Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠵᠤ‍᠂ ᠪᠠᠢᠢᠳᠧᠨ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠵᠤ‍᠂ ᠪᠠᠢᠢᠳᠧᠨ ᠠᠴᠠ ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠡᠨᠳᠦᠴᠢᠯᠡᠭᠡ ᠢᠷᠡᠭᠦᠯᠪᠡ᠃

ᠲᠡᠷᠡ ᠪᠡᠷ ᠮᠡᠨᠳᠦᠴᠢᠯᠡᠭᠡᠨ ᠳᠥ ᠪᠡᠨ ᠠᠮᠧᠷᠢᠺᠠ ᠢᠢᠨ ᠨᠢᠭᠡᠳᠦᠭᠰᠡᠨ ᠤᠯᠤᠰ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠮᠣᠩ᠋ᠭᠣᠯ ᠤᠨ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠠᠶᠠᠷ ᠤᠨ ᠮᠡᠨᠳᠦ ᠬᠦᠷᠭᠡᠵᠦ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠪᠡ᠃

《ᠮᠣᠩ᠋ᠭᠣᠯ ᠤᠯᠤᠰ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠲᠦᠩᠰᠢᠯᠡᠯ ᠦᠨ ᠬᠠᠷᠢᠯᠴᠠᠭ᠎ᠠ ᠨᠢ ᠠᠷᠠᠳᠴᠢᠯᠠᠯ᠂ ᠬᠠᠤᠯᠢ ᠳᠡᠭᠡᠳᠦᠯᠡᠬᠦ ᠶᠣᠰᠣ᠂ ᠡᠷᠬᠡ ᠴᠢᠯᠦᠭᠡᠨ ᠳᠥ ᠲᠤᠯᠭᠠᠭᠤᠷᠢᠯᠠᠭᠰᠠᠨ ᠪᠢᠳᠡᠨ ᠦ ᠬᠠᠮᠲᠤ ᠢᠢᠨ ᠦᠨᠡᠲᠦ ᠵᠦᠢᠯᠡᠰ ᠪᠣᠯᠤᠨ ᠳᠡᠯᠡᠬᠡᠢ ᠢᠢᠨ ᠲᠥᠯᠦᠭᠡᠬᠢ ᠠᠯᠤᠰ ᠤᠨ ᠬᠠᠷᠠᠭ᠎ᠠ ᠢᠢ ᠤᠷᠤᠭᠰᠢᠯᠠᠭᠤᠯᠬᠤ ᠳᠤ ᠳᠡᠮᠵᠢᠯᠭᠡ ᠦᠵᠡᠭᠦᠯᠵᠦ ᠢᠷᠡᠭᠰᠡᠨ᠃ ᠪᠢᠳᠡ ᠬᠠᠮᠲᠤ ᠳᠤ ᠪᠠᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠦᠷ᠎ᠡ ᠨᠥᠯᠥᠭᠡ ᠢᠢ ᠰᠠᠭᠠᠷᠠᠭᠤᠯᠬᠤ᠂ ᠠᠷᠠᠳᠴᠢᠯᠠᠭᠰᠠᠨ ᠢᠨᠰᠲ᠋ᠢᠲ᠋ᠤᠢᠼ ᠨᠤᠭᠤᠳ ᠢ ᠪᠡᠬᠢᠵᠢᠭᠦᠯᠬᠦ᠂ ᠭᠡᠮᠲᠦ ᠬᠡᠷᠡᠭ᠂ ᠠᠪᠯᠢᠭ᠎ᠠ ᠲᠠᠢ ᠲᠡᠮᠡᠴᠡᠬᠦ ᠵᠡᠷᠭᠡ ᠳᠡᠯᠡᠬᠡᠢ ᠳᠠᠬᠢᠨ ᠤ ᠪᠣᠯᠤᠨ ᠪᠥᠰᠡ ᠨᠤᠲᠤᠭ ᠤᠨ ᠰᠣᠷᠢᠯᠲᠠ ᠨᠤᠭᠤᠳ ᠢ ᠰᠢᠢᠳᠪᠦᠷᠢᠯᠡᠬᠦ ᠪᠡᠷ ᠠᠵᠢᠯᠯᠠᠵᠤ ᠪᠠᠢᠢᠨ᠎ᠠ᠃ ᠲᠥᠷᠦᠯᠵᠢᠭᠰᠡᠨ᠂ ᠬᠦᠷᠲᠡᠭᠡᠮᠵᠢᠲᠡᠢ ᠡᠳ᠋ ᠍ ᠦᠨ ᠵᠠᠰᠠᠭ ᠤᠨ ᠥᠰᠦᠯᠲᠡ ᠢᠢ ᠬᠠᠩ᠋ᠭᠠᠬᠤ ᠢᠢᠨ ᠲᠥᠯᠥᠭᠡ ᠪᠢᠳᠡ ᠣᠢᠢᠷ᠎ᠠ ᠳᠣᠲᠣᠨᠣ ᠠᠵᠢᠯᠯᠠᠵᠤ ᠪᠠᠢᠢᠨ᠎ᠠ᠃ ᠮᠥᠨ ᠲᠦᠩᠰᠢ᠂ ᠠᠨᠳᠠ ᠨᠥᠬᠥᠳ ᠦᠨ ᠬᠤᠪᠢ ᠳᠤ ᠪᠢᠳᠡ ᠪᠣᠯᠪᠠᠰᠤᠷᠠᠯ᠂ ᠰᠣᠯᠢᠯᠴᠠᠭᠠᠨ ᠤ ᠪᠣᠯᠤᠮᠵᠢ ᠨᠤᠭᠤᠳ ᠢ ᠥᠷᠭᠡᠵᠢᠭᠦᠯᠬᠦ ᠵᠠᠮ ᠢᠶᠠᠷ ᠢᠷᠭᠡᠳ ᠬᠣᠭᠣᠷᠣᠨᠳᠣ ᠢᠢᠨ ᠬᠡᠯᠬᠢᠶ᠎ᠡ ᠬᠣᠯᠪᠣᠭ᠎ᠠ ᠢᠢ ᠤᠯᠠᠮ ᠪᠡᠬᠢᠵᠢᠭᠦᠯᠵᠦ ᠪᠠᠢᠢᠨ᠎ᠠ᠃ ᠴᠢᠨᠠᠭᠰᠢᠳᠠ ᠪᠢᠳᠡᠨ ᠦ ᠪᠠᠲᠤ ᠪᠡᠬᠢ᠂ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠤᠯᠠᠮ ᠭᠦᠨᠵᠡᠭᠡᠢᠢᠷᠡᠭᠦᠯᠬᠦ ᠢᠢᠨ ᠲᠥᠯᠦᠭᠡ ᠪᠠᠢᠢᠨ᠎ᠠ᠃ ᠲᠠᠨ ᠳᠤ ᠪᠣᠯᠤᠨ ᠨᠡᠢᠢᠲᠡ ᠮᠣᠩ᠋ᠭᠣᠯᠴᠤᠳ ᠲᠤ ᠪᠠᠶᠠᠷ ᠨᠠᠭᠠᠳᠤᠮ ᠢᠶᠠᠨ ᠥᠷᠭᠡᠨ ᠳᠡᠯᠭᠡᠷ᠂ ᠲᠠᠪᠠᠲᠠᠢ ᠰᠠᠢᠢᠬᠠᠨ ᠲᠡᠮᠳᠡᠭᠯᠡᠨ ᠥᠩ᠋ᠭᠡᠷᠡᠭᠦᠯᠬᠦ ᠢᠢ ᠬᠦᠰᠡᠨ ᠢᠷᠦᠭᠡᠶ᠎ᠡ》 ᠭᠡᠵᠡᠢ᠃