Та "Internet explorer"-ийн сүүлийн хувилбар болох "Microsoft edge"-г ашиглана уу

Хэрэв "Microsoft edge"-г татах бол энд дарж татаж авна уу

ᠬᠦᠨᠡᠰᠦᠨ ᠦ ᠠᠰᠠᠭᠤᠳᠠᠯᠠᠷᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠡᠭᠡᠳᠦ ᠬᠡᠮᠵᠢᠶᠡᠨ ᠦ ᠠᠭᠤᠯᠵᠠᠯᠲᠠ ᠪᠣᠯᠵᠤ ᠪᠠᠢᠢᠨ᠎ᠠ

ᠬᠦᠨᠡᠰᠦᠨ ᠦ ᠠᠰᠠᠭᠤᠳᠠᠯᠠᠷᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠡᠭᠡᠳᠦ ᠬᠡᠮᠵᠢᠶᠡᠨ ᠦ ᠠᠭᠤᠯᠵᠠᠯᠲᠠ ᠢᠲ᠋ᠠᠯᠢ ᠤᠯᠤᠰ ᠤᠨ ᠨᠡᠢᠢᠰᠯᠡᠯ ᠷᠣᠮ ᠬᠣᠲᠠᠨ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠦᠨᠡᠰᠦ᠂ ᠬᠥᠳᠡᠭᠡ ᠠᠵᠤ ᠠᠬᠤᠢ ᠢᠢᠨ ᠪᠠᠢᠢᠭᠤᠯᠤᠯᠭ᠎ᠠ ᠤᠨ ᠲᠥᠪ ᠪᠠᠢᠢᠷᠢᠨ ᠳᠤ 2023 ᠣᠨ ᠤ 07 ᠳ᠋ᠤᠭᠠᠷ ᠰᠠᠷ᠎ᠠ ᠢᠢᠨ 24- ᠍ ᠦ ᠡᠳᠦᠷ ᠡᠬᠢᠯᠡᠯ᠎ᠡ᠃

ᠳᠡᠭᠡᠳᠦ ᠬᠡᠮᠵᠢᠶᠡᠨ ᠦ ᠠᠭᠤᠯᠵᠠᠯᠲᠠ ᠢᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍  ᠾᠤᠲ᠋ᠧᠷᠷᠧᠱ  ᠢᠢᠨ ᠰᠠᠨᠠᠭᠠᠴᠢᠯᠠᠭ᠎ᠠ ᠪᠠᠷ 2021 ᠣᠨ ᠳᠤ ᠠᠮᠧᠷᠢᠺᠠ ᠢᠢᠨ ᠨᠢᠭᠡᠳᠦᠭᠰᠡᠨ ᠤᠯᠤᠰ ᠤᠨ ᠨᠢᠶᠤ‍-ᠢᠣᠷᠺ ᠬᠣᠲᠠᠨ᠎ᠠ ᠠᠩᠬ᠎ᠠ ᠤᠳᠠᠭ᠎ᠠ ᠵᠣᠬᠢᠶᠠᠨ ᠪᠠᠢᠢᠭᠤᠯᠵᠤ ᠪᠠᠢᠢᠭᠰᠠᠨ ᠶᠤᠮ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠾᠤᠲ᠋ᠧᠷᠷᠧᠱ ᠡᠨᠡ ᠤᠳᠠᠭ᠎ᠠ ᠢᠢᠨ ᠳᠡᠭᠡᠳᠦ ᠬᠡᠮᠵᠢᠶᠡᠨ ᠦ ᠠᠭᠤᠯᠵᠠᠯᠲᠠ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢ ᠤᠷᠢᠬᠰᠠᠨ ᠪᠥᠭᠡᠳ ᠶᠡᠷᠦᠩᠬᠡᠢᠢᠯᠡᠭᠴᠢ ᠢᠢ ᠲᠥᠯᠥᠭᠡᠯᠡᠨ ᠶᠡᠷᠦᠩᠬᠡᠢᠢᠯᠡᠭᠴᠢ ᠢᠢᠨ ᠭᠠᠳᠠᠭᠠᠳᠤ ᠪᠣᠳᠣᠯᠭ᠎ᠠ ᠢᠢᠨ ᠵᠥᠪᠯᠡᠬᠦ ᠡ᠊᠂ ᠣᠳᠤᠨᠪᠠᠶᠠᠷ ᠬᠣᠯᠪᠣᠭᠳᠠᠬᠤ ᠬᠤᠷᠠᠯᠳᠤᠭᠠᠨ ᠨᠤᠭᠤᠳ ᠲᠤ ᠣᠷᠣᠯᠴᠠᠵᠤ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠩ᠋ᠭᠡᠷᠡᠭᠰᠡᠨ ᠣᠨ ᠳᠤ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠢ ᠰᠠᠨᠠᠭᠠᠴᠢᠯᠠᠵᠤ᠂ 19 ᠨᠡᠷ᠎ᠡ ᠲᠥᠷᠦᠯ ᠦᠨ ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠪᠥᠷᠢᠨ ᠬᠠᠩ᠋ᠭᠠᠵᠤ᠂ ᠴᠢᠨᠠᠭᠰᠢᠯᠠᠭᠠᠳ ᠡᠺᠰᠫᠣᠷᠲ᠋ᠯᠤᠭᠴᠢ ᠤᠯᠤᠰ ᠪᠣᠯᠬᠤ ᠪᠤᠶᠤ ᠳᠡᠯᠡᠬᠡᠢ ᠢᠢᠨ ᠬᠦᠮᠦᠨ ᠠᠮᠠ ᠢᠢᠨ ᠬᠦᠨᠡᠰᠦᠨ ᠦ ᠬᠡᠷᠡᠭᠴᠡᠭᠡᠨ ᠳᠥ ᠬᠤᠪᠢ ᠨᠡᠮᠡᠷᠢ ᠣᠷᠣᠭᠤᠯᠬᠤ ᠵᠣᠷᠢᠯᠲᠠ ᠢᠢ ᠳᠡᠪᠰᠢᠭᠦᠯᠦᠭᠰᠡᠨ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠪᠣᠯᠤᠨ ᠭᠠᠳᠠᠨ᠎ᠠ ᠢᠢᠨ ᠡᠤᠯᠤᠰ ᠣᠷᠣᠨ ᠨᠤᠭᠤᠳ ᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠠᠩᠬᠠᠷᠤᠯ ᠬᠠᠨᠳᠤᠭᠤᠯᠤᠨ ᠠᠵᠢᠯᠯᠠᠵᠤ ᠪᠠᠢᠢᠨ᠎ᠠ᠃

ᠭᠤᠷᠪᠠᠨ ᠡᠳᠦᠷ ᠦᠷᠭᠦᠯᠵᠢᠯᠡᠬᠦ ᠡᠨᠡ ᠬᠦ ᠳᠡᠭᠡᠳᠦ ᠬᠡᠮᠵᠢᠶᠡᠨ ᠦ ᠠᠭᠤᠯᠵᠠᠯᠲᠠ ᠳᠤ 170 ᠣᠷᠴᠢᠮ ᠣᠷᠣᠨ ᠤ 2᠂000 ᠣᠷᠴᠢᠮ ᠳᠡᠭᠡᠳᠦ᠂ ᠥᠨᠳᠦᠷ ᠲᠦᠪᠰᠢᠨ ᠦ ᠲᠥᠯᠦᠭᠡᠯᠡᠭᠴᠢ᠂ ᠣᠯᠠᠨ ᠤᠯᠤᠰ ᠤᠨ ᠪᠠᠢᠢᠭᠤᠯᠤᠯᠭ᠎ᠠ᠂ ᠢᠷᠭᠡᠨ ᠦ ᠨᠡᠢᠢᠭᠡᠮ ᠦᠨ ᠲᠥᠯᠦᠭᠡᠯᠡᠯ ᠣᠷᠣᠯᠴᠠᠵᠤ ᠪᠠᠢᠢᠨ᠎ᠠ᠃

ᠳᠡᠭᠡᠳᠦ ᠬᠡᠮᠵᠢᠶᠡᠨ ᠦ ᠠᠭᠤᠯᠵᠠᠯᠲᠠ ᠪᠠᠷ ᠣᠷᠣᠯᠴᠠᠭᠴᠢ ᠤᠯᠤᠰ ᠣᠷᠣᠨ ᠨᠤᠭᠤᠳ 《ᠲᠣᠭᠲᠠᠪᠤᠷᠢᠲᠠᠢ ᠬᠥᠭ᠍ᠵᠢᠯ ᠦᠨ ᠵᠣᠷᠢᠯᠲᠠ》 ᠍ ᠢᠢᠨ ᠬᠣᠶᠠᠳ᠋ᠤᠭᠠᠷ ᠵᠣᠷᠢᠯᠲᠠ ᠪᠣᠯᠬᠤ 《ᠥᠯᠦᠰᠬᠦᠯᠡᠩ ᠢ ᠵᠣᠭᠰᠣᠭᠠᠬᠤ》 ᠵᠣᠷᠢᠯᠲᠠ ᠢᠢᠨ ᠬᠦᠷᠢᠶᠡᠨ ᠳᠥ ᠬᠦᠯᠢᠶᠡᠭᠰᠡᠨ ᠡᠭᠦᠷᠭᠡ ᠠᠮᠠᠯᠠᠯᠲᠠ ᠨᠤᠭᠤᠳ ᠳᠠᠭᠠᠨ ᠭᠠᠷᠭᠠᠭᠰᠠᠨ ᠠᠬᠢᠴᠠ ᠳᠡᠪᠰᠢᠯ ᠢ ᠳ᠋ᠦᠩᠨᠡᠵᠦ᠂ ᠬᠦᠨᠡᠰᠦᠨ ᠦ ᠲᠣᠭᠲᠠᠯᠴᠠᠭ᠎ᠠ ᠢᠢ ᠪᠠᠨ ᠪᠣᠯᠪᠠᠰᠤᠷᠠᠩ᠋ᠭᠤᠢ ᠪᠣᠯᠭᠠᠬᠤ ᠢᠢᠨ ᠲᠤᠯᠠᠳᠠ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶ᠎ᠡ᠂ ᠴᠢᠭᠯᠡᠯ ᠦᠳ ᠢ ᠲᠣᠳᠣᠷᠬᠠᠢᠢᠯᠠᠬᠤ ᠶᠤᠮ᠃