᠬᠡᠢᠢᠯᠡᠭᠴᠢ ᠡ᠂

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ᠂ ᠬᠢᠲᠠᠳ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠲᠠᠨ ᠳᠤ᠂ ᠲᠠᠨ ᠢᠶᠠᠷ ᠳᠠᠮᠵᠢᠭᠤᠯᠤᠨ ᠲᠠᠨ ᠤ ᠤᠯᠤᠰ ᠤᠨ ᠵᠠᠰᠠᠭ ᠤᠨ ᠭᠠᠵᠠᠷ᠂ ᠠᠷᠠᠳ ᠲᠦᠮᠡᠨ ᠳᠥ ᠴᠢᠨᠭ᠌ ᠰᠡᠳᠬᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃

ᠠᠭᠤᠯᠠ᠂ ᠤᠰᠤ ᠪᠠᠷ ᠬᠣᠯᠪᠣᠭᠳᠠᠭᠰᠠᠨ ᠬᠢᠲᠠᠳ᠂ ᠮᠣᠩ᠋ᠭᠣᠯ ᠤᠯᠤᠰ ᠤᠷᠲᠤ ᠬᠤᠭᠤᠴᠠᠭᠠᠨ ᠤ ᠰᠠᠢᠢᠨ ᠬᠥᠷᠰᠢ ᠢᠢᠨ ᠨᠠᠢᠢᠷᠰᠠᠭ ᠬᠠᠷᠢᠯᠴᠠᠭ᠎ᠠ ᠢᠢ ᠬᠥᠭ᠍ᠵᠢᠭᠦᠯᠬᠦ ᠨᠢ ᠬᠣᠶᠠᠷ ᠣᠷᠣᠨ ᠤ ᠠᠷᠠᠳ ᠲᠦᠮᠡᠨ ᠦ ᠢᠵᠠᠭᠤᠷ ᠠᠰᠢᠭ ᠰᠣᠨᠢᠷᠬᠠᠯ ᠳᠤ ᠪᠦᠷᠢᠨ ᠨᠡᠢᠢᠴᠡᠳᠡᠭ᠃

ᠨᠠᠢᠢᠷᠠᠮᠳᠠᠯ᠂ ᠬᠠᠷᠢᠯᠴᠠᠨ ᠢᠲᠡᠭᠡᠯᠴᠡᠯ᠂ ᠬᠠᠮᠲᠤ ᠢᠢᠨ ᠠᠵᠢᠯᠯᠠᠭ᠎ᠠ ᠢᠢ ᠲᠠᠰᠤᠷᠠᠯᠲᠠ ᠦᠭᠡᠢ ᠭᠦᠨᠵᠡᠭᠡᠢᠢᠷᠡᠭᠦᠯᠵᠦ᠂ 《ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ》 ᠍ ᠦᠨ ᠬᠠᠷᠢᠯᠴᠠᠭ᠎ᠠ ᠢᠢ ᠥᠨᠳᠥᠷ ᠲᠦᠪᠰᠢᠨ ᠳᠥ ᠬᠦᠷᠭᠡᠬᠦ ᠢᠢᠨ ᠲᠥᠯᠥᠭᠡ ᠬᠠᠮᠲᠤᠷᠠᠨ ᠠᠵᠢᠯᠯᠠᠬᠤ ᠳᠤ ᠪᠡᠯᠡᠨ ᠪᠠᠢᠢᠨ᠎ᠠ᠃

ᠬᠣᠶᠠᠷ ᠲᠠᠯ᠎ᠠ ᠢᠢᠨ ᠲᠣᠬᠢᠷᠠᠮᠵᠢᠲᠠᠢ ᠦᠶ᠎ᠡ ᠳᠥ ᠦᠵᠡᠰᠬᠦᠯᠡᠩᠳᠦ ᠮᠣᠩ᠋ᠭᠣᠯ ᠣᠷᠣᠨ ᠳᠤ ᠳᠠᠬᠢᠨ ᠠᠢᠢᠯᠴᠢᠯᠠᠬᠤ ᠢᠢ ᠬᠦᠰᠡᠵᠦ ᠪᠠᠢᠢᠨ᠎ᠠ᠃

ᠮᠣᠩ᠋ᠭᠣᠯ ᠤᠯᠤᠰ᠂ ᠮᠣᠩ᠋ᠭᠣᠯ ᠤᠨ ᠠᠷᠠᠳ ᠲᠦᠮᠡᠨ ᠳᠥ ᠬᠥᠭ᠍ᠵᠢᠯ ᠳᠡᠪᠰᠢᠯ᠂ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ》 ᠭᠡᠵᠡᠢ᠃