Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠵᠦ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠤᠯᠭᠤᠷ ᠲᠥᠷᠥ ᠢᠢᠨ 2232 ᠵᠢᠯ᠂ ᠶᠡᠬᠡ ᠮᠣᠩ᠋ᠭᠣᠯ ᠤᠯᠤᠰ ᠤᠨ 817 ᠵᠢᠯ᠂ ᠦᠨᠳᠦᠰᠦᠨ ᠦ ᠡᠷᠬᠡ ᠴᠢᠯᠦᠭᠡ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112 ᠵᠢᠯ᠂ ᠠᠷᠠᠳ ᠤᠨ ᠬᠤᠪᠢᠰᠬᠠᠯ ᠤᠨ 102 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠵᠦ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄


《ᠪᠦᠷᠢᠨ ᠡᠷᠬᠡᠲᠦ ᠮᠣᠩ᠋ᠭᠣᠯ ᠤᠯᠤᠰ ᠤᠨ ᠡᠷᠬᠡ ᠴᠢᠯᠦᠭᠡᠲᠦ ᠠᠷᠠᠳ ᠢᠷᠭᠡᠳ ᠡ᠂

ᠳᠡᠯᠡᠬᠡᠢ ᠳᠠᠶᠠᠭᠠᠷ ᠲᠠᠷᠬᠠᠨ ᠰᠠᠭᠤᠭ᠎ᠠ ᠡᠯᠢᠭᠡ ᠨᠢᠭᠡᠲᠦ ᠮᠣᠩ᠋ᠭᠣᠯ ᠠᠬᠠᠨ ᠳᠡᠭᠦᠰ ᠡ᠂

ᠡᠵᠡᠨᠳᠦ ᠭᠦᠷᠦᠨ ᠦ ᠭᠠᠯ ᠭᠣᠯᠣᠮᠲᠠ ᠮᠠᠨ ᠤ ᠰᠠᠢᠢᠬᠠᠨ ᠣᠷᠣᠨ ᠳᠤ ᠮᠣᠷᠢᠯᠠᠨ ᠰᠠᠭᠠᠲᠠᠭᠰᠠᠨ ᠬᠦᠨᠳᠦᠲᠦ ᠵᠣᠴᠢᠳ ᠠ᠋᠂

ᠡᠷᠬᠢᠮ ᠬᠦᠨᠳᠦᠳᠥ ᠨᠠᠭᠠᠳᠤᠮᠴᠢᠳ ᠠ᠂

ᠬᠥᠬᠡ ᠲᠩᠷᠢ ᠬᠤᠷ᠎ᠠ ᠪᠠᠨ ᠬᠠᠢᠢᠷᠠᠯᠠᠵᠤ᠂ ᠬᠥᠷᠥᠰᠥ ᠲᠥ ᠳᠡᠯᠡᠬᠡᠢ ᠰᠢᠮ᠎ᠡ ᠪᠡᠨ ᠬᠦᠷᠲᠡᠭᠡᠭ᠍ᠰᠡᠨ ᠳᠡᠯᠭᠡᠷ ᠵᠤᠨ ᠤ ᠡᠨᠡ ᠰᠠᠢᠢᠬᠠᠨ ᠡᠳᠦᠷ ᠮᠣᠩ᠋ᠭᠣᠯ ᠲᠦᠮᠡᠨ ᠦ ᠬᠣᠣᠰ ᠦᠭᠡᠢ ᠶᠡᠬᠡ ᠪᠠᠶᠠᠷ ᠴᠡᠩ᠋ᠭᠡᠯ – 《ᠦᠨᠳᠦᠰᠦᠨ ᠦ ᠶᠡᠬᠡ ᠪᠠᠶᠠᠷ ᠨᠠᠭᠠᠳᠤᠮ》 ᠶᠣᠰᠣᠯᠠᠯ ᠲᠡᠭᠦᠯᠳᠡᠷ ᠡᠬᠢᠯᠡᠬᠦ ᠳᠥ ᠪᠡᠯᠡᠨ ᠪᠣᠯᠤᠯ᠎ᠠ᠃

ᠳᠡᠯᠡᠬᠡᠢ ᠳᠥ ᠭᠠᠭᠴᠠᠬᠠᠨ ᠮᠣᠩ᠋ᠭᠣᠯ ᠨᠠᠭᠠᠳᠤᠮ ᠪᠣᠯ ᠡᠴᠢᠭᠡ ᠲᠩᠷᠢ᠂ ᠡᠬᠡ ᠳᠡᠯᠡᠬᠡᠢ᠂ ᠡᠷᠳᠡᠨᠢᠲᠦ ᠬᠥᠮᠥᠨ ᠦ ᠭᠤᠷᠮᠤᠰᠤᠨ ᠶᠡᠬᠡ ᠪᠠᠶᠠᠷ᠂ ᠬᠦᠮᠦᠨ ᠲᠥᠷᠥᠯᠬᠢᠲᠡᠨ ᠦ ᠦᠨᠡᠲᠦ ᠥᠪ᠂ ᠮᠣᠩ᠋ᠭᠣᠯ ᠲᠥᠷᠥ ᠢᠢᠨ ᠣᠢ ᠰᠠᠨᠠᠮᠵᠢ᠂ ᠮᠣᠩ᠋ᠭᠣᠯ ᠦᠨᠳᠦᠰᠦᠲᠡᠨ ᠦ ᠡᠪ ᠨᠢᠭᠡᠳᠦᠯ᠂ ᠲᠤᠰᠠᠭᠠᠷ ᠲᠣᠭᠲᠠᠨᠢᠯ ᠤᠨ ᠪᠡᠯᠭᠡᠳᠡᠯ᠂ ᠮᠣᠩ᠋ᠭᠣᠯᠴᠤᠳ ᠪᠢᠳᠡᠨ ᠦ ᠣᠶᠤᠨ ᠰᠠᠨᠠᠭᠠᠨ ᠤ ᠳᠠᠷᠬᠠᠯᠠᠭ᠎ᠠ᠂ ᠣᠷᠣᠰᠢᠨ ᠲᠣᠭᠲᠠᠨᠢᠬᠤᠢ ᠢᠢᠨ ᠪᠠᠲᠤᠯᠠᠭ᠎ᠠ ᠪᠢᠯᠡ᠃

ᠥᠪ ᠰᠤᠶᠤᠯ᠂ ᠡᠪᠦᠭᠡ ᠳᠡᠭᠡᠳᠦᠰ᠂ ᠡᠦᠬᠡ ᠲᠡᠦᠬᠡ ᠪᠡᠷ ᠢᠶᠡᠨ ᠪᠠᠬᠠᠷᠬᠠᠨ᠂ 《ᠦᠨᠳᠦᠰᠦᠨ ᠦ ᠶᠡᠬᠡ ᠪᠠᠶᠠᠷ ᠨᠠᠭᠠᠳᠤᠮ》᠍ ᠢᠢᠠᠨ ᠲᠡᠮᠳᠡᠭᠯᠡᠵᠦ ᠪᠤᠢ ᠨᠠᠭᠠᠳᠤᠮᠴᠢᠨ ᠣᠯᠠᠨ ᠲᠦᠮᠡᠨ ᠳᠥ ᠪᠡᠨ᠂ ᠮᠠᠨ ᠤ ᠰᠠᠢᠢᠬᠠᠨ ᠣᠷᠣᠨ ᠳᠤ ᠮᠣᠷᠢᠯᠠᠨ ᠰᠠᠭᠠᠳᠠᠵᠤ ᠪᠤᠢ ᠡᠷᠬᠢᠮ ᠬᠦᠨᠳᠦᠳᠥ ᠵᠣᠴᠢᠳ ᠲᠤ ᠪᠠᠨ ᠲᠤᠯᠭᠤᠷ ᠲᠥᠷᠥ ᠪᠠᠢᠢᠭᠤᠯᠤᠭᠳᠠᠰᠤᠨ ᠤ ᠲᠡᠦᠬᠡᠲᠦ 2232᠂ ᠶᠡᠬᠡ ᠮᠣᠩ᠋ᠭᠣᠯ ᠤᠯᠤᠰ ᠪᠠᠢᠢᠭᠤᠯᠤᠭᠳᠠᠬᠰᠡᠨ ᠤ ᠲᠡᠦᠬᠡᠲᠦ 817᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112᠂ ᠠᠷᠠᠳ ᠤᠨ ᠬᠤᠪᠢᠰᠬᠠᠯ ᠤᠨ 102 ᠵᠢᠯ ᠦᠨ ᠣᠢ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ᠎ᠡ᠃
ᠲᠩᠷᠢ ᠵᠠᠶᠠᠭᠠᠲᠤ ᠮᠣᠩ᠋ᠭᠣᠯᠴᠤᠳ ᠪᠢᠳᠡᠨ ᠦ ᠡᠪᠦᠭᠡ ᠳᠡᠭᠡᠳᠦᠰ ᠡᠳᠦᠭᠡ ᠡᠴᠡ ᠬᠣᠶᠠᠷ ᠮᠢᠩ᠋ᠭᠠᠨ ᠤ ᠲᠡᠷᠲᠡᠭᠡ ᠲᠥᠪ ᠠᠽᠢ ᠢᠢᠨ ᠴᠡᠭᠡᠵᠢᠨ ᠳᠥ ᠲᠥᠷᠥᠳᠦ ᠤᠯᠤᠰ ᠢᠶᠠᠨ ᠪᠠᠢᠢᠭᠤᠯᠤᠨ᠂ ᠲᠤᠯᠭᠤᠷ ᠲᠥᠷᠥ ᠪᠡᠨ ᠮᠠᠨᠳᠤᠭᠤᠯᠵᠤ᠂ ᠬᠥᠮᠥᠨ ᠦ ᠶᠢᠷᠲᠢᠨᠴᠦ ᠳ᠋ᠥ ᠰᠤᠤ ᠠᠯᠳᠠᠷ ᠢᠶᠠᠨ ᠳᠠᠭᠤᠷᠢᠰᠬᠠᠭᠰᠠᠨ ᠪᠠᠬᠠᠳᠤᠮ᠎ᠠ ᠰᠠᠢᠢᠬᠠᠨ ᠲᠡᠦᠬᠡ ᠲᠡᠢ ᠪᠢᠯᠡ᠃

ᠥᠨᠢ ᠡᠷᠲᠡᠨ ᠦ ᠲᠡᠦᠬᠡ ᠲᠡᠢ ᠾᠢᠦᠩᠨᠦ ᠭᠦᠷᠦᠨ ᠦ ᠪᠠᠬᠠᠳᠤᠮ᠎ᠠ ᠲᠡᠦᠬᠡ᠂ ᠪᠠᠭᠠᠲᠤᠷᠯᠢᠭ ᠭᠠᠪᠢᠶ᠎ᠠ ᠢᠢ ᠡᠵᠡᠨ ᠴᠢᠩ᠋ᠭᠢᠰ ᠬᠠᠭᠠᠨ ᠵᠠᠯᠭᠠᠮᠵᠢᠯᠠᠨ ᠶᠡᠬᠡ ᠮᠣᠩ᠋ᠭᠣᠯ ᠤᠯᠤᠰ ᠢ ᠪᠠᠢᠢᠭᠤᠯᠵᠤ᠂ ᠥᠷᠥᠨ᠎ᠡ ᠳᠣᠷᠣᠨ᠎ᠠ ᠢᠢ ᠲᠥᠪᠰᠢᠳᠬᠡᠨ᠂ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠴᠣᠭᠴᠠᠯᠠᠭᠠᠨ᠂ ᠬᠦᠮᠦᠨ ᠲᠥᠷᠥᠯᠬᠢᠲᠡᠨ ᠦ ᠲᠡᠦᠬᠡᠨ ᠳᠥ ᠮᠣᠩ᠋ᠭᠣᠯ ᠲᠦᠮᠡᠨ ᠦ ᠨᠡᠷ᠎ᠡ ᠢᠢ ᠲᠠᠮᠠᠭᠠᠯᠠᠨ ᠦᠯᠡᠳᠡᠭᠡᠭ᠍ᠰᠡᠨ ᠠᠤᠭ᠎ᠠ ᠦᠢᠯᠡ ᠬᠡᠷᠡᠭ ᠨᠢ ᠮᠣᠩ᠋ᠭᠣᠯ ᠬᠦᠮᠦᠨ ᠪᠦᠷᠢ ᠢᠢᠨ ᠵᠢᠷᠦᠬᠡ ᠰᠡᠳᠬᠢᠯ ᠳᠥ ᠳᠠᠷᠬᠠᠯᠠᠭᠳᠠᠨ᠂ ᠮᠣᠩ᠋ᠭᠣᠯ ᠲᠥᠷᠥ ᠢᠢᠨ ᠭᠠᠯ ᠭᠣᠯᠣᠮᠲᠠ ᠳ᠋ᠤ ᠪᠠᠳᠮᠠᠯᠠᠨ ᠠᠰᠠᠭᠰᠠᠭᠠᠷ ᠪᠠᠢᠢᠨ᠎ᠠ᠃

1911 ᠣᠨ ᠤ ᠦᠨᠳᠦᠰᠦᠨ ᠦ ᠡᠷᠬᠡ ᠴᠢᠯᠦᠭᠡᠨ ᠦ ᠬᠥᠳᠡᠯᠭᠡᠭᠡᠨ᠂ 1921 ᠣᠨ ᠤ ᠠᠷᠠᠳ ᠤᠨ ᠬᠤᠪᠢᠰᠬᠠᠯ᠂ 1990 ᠍ ᠡᠣᠨ ᠤ ᠠᠷᠠᠳᠴᠢᠯᠠᠭᠰᠠᠨ ᠥᠭᠡᠷᠡᠴᠢᠯᠡᠯᠲᠡ ᠰᠢᠨᠡᠴᠢᠯᠡᠯᠲᠡ ᠨᠢ ᠮᠣᠩ᠋ᠭᠣᠯᠴᠤᠳ ᠪᠢᠳᠡᠨ ᠦ ХХ ᠵᠠᠭᠤᠨ ᠤ ᠠᠤᠭ᠎ᠠ ᠶᠡᠬᠡ ᠣᠯᠤᠯᠲᠠ ᠠᠮᠵᠢᠯᠲᠠ᠂ ᠰᠢᠨ᠎ᠡ ᠵᠠᠭᠤᠨ ᠤ ᠬᠥᠭ᠍ᠵᠢᠯ ᠳᠡᠪᠰᠢᠯ ᠦᠨ ᠦᠨᠳᠦᠰᠦ ᠰᠠᠭᠤᠷᠢ ᠪᠣᠯᠤᠭᠰᠠᠨ ᠪᠢᠯᠡ᠃

ᠡᠳᠦᠭᠡ ᠮᠠᠨ ᠤ ᠤᠯᠤᠰ ᠤᠨ ᠨᠡᠷ᠎ᠡ ᠬᠦᠨᠳᠦ᠂ ᠪᠠᠢᠢᠷᠢ ᠰᠠᠭᠤᠷᠢ ᠣᠯᠠᠨ ᠤᠯᠤᠰ ᠤᠨ ᠲᠠᠪᠴᠠᠩ ᠳᠤ ᠥᠰᠦᠨ ᠪᠡᠬᠢᠵᠢᠵᠦ᠂ ᠮᠣᠩ᠋ᠭᠣᠯ ᠤᠯᠤᠰ ᠳᠡᠯᠡᠬᠡᠢ ᠳᠠᠬᠢᠨ ᠳᠤ 《ᠡᠩᠬᠡ ᠲᠠᠢᠢᠪᠤᠩ ᠤᠨ ᠪᠡᠯᠭᠡ ᠲᠡᠮᠳᠡᠭ》 ᠪᠣᠯᠤᠭᠰᠠᠨ ᠤᠯᠤᠰ ᠬᠡᠮᠡᠨ ᠦᠨᠡᠯᠡᠭᠳᠡᠬᠦ ᠪᠣᠯᠤᠭᠰᠠᠨ ᠨᠢ ᠮᠣᠩ᠋ᠭᠣᠯᠴᠤᠳ ᠪᠢᠳᠡᠨ ᠦ ᠥᠨᠥ ᠴᠠᠭ ᠤᠨ ᠪᠠᠬᠠᠷᠬᠠᠯ᠂ ᠥᠨᠢᠳᠡ ᠡᠷᠬᠢᠮᠯᠡᠨ ᠬᠠᠳᠠᠭᠠᠯᠠᠵᠤ ᠶᠠᠪᠤᠬᠤ ᠦᠨᠡᠲᠦ ᠵᠦᠢᠯ ᠶᠤᠮ᠃


ᠶᠡᠬᠡ ᠵᠣᠬᠢᠶᠠᠯᠴᠢ ᠳᠠᠰᠢᠳᠣᠷᠵᠢ ᠢᠢᠨ ᠨᠠᠴᠤᠭᠳᠣᠷᠵᠢ ᠨᠢᠭᠡᠨᠲᠡ 《ᠮᠣᠩ᠋ᠭᠣᠯ ᠬᠡᠮᠡᠬᠦ ᠨᠢᠭᠡᠨ ᠨᠡᠷ᠎ᠡ ᠶᠢᠷᠲᠢᠨᠴᠦ ᠢᠢᠨ ᠴᠢᠬᠢᠨ᠎ᠡ ᠳᠠᠭᠤᠷᠢᠰᠬᠠᠯ ᠲᠠᠢ᠂ ᠮᠣᠩ᠋ᠭᠣᠯ ᠤᠨ ᠲᠥᠯᠥᠭᠡ ᠬᠡᠮᠡᠬᠦ ᠰᠡᠳᠬᠢᠯ ᠮᠢᠨᠦ ᠵᠢᠷᠦᠬᠡᠨ᠎ᠡ ᠬᠣᠯᠪᠣᠭᠠᠲᠠᠢ》 ᠬᠡᠮᠡᠨ ᠰᠢᠯᠦᠭᠯᠡᠭᠰᠡᠨ ᠪᠠᠢᠢᠳᠠᠭ᠃

ᠲᠡᠢᠢᠮᠦ ᠡᠴᠡ ᠮᠣᠩ᠋ᠭᠣᠯ ᠬᠦᠮᠦᠨ ᠪᠦᠷᠢ ᠶᠡᠬᠡ ᠮᠣᠩ᠋ᠭᠣᠯ ᠤᠯᠤᠰ ᠤᠨ ᠭᠠᠯ ᠭᠣᠯᠣᠮᠲᠠ ᠢᠢ ᠰᠠᠬᠢᠨ ᠰᠠᠭᠤᠭ᠎ᠠ ᠪᠠᠨ ᠭᠦᠨ᠎ᠡ ᠤᠬᠠᠮᠰᠠᠷᠯᠠᠨ᠂ ᠡᠵᠡᠨ ᠪᠣᠭᠳᠠ ᠴᠢᠩ᠋ᠭᠢᠰ ᠬᠠᠭᠠᠨ ᠤ ᠰᠤᠤ ᠠᠯᠳᠠᠷ᠂ ᠦᠢᠯᠡ ᠬᠡᠷᠡᠭ᠂ ᠪᠢᠯᠢᠭ᠌ ᠰᠤᠷᠭᠠᠯ ᠢ ᠡᠷᠬᠢᠮᠯᠡᠨ ᠳᠡᠭᠡᠳᠦᠯᠡᠵᠦ᠂ ᠳᠠᠭᠠᠨ ᠮᠥᠷᠳᠡᠵᠦ᠂ ᠲᠥᠷᠥᠳᠦ ᠶᠣᠰᠣᠨ ᠤ ᠦᠨᠡᠲᠦ ᠵᠦᠢᠯ᠂ ᠥᠪ ᠰᠤᠶᠤᠯ ᠢ ᠦᠷ᠎ᠡ ᠬᠣᠢᠢᠴᠢ ᠳᠤ ᠪᠠᠨ ᠥᠪᠯᠡᠭᠦᠯᠦᠨ ᠦᠯᠡᠳᠡᠭᠡᠵᠦ᠂ ᠡᠪ ᠡᠶ᠎ᠡ ᠰᠠᠬᠢᠨ ᠪᠠᠲᠤᠳᠬᠠᠵᠤ᠂ ᠤᠯᠤᠰ ᠣᠷᠣᠨ ᠢᠶᠠᠨ ᠮᠠᠨᠳᠤᠭᠤᠯᠬᠤ ᠳᠤ ᠰᠡᠳᠬᠢᠯ ᠵᠢᠷᠦᠬᠡ ᠪᠡᠨ ᠵᠣᠷᠢᠭᠤᠯᠵᠤ᠂ ᠬᠤᠪᠢ ᠨᠡᠮᠡᠷᠢ ᠪᠡᠨ ᠤᠷᠤᠭᠤᠯᠬᠤ ᠤᠴᠢᠷᠲᠠᠢ ᠶᠤᠮ᠃

ᠰᠢᠨ᠎ᠡ ᠵᠠᠭᠤᠨ ᠳᠤ ᠮᠣᠩ᠋ᠭᠣᠯ ᠤᠯᠤᠰ ᠡᠳ᠋ ᠍ ᠦᠨ ᠵᠠᠰᠠᠭ ᠤᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠢᠶᠠᠨ ᠪᠠᠲᠤᠳᠬᠠᠨ ᠪᠡᠬᠢᠵᠢᠭᠦᠯᠵᠦ᠂ ᠬᠦᠮᠦᠨ ᠲᠥᠷᠥᠯᠬᠢᠲᠡᠨ ᠦ ᠬᠥᠭ᠍ᠵᠢᠯ ᠳᠡᠪᠰᠢᠯ ᠲᠡᠢ ᠬᠥᠯ ᠨᠡᠢᠢᠯᠡᠭᠦᠯᠦᠨ ᠠᠯᠬᠤᠵᠤ᠂ 《ᠬᠦᠴᠦᠷᠬᠡᠭ᠌ ᠮᠣᠩ᠋ᠭᠣᠯ ᠤᠯᠤᠰ》 ᠍ ᠢ ᠴᠣᠭᠴᠠᠯᠠᠭᠠᠨ ᠪᠠᠢᠢᠭᠤᠯᠬᠤ ᠢᠢᠨ ᠲᠥᠯᠥᠭᠡ ᠠᠷᠠᠳ ᠲᠦᠮᠡᠨ ᠢᠶᠡᠷ ᠢᠶᠡᠨ ᠨᠢᠭᠡᠳᠦᠨ ᠨᠡᠢᠢᠯᠡᠵᠦ᠂ ᠨᠢᠭᠡᠨ ᠰᠠᠨᠠᠭ᠎ᠠ ᠵᠣᠷᠢᠯᠭ᠎ᠠ ᠪᠠᠷ ᠬᠠᠮᠲᠤ ᠳᠤ ᠪᠠᠨ ᠬᠦᠴᠦᠨ ᠵᠢᠳᠬᠦᠴᠡᠭᠡᠶ᠎ᠡ᠃
ᠮᠢᠨᠦ ᠮᠣᠩ᠋ᠭᠣᠯ ᠤᠨ ᠠᠷᠠᠳ ᠢᠷᠭᠡᠳ ᠡ᠂

ᠥᠩ᠋ᠭᠡᠷᠡᠭᠰᠡᠨ ᠵᠢᠯ ᠮᠣᠩ᠋ᠭᠣᠯ ᠤᠯᠤᠰ ᠤᠨ ᠶᠡᠷᠦᠩᠬᠡᠢᠢᠯᠡᠭᠴᠢ ᠶᠡᠬᠡ ᠡᠵᠡᠨ ᠴᠢᠩ᠋ᠭᠢᠰ ᠬᠠᠭᠠᠨ ᠮᠡᠨᠳᠦᠯᠡᠭᠰᠡᠨ ᠦ 860 ᠵᠢᠯ ᠦᠨ ᠲᠡᠦᠬᠡᠲᠦ ᠣᠢ ᠢᠢ ᠲᠣᠬᠢᠶᠠᠯᠳᠤᠭᠤᠯᠤᠨ ᠡᠵᠡᠨ ᠴᠢᠩ᠋ᠭᠢᠰ ᠬᠠᠭᠠᠨ ᠤ ᠡᠰᠢ ᠬᠥᠷᠥᠭ ᠢ ᠬᠦᠨᠳᠦᠳᠬᠡᠨ ᠵᠠᠯᠠᠵᠤ᠂ ᠰᠤᠤ ᠠᠯᠳᠠᠷ᠂ ᠪᠢᠯᠢᠭ᠌ ᠰᠤᠷᠭᠠᠯ ᠢ ᠨᠢ ᠳᠡᠭᠡᠳᠦᠯᠡᠨ ᠰᠢᠲᠦᠵᠦ ᠪᠠᠢᠢᠬᠤ ᠲᠤᠬᠠᠢ ᠵᠠᠷᠯᠢᠭ ᠪᠠᠭᠤᠯᠭᠠᠵᠤ᠂ 《ᠴᠢᠩ᠋ᠭᠢᠰ ᠬᠠᠭᠠᠨ》 ᠬᠠᠭᠠᠳ᠂ ᠢᠵᠠᠭᠤᠷᠲᠠᠨ ᠤ ᠮᠦᠽᠧᠢ ᠢᠢᠨ ᠥᠨᠳᠥᠷ ᠡᠭᠦᠳᠡ ᠢᠢ ᠨᠡᠭᠡᠭᠡᠵᠦ᠂ ᠥᠷᠭᠡᠨ ᠲᠦᠮᠡᠨ ᠦ ᠪᠡᠨ ᠬᠦᠷᠲᠡᠭᠡᠯ ᠪᠣᠯᠭᠠᠭᠰᠠᠨ ᠪᠢᠯᠡ᠃

ᠡᠨᠡ ᠦᠢᠯᠡ ᠬᠡᠷᠡᠭ ᠦᠨ ᠦᠷᠭᠦᠯᠵᠢᠯᠡᠯ ᠪᠣᠯᠭᠠᠨ ᠡᠳᠦᠭᠡ ᠡᠴᠡ 800 ᠵᠢᠯ ᠦᠨ ᠲᠡᠷᠲᠡᠭᠡ᠂ 1220 ᠣᠨ ᠳᠤ ᠡᠵᠡᠨ ᠴᠢᠩ᠋ᠭᠢᠰ ᠬᠠᠭᠠᠨ ᠵᠠᠷᠯᠢᠭ ᠪᠠᠭᠤᠯᠭᠠᠵᠤ᠂ ᠶᠡᠬᠡ ᠮᠣᠩ᠋ᠭᠣᠯ ᠤᠯᠤᠰ ᠤᠨ ᠨᠡᠢᠢᠰᠯᠡᠯ ᠬᠠᠷᠠᠬᠣᠷᠣᠮ ᠬᠣᠲᠠ ᠢᠢ ᠪᠠᠢᠢᠭᠤᠯᠵᠤ ᠪᠠᠢᠢᠭᠰᠠᠨ ᠶᠡᠬᠡ ᠲᠡᠦᠬᠡ ᠢᠢ ᠰᠡᠷᠭᠦᠭᠡᠵᠦ᠂ ᠡᠷᠲᠡᠨ ᠦ ᠲᠥᠷᠥᠳᠦ ᠤᠯᠤᠰ ᠤᠳ ᠤᠨ ᠠᠷᠢᠭᠤᠨ ᠭᠠᠯ ᠭᠣᠯᠣᠮᠲᠠ ᠪᠣᠯᠬᠤ ᠬᠦᠮᠦᠨ ᠲᠥᠷᠥᠯᠬᠢᠲᠡᠨ ᠦ ᠰᠤᠶᠤᠯ ᠤᠨ ᠥᠪ ᠣᠷᠬᠣᠨ ᠤ ᠬᠥᠨᠳᠡᠢ ᠳᠥ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠲᠤᠬᠠᠢ ᠵᠠᠷᠯᠢᠭ ᠢ ᠲᠥᠷᠥ ᠢᠢᠨ ᠲᠡᠷᠢᠭᠦᠨ ᠭᠠᠷᠭᠠᠭᠰᠠᠨ᠃

ᠡᠨᠡ ᠬᠦ ᠮᠣᠩ᠋ᠭᠣᠯ ᠲᠦᠮᠡᠨ ᠦ ᠶᠡᠬᠡ ᠲᠡᠦᠬᠡᠨ ᠪᠦᠲᠦᠭᠡᠨ ᠪᠠᠢᠢᠭᠤᠯᠤᠯᠲᠠ ᠢᠢ ᠠᠵᠢᠯ ᠬᠡᠷᠡᠭ ᠪᠣᠯᠭᠠᠬᠤ ᠳᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠬᠢᠴᠢᠶᠡᠯ ᠵᠢᠳᠬᠦᠯ ᠭᠠᠷᠭᠠᠨ ᠠᠵᠢᠯᠯᠠᠵᠤ ᠪᠠᠢᠢᠭ᠎ᠠ ᠢᠢ ᠪᠠᠶᠠᠷ ᠤᠨ ᠡᠨᠡ ᠡᠳᠦᠷ ᠠᠷᠠᠳ ᠣᠯᠠᠨ ᠳᠤ ᠪᠠᠨ ᠳᠠᠭᠤᠯᠭᠠᠬᠤ ᠳᠤ ᠲᠠᠭᠠᠲᠠᠢ ᠪᠠᠢᠢᠨ᠎ᠠ᠃

ᠶᠡᠬᠡ ᠮᠣᠩ᠋ᠭᠣᠯ ᠤᠯᠤᠰ ᠤᠨ ᠭᠠᠯ ᠭᠣᠯᠣᠮᠲᠠ᠂ ᠡᠷᠲᠡᠨ ᠦ ᠨᠡᠢᠢᠰᠯᠡᠯ ᠬᠠᠷᠠᠬᠣᠷᠣᠮ ᠬᠣᠲᠠ ᠮᠣᠩ᠋ᠭᠣᠯ ᠲᠦᠮᠡᠨ ᠦ ᠡᠪ ᠨᠢᠭᠡᠳᠦᠯ᠂ ᠰᠦᠷ ᠬᠦᠴᠦᠨ ᠦ ᠪᠡᠯᠭᠡᠳᠡᠯ᠂ ᠰᠠᠢᠢᠨ ᠴᠠᠭ ᠤᠨ ᠤᠭᠲᠤᠯ ᠪᠣᠯᠤᠨ ᠳᠠᠬᠢᠨ ᠰᠦᠨᠳᠡᠷᠯᠡᠵᠦ᠂ ᠮᠣᠩ᠋ᠭᠣᠯ ᠲᠥᠷᠥ ᠢᠢᠨ ᠭᠠᠯ ᠭᠣᠯᠣᠮᠲᠠ ᠥᠩ᠋ᠭᠡᠷᠡᠭᠰᠡᠨ᠂ ᠣᠳᠣ᠂ ᠢᠷᠡᠭᠡᠳᠦᠢ ᠭᠤᠷᠪᠠᠨ ᠴᠠᠭ ᠤᠨ ᠠᠯᠲᠠᠨ ᠬᠡᠯᠬᠢᠶᠡᠨ ᠳᠥ ᠥᠨᠢ ᠮᠥᠩᠬᠡᠳᠡ ᠮᠠᠨᠳᠤᠨ ᠪᠠᠳᠢᠷᠴᠤ ᠪᠠᠢᠢᠬᠤ ᠪᠣᠯᠲᠤᠭᠠᠢ᠃ ᠡᠨᠡ ᠪᠣᠯ ᠮᠣᠩ᠋ᠭᠣᠯᠴᠤᠳ ᠪᠢᠳᠡᠨ ᠦ ᠵᠠᠭᠤ᠂ ᠵᠠᠭᠤᠨ ᠵᠢᠯ ᠦᠨ ᠬᠦᠰᠡᠯ ᠲᠡᠮᠡᠦᠯᠡᠯ ᠪᠠᠢᠢᠭᠰᠠᠨ ᠶᠤᠮ᠃
ᠡᠷᠬᠢᠮ ᠬᠦᠨᠳᠦᠳᠥ ᠨᠠᠭᠠᠳᠤᠮᠴᠢᠳ ᠠ᠂

ᠠᠭᠤᠤ ᠲᠡᠦᠬᠡᠲᠦ ᠨᠡᠭᠦᠳᠡᠯᠴᠢᠳ ᠦᠨ ᠭᠠᠯ ᠭᠣᠯᠣᠮᠲᠠ ᠢᠢ ᠰᠠᠬᠢᠨ ᠰᠠᠭᠤᠭ᠎ᠠ ᠮᠣᠩ᠋ᠭᠣᠯᠴᠤᠳ ᠪᠢᠳᠡ ᠲᠥᠷᠥᠳᠦ ᠶᠣᠰᠣᠨ ᠤ ᠶᠡᠬᠡ ᠰᠢᠲᠦᠭᠡᠨ ᠶᠢᠰᠦᠨ ᠬᠥᠯᠲᠦ ᠴᠠᠭᠠᠨ ᠲᠤᠭ ᠢᠶᠠᠨ ᠮᠥᠩᠬᠡ ᠬᠥᠬᠡ ᠲᠩᠷᠢ ᠲᠥ ᠪᠡᠨ ᠮᠠᠨᠳᠤᠭᠤᠯᠵᠤ᠂ ᠤᠶᠠᠬᠠᠨ ᠵᠠᠮᠪᠤᠤ ᠲᠢᠢᠪ ᠦᠨ ᠨᠠᠷᠠᠨ ᠢ ᠤᠷᠲᠤ ᠢᠢᠨ ᠳᠠᠭᠤᠤ ᠪᠠᠷ ᠢᠶᠠᠨ ᠮᠢᠯᠢᠶᠠᠵᠤ᠂ ᠬᠥᠷᠥᠰᠥᠳᠦ ᠠᠯᠲᠠᠨ ᠳᠡᠯᠡᠬᠡᠢ ᠢᠢ ᠬᠤᠭᠤᠷ ᠤᠨ ᠡᠭᠡᠰᠢᠭ᠌ ᠢᠶᠡᠷ ᠢᠶᠡᠨ ᠬᠥᠭ᠍ᠵᠢᠭᠡᠵᠦ᠂ ᠬᠦᠮᠦᠨ ᠠᠷᠠᠳ᠂ ᠠᠭᠤᠯᠠ ᠤᠰᠤ ᠪᠠᠨ ᠪᠠᠶᠠᠰᠬᠠᠭᠰᠠᠨ ᠳᠡᠯᠡᠬᠡᠢ ᠳᠥ ᠬᠣᠣᠰ ᠦᠭᠡᠢ 《ᠮᠣᠩ᠋ᠭᠣᠯ ᠨᠠᠭᠠᠳᠤᠮ》 ᠢᠢᠠᠨ ᠡᠢᠢᠨᠬᠦᠦ ᠥᠩ᠋ᠭᠡ ᠲᠡᠭᠦᠯᠳᠡᠷ᠂ ᠴᠣᠭ ᠵᠢᠪᠬᠤᠯᠠᠩ ᠲᠡᠭᠦᠰ ᠡᠬᠢᠯᠡᠭᠦᠯᠵᠦ ᠪᠠᠢᠢᠨ᠎ᠠ᠃

ᠬᠦᠴᠦᠲᠦ ᠪᠥᠬᠡᠴᠦᠳ ᠦᠨ ᠳᠡᠪᠢᠭᠡ ᠰᠢᠪᠠᠭ᠎ᠠ ᠬᠦᠢ ᠮᠠᠨᠳᠤᠯ᠎ ᠳᠦᠭᠦᠷᠭᠡᠵᠦ᠂ ᠠᠷᠭᠠᠮᠠᠭ ᠬᠤᠷᠳᠤᠨ ᠬᠦᠯᠢᠭ᠌ ᠦᠳ ᠦᠨ ᠲᠥᠪᠡᠷᠭᠡᠨ ᠲᠠᠯ᠎ᠠ ᠨᠤᠲᠤᠭ ᠢᠶᠠᠨ ᠳᠣᠩᠰᠣᠯᠭᠠᠵᠤ᠂ ᠡᠷᠡᠬᠡᠢ ᠮᠡᠷᠭᠡᠨ ᠬᠠᠷᠪᠤᠭᠠᠴᠢᠳ ᠤᠨ ᠡᠷᠴᠢᠲᠦ ᠰᠤᠮᠤ ᠬᠥᠬᠡ ᠲᠩᠷᠢ ᠲᠥ ᠪᠡᠨ ᠢᠰᠬᠡᠷᠴᠥ᠂ ᠰᠠᠷᠠᠭᠤᠯ ᠤᠬᠠᠭᠠᠨᠳᠤ᠂ ᠥᠨᠳᠥᠷ ᠵᠠᠶᠠᠭᠠᠲᠤ ᠮᠢᠨᠦ ᠮᠣᠩ᠋ᠭᠣᠯ ᠤᠨ ᠠᠷᠠᠳ ᠲᠦᠮᠡᠨ ᠬᠣᠲᠠᠯᠠ ᠣᠯᠠᠨ ᠢᠶᠠᠷ ᠢᠶᠠᠨ ᠳᠡᠨᠵᠢ ᠬᠣᠲᠣᠢᠢᠲᠠᠯ᠎ᠠ ᠳᠡᠯᠭᠡᠷ ᠰᠠᠢᠢᠬᠠᠨ ᠨᠠᠭᠠᠳᠤᠭᠠᠷᠠᠢ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠯ᠎ᠡ᠃