ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2232 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠬᠰᠤᠨ ᠤ 817 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112 ᠵᠢᠯ᠂ ᠠᠷᠠᠳ ᠤᠨ ᠬᠤᠪᠢᠰᠬᠠᠯ ᠤᠨ 102 ᠵᠢᠯ ᠵᠢᠯ ᠦᠨ ᠣᠢ᠂ ᠤᠯᠤᠰ ᠤᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠢᠢᠨ ᠪᠠᠷᠢᠯᠳᠤᠭᠠᠨ ᠳᠤ ᠲᠠᠪᠤ ᠳᠠᠪᠠᠵᠤ 《ᠤᠯᠤᠰ ᠤᠨ ᠨᠠᠴᠢᠨ》 ᠴᠣᠯᠠ᠂ ᠵᠢᠷᠭᠤᠭ᠎ᠠ ᠳᠠᠪᠠᠵᠤ 《ᠤᠯᠤᠰ ᠤᠨ ᠬᠠᠷᠴᠠᠭ᠎ᠠ》 ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ ᠲᠥ ᠴᠣᠯᠠ ᠣᠯᠭᠤᠯ᠎ᠠ᠃
ᠵᠠᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠨᠠᠴᠢᠨ᠂ ᠬᠠᠷᠴᠠᠭ᠎ᠠ ᠴᠣᠯᠠᠨ ᠤ ᠪᠠᠲᠤᠯᠠᠮᠵᠢ ᠢᠢ ᠭᠠᠷᠳᠠᠭᠤᠯᠵᠤ᠂ ᠡᠩ᠋ᠭᠡᠷ ᠦᠨ ᠲᠡᠮᠳᠡᠭ ᠢ ᠨᠢ ᠵᠡᠭᠦᠵᠦ ᠥᠭ᠍ᠪᠡ᠃
ᠮᠣᠩ᠋ᠭᠣᠯ ᠤᠯᠤᠰ ᠤᠨ ᠨᠠᠴᠢᠨ ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ ᠄
ᠤᠪᠰᠤ ᠠᠢᠢᠮᠠᠭ ᠤᠨ ᠥᠨᠳᠦᠷᠬᠠᠩ᠋ᠭᠠᠢ ᠰᠤᠮᠤ ᠢᠢᠨ ᠬᠠᠷᠢᠶᠠᠲᠤ᠂ 《ᠬᠢᠯᠢᠴᠢᠨ》 ᠰᠫᠣᠷᠲ ᠬᠣᠷᠢᠶ᠎ᠠ᠂ 《ᠤᠪᠰᠤ ᠨᠠᠭᠤᠷ》 ᠳᠡᠪᠵᠢᠭᠡᠨ ᠦ ᠪᠥᠬᠡ ᠳᠠᠮᠳᠢᠨ ᠤ ᠲᠣᠭᠲᠠᠬᠡᠵᠢᠷᠭᠠᠯ᠂
ᠠᠷᠤᠬᠠᠩ᠋ᠭᠠᠢ ᠠᠢᠢᠮᠠᠭ ᠤᠨ ᠪᠠᠲᠤᠴᠡᠩ᠋ᠭᠡᠯ ᠰᠤᠮᠤ ᠢᠢᠨ ᠬᠠᠷᠢᠶᠠᠲᠤ᠂ 《ᠰᠦᠯᠳᠡ》 ᠰᠫᠣᠷᠲ ᠬᠣᠷᠢᠶ᠎ᠠ᠂ 《ᠪᠥᠬᠡ ᠪᠢᠯᠢᠭᠲᠦ》 ᠳᠡᠪᠵᠢᠶᠡᠨ ᠦ ᠪᠥᠬᠡ ᡀᠠᠭᠪᠠᠰᠦ᠋ᠷᠦᠩ ᠦᠨ ᠣᠳᠬᠠᠨᠪᠠᠭᠠᠲᠤᠷ᠂
ᠲᠥᠪ ᠠᠢᠢᠮᠠᠭ ᠤᠨ ᠪᠠᠶᠠᠨᠴᠢᠨᠳᠠᠮᠠᠨᠢ ᠰᠤᠮᠤ ᠢᠢᠨ ᠬᠠᠷᠢᠶᠠᠲᠤ᠂ 《ᠰᠦᠯᠳᠡ》 ᠰᠫᠣᠷᠲ ᠬᠣᠷᠢᠶ᠎ᠠ᠂ 《ᠳᠦᠩᠵᠢᠨᠭᠠᠷᠪᠣ》 ᠳᠡᠪᠵᠢᠶᠡᠨ ᠦ ᠪᠥᠬᠡ ᠡᠷᠳᠡᠨᠢᠪᠢᠯᠢᠭ᠌ ᠦᠨ ᠤᠤᠭᠠᠨᠪᠠᠶᠠᠷ᠃
ᠮᠣᠩ᠋ᠭᠣᠯ ᠤᠯᠤᠰ ᠤᠨ ᠬᠠᠷᠴᠠᠭ᠎ᠠ ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ ᠄
ᠬᠣᠪᠳᠣ ᠠᠢᠢᠮᠠᠭ ᠤᠨ ᠪᠤᠯᠠᠭᠠᠨ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠬᠣᠪᠳᠣ》 ᠳᠡᠪᠵᠢᠶᠡᠨ ᠦ ᠪᠥᠬᠡ ᠭᠠᠩᠪᠠᠭᠠᠲᠤᠷ ᠤᠨ ᠭᠠᠩᠬᠤᠶᠠᠭ᠂
ᠠᠷᠤᠬᠠᠩ᠋ᠭᠠᠢ ᠠᠢᠢᠮᠠᠭ ᠤᠨ ᠬᠠᠰᠢᠶᠠᠳᠤ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠪᠥᠬᠡ ᠪᠢᠯᠢᠭᠲᠦ》 ᠳᠡᠪᠵᠢᠶᠡᠨ ᠦ ᠪᠥᠬᠡ ᠰᠦᠬᠡᠪᠠᠭᠠᠲᠤᠷ ᠤᠨ ᠰᠦᠬᠡᠪᠠᠲᠤ᠃