ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ XII ᠶᠡᠬᠡ ᠬᠤᠷᠠᠯ 《ᠮᠣᠩ᠋ᠭᠣᠯ ᠤᠨ ᠡᠩᠬᠡ ᠲᠠᠢᠢᠪᠤᠩ ᠪᠠ ᠲᠡᠦᠬᠡᠨ ᠲᠤᠷᠰᠢᠯᠭ᠎ᠠ》 ᠰᠡᠳᠦᠪ ᠦᠨ ᠬᠦᠷᠢᠶᠡᠨ ᠳᠥ ᠲᠥᠷᠥ ᠢᠢᠨ ᠣᠷᠳᠣᠨ ᠳᠤ ᠡᠬᠢᠯᠡᠯ᠎ᠡ᠃ ᠶᠡᠬᠡ ᠬᠤᠷᠠᠯ ᠳᠤ ᠣᠷᠣᠯᠴᠠᠬᠤ ᠪᠠᠷ ᠳᠡᠯᠡᠬᠡᠢ ᠢᠢᠨ 27 ᠣᠷᠣᠨ ᠤ 500 ᠭᠠᠷᠤᠢ ᠡᠷᠳᠡᠮᠲᠡᠨ ᠰᠤᠳᠤᠯᠤᠭᠠᠴᠢᠳ ᠬᠦᠷᠦᠯᠴᠡᠨ ᠢᠷᠡᠭᠰᠡᠨ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠡᠭᠡᠭᠡᠯᠲᠡ ᠳᠥ ᠣᠷᠣᠯᠴᠠᠵᠤ ᠦᠭᠡ ᠬᠡᠯᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠥᠭᠡᠨ ᠳ᠋ᠥ ᠪᠡᠨ᠄
《ᠡᠷᠬᠢᠮ ᠬᠦᠨᠳᠦᠳᠥ ᠡᠷᠳᠡᠮᠲᠡᠨ ᠮᠡᠷᠭᠡᠳ᠂ ᠮᠣᠩ᠋ᠭᠣᠯ ᠰᠤᠳᠤᠯᠤᠭᠠᠴᠢᠳ ᠠ᠂
ᠡᠷᠬᠢᠮ ᠬᠦᠨᠳᠦᠳᠥ ᠵᠣᠴᠢᠳ ᠲᠥᠯᠥᠭᠡᠯᠡᠭᠴᠢᠳ ᠡ᠂
ᠬᠠᠲᠤᠭᠲᠠᠢ᠂ ᠨᠣᠶᠠᠳ ᠠ᠋᠂
ᠶᠡᠬᠡ ᠮᠣᠩ᠋ᠭᠣᠯ ᠤᠯᠤᠰ ᠤᠨ ᠠᠷᠢᠭᠤᠨ ᠭᠠᠯ ᠭᠣᠯᠣᠮᠲᠠ ᠮᠠᠨ ᠤ ᠰᠠᠢᠢᠬᠠᠨ ᠣᠷᠣᠨ ᠳᠤ ᠲᠢᠢᠪ ᠳᠡᠯᠡᠬᠡᠢ ᠢᠢᠨ ᠥᠨᠴᠥᠭ ᠪᠤᠯᠤᠨᠭ᠌ ᠪᠦᠷᠢ ᠡᠴᠡ ᠬᠦᠷᠦᠯᠴᠡᠨ ᠢᠷᠡᠵᠦ᠂ ᠬᠤᠷᠠᠨ ᠴᠢᠭᠤᠯᠵᠤ ᠪᠤᠢ ᠲᠠ ᠪᠦᠬᠦᠨ ᠳᠥ ᠡᠨᠡ ᠡᠳᠦᠷ ᠦᠨ ᠬᠠᠯᠠᠭᠤᠨ ᠮᠡᠨᠳᠦ ᠢᠢ ᠡᠷᠭᠦᠨ ᠳᠡᠪᠰᠢᠭᠦᠯᠦᠶ᠎ᠡ᠃
ᠤᠯᠠᠭᠠᠨᠪᠠᠭᠠᠲᠤᠷ ᠬᠣᠲᠠᠨ᠎ᠠ 1959 ᠣᠨ ᠳᠤ ᠵᠣᠬᠢᠶᠠᠨ ᠪᠠᠢᠢᠭᠤᠯᠤᠭᠳᠠᠭᠰᠠᠨ《ᠣᠯᠠᠨ ᠤᠯᠤᠰ ᠤᠨ ᠮᠣᠩ᠋ᠭᠣᠯ ᠬᠡᠯᠡ᠂ ᠪᠢᠴᠢᠭ᠌ ᠦᠨ ᠡᠷᠳᠡᠮᠲᠡᠳ ᠦᠨ ᠠᠩᠬᠠᠳᠤᠭᠠᠷ ᠶᠡᠬᠡ ᠬᠤᠷᠠᠯ》 ᠍ ᠠᠴᠠ ᠡᠭᠦᠳᠦᠯᠲᠡᠢ ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ ᠶᠡᠬᠡ ᠬᠤᠷᠠᠯ ᠨᠢ ᠨᠢᠭᠡᠨ ᠵᠢᠷᠠᠨ ᠤ ᠲᠡᠦᠬᠡ ᠲᠡᠢ ᠪᠥᠭᠡᠳ ᠬᠦᠢᠲᠡᠨ ᠳᠠᠢᠢᠨ᠂ ᠳᠠᠶᠠᠭᠠᠷᠴᠢᠯᠠᠯ᠂ ᠨᠡᠢᠢᠭᠡᠮ ᠤᠨ ᠰᠢᠯᠵᠢᠯᠲᠡ᠂ ᠴᠠᠷ ᠲᠠᠬᠤᠯ ᠭᠡᠳ ᠨᠡᠢᠢᠭᠡᠮ᠂ ᠤᠯᠤᠰ ᠲᠥᠷᠥ ᠢᠢᠨ ᠶᠠᠩᠵᠤ ᠪᠦᠷᠢ ᠢᠢᠨ ᠴᠠᠭ ᠦᠶ᠎ᠡ ᠢᠢ ᠲᠤᠭᠤᠯᠤᠨ ᠠᠮᠵᠢᠯᠲᠠᠲᠠᠢ ᠵᠣᠬᠢᠶᠠᠨ ᠪᠠᠢᠢᠭᠤᠯᠤᠭᠳᠠᠭᠰᠠᠭᠠᠷ ᠥᠨᠥᠳᠥᠷ XII ᠶᠡᠬᠡ ᠬᠤᠷᠠᠯ ᠢᠶᠠᠨ ᠬᠢᠵᠦ ᠪᠠᠢᠢᠨ᠎ᠠ᠃
ᠡᠨᠡ ᠤᠳᠠᠭ᠎ᠠ ᠢᠢᠨ ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ XII ᠶᠡᠬᠡ ᠬᠤᠷᠠᠯ ᠳᠤ ᠳᠡᠯᠡᠬᠡᠢ ᠢᠢᠨ 27 ᠣᠷᠣᠨ ᠤ 500 ᠭᠠᠷᠤᠢ ᠡᠷᠳᠡᠮᠲᠡᠨ ᠰᠤᠳᠤᠯᠤᠭᠠᠴᠢᠳ ᠣᠷᠣᠯᠴᠠᠵᠤ᠂ ᠮᠣᠩ᠋ᠭᠣᠯ ᠤᠨ ᠲᠡᠦᠬᠡ᠂ ᠠᠨᠲ᠋ᠷᠣᠫᠣᠯᠣᠭᠢ᠂ ᠠᠷᠬᠧᠣᠯᠣᠭᠢ᠂ ᠬᠡᠯᠡ ᠪᠢᠴᠢᠭ᠌᠂ ᠤᠷᠠᠯᠢᠭ ᠤᠳᠬ᠎ᠠ ᠵᠣᠬᠢᠶᠠᠯ᠂ ᠨᠡᠢᠢᠭᠡᠮ ᠡᠳ᠋ ᠍ ᠦᠨ ᠵᠠᠰᠠᠭ᠂ ᠬᠠᠤᠯᠢ ᠡᠷᠬᠡ ᠵᠦᠢ᠂ ᠭᠠᠳᠠᠭᠠᠳᠤ ᠬᠠᠷᠢᠯᠴᠠᠭ᠎ᠠ᠂ ᠰᠤᠶᠤᠯ ᠤᠯᠠᠮᠵᠢᠯᠠᠯ ᠤᠨ ᠴᠢᠭᠯᠡᠯ ᠢᠶᠡᠷ ᠰᠤᠳᠤᠯᠭ᠎ᠠ ᠰᠢᠨᠵᠢᠯᠡᠭᠡᠨ ᠦ ᠪᠡᠨ ᠦᠷ᠎ᠡ ᠳ᠋ᠦᠩ ᠢ ᠲᠠᠨᠢᠯᠴᠠᠭᠤᠯᠤᠨ ᠬᠡᠯᠡᠯᠴᠡᠭᠦᠯᠬᠦ ᠪᠡᠷ ᠬᠤᠷᠠᠨ ᠴᠢᠭᠤᠯᠤᠭᠠᠳ ᠪᠠᠢᠢᠨ᠎ᠠ᠃
ᠮᠣᠩ᠋ᠭᠣᠯᠴᠤᠳ ᠪᠢᠳᠡᠨ ᠦ ᠲᠥᠷᠥᠳᠦ ᠶᠣᠰᠣ᠂ ᠲᠡᠦᠬᠡ ᠰᠤᠶᠤᠯ᠂ ᠥᠪ ᠤᠯᠠᠮᠵᠢᠯᠠᠯ ᠢ ᠰᠤᠳᠤᠯᠤᠨ ᠰᠢᠨᠵᠢᠯᠡᠵᠦ᠂ ᠬᠦᠮᠦᠨ ᠲᠥᠷᠥᠯᠬᠢᠲᠡᠨ ᠦ ᠬᠥᠭ᠍ᠵᠢᠯ ᠦᠨ ᠲᠡᠦᠬᠡᠨ ᠳᠥ ᠣᠷᠣᠭᠤᠯᠤᠭᠰᠠᠨ ᠬᠤᠪᠢ ᠨᠡᠮᠡᠷᠢ ᠢᠢ ᠦᠨᠡᠯᠡᠨ ᠳ᠋ᠦᠩᠨᠡᠵᠦ᠂ ᠳᠡᠯᠡᠬᠡᠢ ᠶᠢᠷᠲᠢᠨᠴᠦ ᠳ᠋ᠥ ᠰᠤᠷᠲᠠᠯᠴᠢᠯᠠᠨ ᠲᠠᠨᠢᠭᠤᠯᠤᠭᠰᠠᠨ ᠦᠶ᠎ᠡ ᠦᠶ᠎ᠡ ᠢᠢᠨ ᠡᠷᠳᠡᠮᠲᠡᠨ ᠮᠡᠷᠭᠡᠳ ᠦᠨ ᠰᠤᠳᠤᠯᠭ᠎ᠠ ᠰᠢᠨᠵᠢᠯᠡᠭᠡ᠂ ᠪᠦᠲᠦᠭᠡᠯ ᠲᠤᠭᠤᠷᠪᠢᠯ᠂ ᠬᠢᠴᠢᠶᠡᠯ ᠵᠢᠳᠬᠦᠯ ᠦᠨ ᠦᠷ᠎ᠡ ᠳ᠋ᠦᠩ ᠳᠥ《ᠮᠣᠩ᠋ᠭᠣᠯ ᠰᠤᠳᠤᠯᠤᠯ》 ᠬᠡᠳᠦᠨ ᠵᠠᠭᠤᠨ ᠤ ᠡᠮᠦᠨ᠎ᠡ ᠡᠴᠡ ᠡᠭᠦᠰᠦᠨ ᠪᠤᠢ ᠪᠣᠯᠵᠤ ᠡᠳᠦᠭᠡ ᠢᠢ ᠬᠦᠷᠲᠡᠯ᠎ᠡ ᠥᠷᠭᠡᠵᠢᠨ ᠬᠥᠭ᠍᠍ᠵᠢᠭᠰᠡᠭᠡᠷ ᠢᠷᠡᠭᠰᠡᠨ ᠪᠢᠯᠡ᠃
ᠮᠣᠩ᠋ᠭᠣᠯ ᠰᠤᠳᠤᠯᠤᠯ ᠳᠡᠯᠡᠬᠡᠢ ᠳᠠᠬᠢᠨ᠎ᠠ ᠡᠷᠴᠢᠮᠲᠡᠢ ᠬᠥᠭ᠍ᠵᠢᠬᠦ ᠢᠢᠨ ᠬᠢᠷᠢ ᠪᠡᠷ ᠮᠣᠩ᠋ᠭᠣᠯᠴᠤᠳ ᠪᠢᠳᠡᠨ ᠦ ᠡᠦᠬᠡ ᠲᠡᠦᠬᠡ᠂ ᠥᠪ ᠰᠤᠶᠤᠯ ᠤᠨ ᠲᠤᠬᠠᠢ ᠦᠨᠡᠨ ᠪᠣᠳᠠᠲᠤ ᠮᠡᠳᠡᠯᠭᠡ ᠮᠡᠳᠡᠭᠡᠯᠡᠯ ᠬᠦᠮᠦᠨ ᠲᠥᠷᠥᠯᠬᠢᠲᠡᠨ ᠦ ᠬᠦᠷᠲᠡᠭᠡᠯ ᠪᠣᠯᠵᠤ᠂ ᠮᠣᠩ᠋ᠭᠣᠯ ᠤᠯᠤᠰ ᠤᠨ ᠨᠡᠷ᠎ᠡ ᠬᠦᠨᠳᠦ᠂ ᠮᠣᠩ᠋ᠭᠣᠯ ᠦᠨᠳᠦᠰᠦᠲᠡᠨ ᠦ ᠨᠢᠭᠡᠳᠦᠮᠡᠯ ᠦᠨᠡᠲᠦ ᠵᠦᠢᠯ ᠤᠯᠠᠮ ᠪᠦᠷᠢ ᠥᠰᠦᠨ ᠪᠡᠬᠢᠵᠢᠵᠦ ᠪᠠᠢᠢᠨ᠎ᠠ᠃
ᠮᠣᠩ᠋ᠭᠣᠯ ᠰᠤᠳᠤᠯᠤᠯ ᠢ ᠨᠡᠷ᠎ᠡ ᠲᠥᠷᠥᠲᠡᠢ ᠪᠡᠷ ᠵᠠᠯᠭᠠᠮᠵᠢᠯᠠᠨ ᠬᠥᠭ᠍ᠵᠢᠭᠦᠯᠵᠦ᠂ ᠮᠡᠳᠡᠯᠭᠡ ᠴᠢᠳᠠᠪᠤᠷᠢ᠂ ᠰᠡᠳᠬᠢᠯ ᠵᠢᠷᠦᠬᠡ᠂ ᠨᠢᠭᠡᠨ ᠨᠠᠰᠤᠨ ᠤ ᠠᠮᠢᠳᠤᠷᠠᠯ ᠢᠶᠠᠨ ᠵᠣᠷᠢᠭᠤᠯᠵᠤ ᠢᠷᠡᠭᠰᠡᠨ ᠡᠷᠬᠢᠮ ᠬᠦᠨᠳᠦᠳᠥ ᠡᠷᠳᠡᠮᠲᠡᠨ ᠰᠤᠳᠤᠯᠤᠭᠠᠴᠢᠳ ᠲᠠ ᠪᠦᠬᠦᠨ ᠳᠥ ᠮᠣᠩ᠋ᠭᠣᠯ ᠤᠨ ᠨᠡᠢᠢᠲᠡ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ᠎ᠡ᠃
ᠡᠨᠡ ᠤᠳᠠᠭ᠎ᠠ ᠢᠢᠨ ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ XII ᠶᠡᠬᠡ ᠬᠤᠷᠠᠯ 《ᠮᠣᠩ᠋ᠭᠣᠯ ᠤᠨ ᠡᠩᠬᠡ ᠲᠠᠢᠢᠪᠤᠩ ᠪᠠ ᠲᠡᠦᠬᠡᠨ ᠲᠤᠷᠰᠢᠯᠭ᠎ᠠ》 ᠰᠡᠳᠦᠪ ᠦᠨ ᠬᠦᠷᠢᠶᠡᠨ ᠳᠥ ᠵᠣᠬᠢᠶᠠᠨ ᠪᠠᠢᠢᠭᠤᠯᠤᠭᠳᠠᠵᠤ ᠪᠠᠢᠢᠭ᠎ᠠ ᠨᠢ ᠴᠢᠬᠤᠯᠠ ᠠᠴᠢ ᠬᠣᠯᠪᠣᠭᠳᠠᠯ ᠲᠠᠢ ᠶᠤᠮ᠃
ᠡᠳᠦᠭᠡ ᠡᠴᠡ 860 ᠵᠢᠯ ᠦᠨ ᠲᠡᠷᠲᠡᠭᠡ ᠳᠡᠯᠡᠬᠡᠢ ᠢᠢᠨ ᠲᠡᠦᠬᠡ ᠢᠢᠨ ᠮᠢᠩ᠋ᠭᠠᠨ ᠤ ᠰᠤᠤᠲᠤ ᠬᠥᠮᠥᠨ ᠲᠡᠮᠦᠵᠢᠨ ᠮᠡᠨᠳᠦᠯᠡᠵᠦ᠂ ᠲᠥᠷᠥᠳᠦ ᠶᠣᠰᠣ᠂ ᠲᠡᠦᠬᠡ ᠰᠤᠶᠤᠯ᠂ ᠬᠠᠤᠯᠢ ᠴᠠᠭᠠᠵᠠ ᠢᠢᠨ ᠳᠣᠣᠷ᠎ᠠ ᠮᠣᠩ᠋ᠭᠣᠯ ᠲᠤᠭᠤᠷᠭᠠᠲᠠᠨ ᠢ ᠨᠢᠭᠡᠳᠬᠡᠨ᠂ ᠥᠨᠢ ᠡᠷᠲᠡᠨ ᠡᠴᠡ ᠤᠯᠠᠮᠵᠢᠯᠠᠯ ᠲᠠᠢ ᠲᠥᠷᠥᠳᠦ ᠤᠯᠤᠰ ᠢᠶᠠᠨ ᠰᠡᠷᠭᠦᠭᠡᠨ ᠮᠠᠨᠳᠤᠭᠤᠯᠵᠤ᠂ ᠮᠥᠩᠬᠡ ᠲᠩᠷᠢ ᠢᠢᠨ ᠬᠦᠴᠦᠨ ᠳᠣᠣᠷ᠎ᠠ ᠶᠡᠬᠡ ᠮᠣᠩ᠋ᠭᠣᠯ ᠤᠯᠤᠰ ᠢ ᠪᠠᠢᠢᠭᠤᠯᠤᠨ᠂ ᠮᠣᠩ᠋ᠭᠣᠯ ᠤᠨ ᠡᠵᠡᠨᠲᠦ ᠭᠦᠷᠦᠨ ᠦ ᠰᠦᠷ ᠬᠦᠴᠦ ᠢᠢ ᠲᠤᠩᠬᠠᠭᠯᠠᠨ᠂ ᠮᠣᠩ᠋ᠭᠣᠯ ᠦᠨᠳᠦᠰᠦᠲᠡᠨ ᠦ ᠰᠤᠤ ᠠᠯᠳᠠᠷ ᠢ ᠪᠠᠳᠠᠷᠠᠭᠠᠭᠰᠠᠨ ᠡᠵᠡᠨ ᠪᠣᠭᠳᠠ ᠴᠢᠩ᠋ᠭᠢᠰ ᠬᠠᠭᠠᠨ ᠪᠣᠯᠤᠨ ᠡᠷᠭᠦᠮᠵᠢᠯᠡᠭᠳᠡᠵᠦ᠂ ᠳᠡᠯᠡᠬᠡᠢ ᠳᠠᠬᠢᠨ ᠳᠤ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠲᠣᠭᠲᠠᠭᠠᠭᠰᠠᠨ ᠲᠡᠦᠬᠡ ᠲᠡᠢ ᠪᠢᠯᠡ᠃
ᠥᠩ᠋ᠭᠡᠷᠡᠭᠰᠡᠨ ᠵᠢᠯ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠲᠣᠬᠢᠶᠠᠭᠰᠠᠨ ᠪᠥᠭᠡᠳ ᠡᠨᠡ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠴᠢᠩ᠋ᠭᠢᠰ ᠬᠠᠭᠠᠨ ᠰᠤᠳᠤᠯᠤᠯ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ ᠠᠮᠵᠢᠯᠲᠠ ᠲᠠᠢ ᠵᠣᠬᠢᠶᠠᠨ ᠪᠠᠢᠢᠭᠤᠯᠵᠤ᠂ ᠳᠡᠯᠡᠬᠡᠢ ᠢᠢᠨ ᠣᠯᠠᠨ ᠣᠷᠣᠨ ᠤ ᠡᠷᠳᠡᠮᠲᠡᠨ᠂ ᠰᠤᠳᠤᠯᠤᠭᠠᠴᠢᠳ ᠣᠷᠣᠯᠴᠠᠭᠰᠠᠨ᠃
ᠲᠤᠰ ᠬᠤᠷᠠᠯ ᠤᠨ ᠣᠷᠣᠯᠴᠠᠭᠴᠢᠳ ᠮᠣᠩ᠋ᠭᠣᠯ ᠤᠯᠤᠰ ᠤᠨ ᠲᠥᠷᠥ ᠢᠢᠨ ᠲᠡᠷᠢᠭᠦᠨ ᠦ ᠰᠠᠨᠠᠭᠠᠴᠢᠯᠠᠭ᠎ᠠ ᠢᠢ ᠳᠡᠮᠵᠢᠨ ᠴᠢᠩ᠋ᠭᠢᠰ ᠬᠠᠭᠠᠨ ᠰᠤᠳᠤᠯᠤᠯ ᠤᠨ ᠣᠯᠠᠨ ᠤᠯᠤᠰ ᠤᠨ ᠬᠣᠯᠪᠣᠭ᠎ᠠ ᠪᠠᠢᠢᠭᠤᠯᠤᠭᠰᠠᠨ ᠨᠢ ᠮᠣᠩ᠋ᠭᠣᠯ ᠰᠤᠳᠤᠯᠤᠯ᠂ ᠲᠡᠷᠡ ᠳᠤᠮᠳᠠ ᠪᠠᠨ ᠴᠢᠩ᠋ᠭᠢᠰ ᠬᠠᠭᠠᠨ ᠰᠤᠳᠤᠯᠤᠯ ᠳᠤ ᠴᠢᠬᠤᠯᠠ ᠠᠯᠬᠤᠮ ᠪᠣᠯᠤᠯ᠎ᠠ᠃
ᠰᠡᠭᠦᠯ ᠦᠨ ᠵᠢᠯ ᠦᠳ ᠲᠥ ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭ᠎ᠠ ᠣᠯᠠᠨ ᠤᠯᠤᠰ ᠤᠨ ᠲᠠᠪᠴᠠᠩ ᠳᠤ ᠤᠯᠠᠮ ᠥᠰᠦᠨ ᠪᠡᠬᠢᠵᠢᠵᠦ ᠪᠠᠢᠢᠭ᠎ᠠ ᠪᠥᠭᠡᠳ ᠥᠩ᠋ᠭᠡᠷᠡᠭᠰᠡᠨ ᠵᠢᠯ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ ᠾᠤᠢᠲ᠋ᠧᠷᠷᠧᠱ ᠮᠣᠩ᠋ᠭᠣᠯ ᠤᠯᠤᠰ ᠲᠤ ᠠᠢᠢᠯᠴᠢᠯᠠᠬᠤ ᠳᠤ ᠪᠠᠨ 《ᠮᠣᠩ᠋ᠭᠣᠯ ᠤᠯᠤᠰ ᠪᠣᠯ ᠡᠩᠬᠡ ᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠤᠯᠤᠰ》 ᠬᠡᠮᠡᠨ ᠳᠡᠯᠡᠬᠡᠢ ᠨᠡᠢᠢᠲᠡ ᠳᠥ ᠵᠠᠷᠯᠠᠭᠰᠠᠨ ᠪᠢᠯᠡ᠃
ᠡᠨᠡ ᠪᠣᠯ ᠵᠠᠭᠤᠨ ᠵᠠᠭᠤᠨ ᠢ ᠥᠷᠲᠡᠭᠡᠯᠡᠨ ᠢᠷᠡᠭᠰᠡᠨ ᠡᠪ ᠢ ᠰᠠᠬᠢᠵᠤ᠂ ᠡᠩᠬᠡ ᠢᠢ ᠡᠷᠬᠢᠮᠯᠡᠨ᠂ ᠠᠮᠤᠷ ᠠᠮᠤᠭᠤᠯᠠᠩ ᠠᠵᠤ ᠲᠥᠷᠥᠬᠦ ᠮᠣᠩ᠋ᠭᠣᠯ ᠲᠥᠷᠥ ᠢᠢᠨ ᠦᠵᠡᠯ ᠰᠠᠨᠠᠭ᠎ᠠ᠂ ᠦᠨᠡᠲᠦ ᠵᠦᠢᠯ ᠢ ᠥᠨᠥ ᠴᠠᠭ ᠤᠨ ᠮᠣᠩ᠋ᠭᠣᠯᠴᠤᠳ ᠪᠢᠳᠡ ᠥᠪᠯᠡᠨ ᠤᠯᠠᠮᠵᠢᠯᠠᠵᠤ᠂ ᠵᠠᠯᠭᠠᠮᠵᠢᠯᠠᠨ ᠪᠠᠷᠢᠮᠲᠠᠯᠠᠵᠤ ᠪᠠᠢᠢᠭ᠎ᠠ ᠢᠢ ᠦᠨᠡᠯᠡᠭᠰᠡᠨ ᠬᠡᠷᠡᠭ ᠶᠤᠮ᠃
ᠴᠢᠨᠠᠭᠰᠢᠳᠠ ᠴᠤ ᠮᠣᠩ᠋ᠭᠣᠯ ᠤᠯᠤᠰ ᠳᠡᠯᠡᠬᠡᠢ ᠳᠠᠬᠢᠨ ᠤ ᠡᠩᠬᠡ ᠲᠠᠢᠢᠪᠤᠩ᠂ ᠬᠦᠮᠦᠨ ᠲᠥᠷᠥᠯᠬᠢᠲᠡᠨ ᠦ ᠠᠮᠤᠷ ᠠᠮᠤᠭᠤᠯᠠᠩ᠂ ᠠᠶᠤᠯ ᠦᠭᠡᠢ ᠪᠠᠢᠢᠳᠠᠯ ᠤᠨ ᠲᠥᠯᠦᠭᠡᠬᠢ ᠦᠢᠯᠡᠰ ᠲᠥ ᠢᠳᠡᠪᠬᠢ ᠰᠠᠨᠠᠭᠠᠴᠢᠯᠭ᠎ᠠ ᠲᠠᠢ ᠣᠷᠣᠯᠴᠠᠵᠤ᠂ ᠡᠨᠡᠬᠦ ᠪᠠᠢᠢᠷᠢ ᠰᠠᠭᠤᠷᠢ ᠪᠠᠨ ᠤᠯᠠᠮ ᠪᠦᠷ ᠪᠠᠲᠤᠳᠬᠠᠨ ᠪᠡᠬᠢᠵᠢᠭᠦᠯᠬᠦ ᠪᠣᠯᠤᠨ᠎ᠠ᠃
ᠡᠷᠬᠢᠮ ᠬᠦᠨᠳᠦᠳᠥ ᠡᠷᠳᠡᠮᠲᠡᠨ ᠰᠤᠳᠤᠯᠤᠭᠠᠴᠢᠳ ᠠ᠂
ᠡᠷᠬᠢᠮ ᠬᠦᠨᠳᠦᠳᠥ ᠵᠣᠴᠢᠳ ᠠ᠋᠂
ᠨᠢᠭᠡᠨ ᠴᠠᠭ ᠲᠤ ᠮᠣᠩ᠋ᠭᠣᠯ ᠤᠨ ᠡᠵᠡᠨᠲᠦ ᠭᠦᠷᠦᠨ ᠦ ᠠᠯᠲᠠᠨ ᠠᠷᠭᠠᠮᠵᠢ ᠪᠣᠯᠤᠭᠰᠠᠨ ᠡᠯᠴᠢ ᠨᠠᠷ ᠬᠦᠯᠦᠭ ᠮᠣᠷᠢᠨ ᠤ ᠬᠤᠷᠳᠤ ᠪᠠᠷ ᠳᠡᠯᠡᠬᠡᠢ ᠳᠠᠬᠢᠨ ᠳᠤ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠵᠠᠷᠯᠠᠨ ᠲᠤᠩᠬᠠᠭᠯᠠᠵᠤ ᠪᠠᠢᠢᠭᠰᠠᠨ ᠪᠣᠯ ᠡᠨᠡ ᠴᠠᠭ ᠦᠶ᠎ᠡ ᠳᠥ ᠡᠷᠳᠡᠮᠲᠡᠨ ᠮᠡᠷᠭᠡᠳ ᠲᠠ ᠪᠦᠬᠦᠨ ᠮᠣᠩ᠋ᠭᠣᠯ ᠤᠯᠤᠰ ᠢ ᠳᠡᠯᠡᠬᠡᠢ ᠳᠠᠬᠢᠨ ᠳᠤ ᠰᠤᠷᠲᠠᠯᠴᠢᠯᠠᠨ ᠲᠠᠨᠢᠭᠤᠯᠬᠤ ᠡᠷᠳᠡᠮ ᠰᠤᠳᠤᠯᠤᠯ ᠤᠨ ᠡᠯᠴᠢ ᠪᠣᠯᠵᠤ ᠪᠠᠢᠢᠭ᠎ᠠ ᠪᠢᠯᠡ᠃
ᠮᠣᠩ᠋ᠭᠣᠯ ᠦᠨᠳᠦᠰᠦᠲᠡᠨ ᠦ ᠳᠡᠯᠡᠬᠡᠢ ᠳᠠᠬᠢᠨ ᠳᠤ ᠳᠠᠭᠤᠷᠢᠰᠠᠭᠳᠠᠭᠰᠠᠨ ᠠᠷᠪᠢᠨ ᠪᠠᠶᠠᠯᠢᠭ ᠲᠡᠦᠬᠡ᠂ ᠬᠦᠮᠦᠨ ᠲᠥᠷᠥᠯᠬᠢᠲᠡᠨ ᠳᠥ ᠦᠨᠡᠯᠡᠭᠳᠡᠭᠰᠡᠨ ᠠᠤᠭ᠎ᠠ ᠶᠡᠬᠡ ᠭᠠᠪᠢᠶ᠎ᠠ ᠵᠢᠳᠬᠦᠯ᠂ ᠲᠢᠢᠪ ᠳᠡᠯᠡᠬᠡᠢ ᠳᠥ ᠭᠠᠢᠢᠬᠠᠭᠳᠠᠭᠰᠠᠨ ᠳᠠᠬᠢᠨ ᠳᠠᠪᠲᠠᠭᠳᠠᠰᠢ ᠦᠭᠡᠢ ᠨᠡᠭᠦᠳᠡᠯ ᠦᠨ ᠰᠤᠶᠤᠯ ᠢᠷᠭᠡᠨᠰᠢᠯ᠂ ᠥᠪᠡᠷᠮᠢᠴᠡ ᠨᠠᠨᠳᠢᠨ ᠥᠪ ᠰᠤᠶᠤᠯ ᠢ ᠰᠤᠳᠤᠯᠤᠨ ᠰᠢᠨᠵᠢᠯᠡᠵᠦ᠂ ᠣᠯᠠᠨ ᠤᠯᠤᠰ ᠲᠤ ᠮᠣᠩ᠋ᠭᠣᠯ ᠰᠤᠳᠤᠯᠤᠯ ᠢ ᠬᠥᠭ᠍ᠵᠢᠭᠦᠯᠬᠦ ᠲᠠ ᠪᠦᠬᠦᠨ ᠦ ᠶᠡᠬᠡ ᠦᠢᠯᠡ ᠬᠡᠷᠡᠭ ᠢ ᠮᠣᠩ᠋ᠭᠣᠯ ᠤᠨ ᠲᠥᠷᠥ ᠪᠦᠬᠦ ᠲᠠᠯ᠎ᠠ ᠪᠠᠷ ᠳᠡᠮᠵᠢᠨ ᠬᠠᠮᠲᠤᠷᠠᠨ ᠠᠵᠢᠯᠯᠠᠬᠤ ᠪᠣᠯᠤᠨ᠎ᠠ᠃
ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ XII ᠶᠡᠬᠡ ᠬᠤᠷᠠᠯ ᠤᠨ ᠦᠢᠯᠡ ᠠᠵᠢᠯᠯᠠᠭᠠᠨ ᠳᠤ ᠠᠮᠵᠢᠯᠲᠠ ᠬᠦᠰᠡᠵᠦ᠂ ᠨᠡᠢᠢᠲᠡ ᠣᠷᠣᠯᠴᠠᠭᠴᠢ ᠡᠷᠳᠡᠮᠲᠡᠨ ᠰᠤᠳᠤᠯᠤᠭᠠᠴᠢ ᠲᠠ ᠪᠦᠬᠦᠨ ᠦ ᠡᠷᠳᠡᠮ ᠰᠤᠳᠤᠯᠤᠯ ᠤᠨ ᠶᠡᠬᠡ ᠦᠢᠯᠡ ᠬᠡᠷᠡᠭ ᠲᠥ ᠥᠨᠳᠥᠷ ᠠᠮᠵᠢᠯᠲᠠ ᠬᠦᠰᠡᠶ᠎ᠡ᠃
ᠮᠣᠩ᠋ᠭᠣᠯ ᠰᠤᠳᠤᠯᠤᠯ ᠦᠶ᠎ᠡ ᠢᠢᠨ ᠦᠶ᠎ᠡ ᠳᠥ ᠬᠥᠭ᠍ᠵᠢᠨ ᠳᠡᠯᠭᠡᠷᠡᠬᠦ ᠪᠣᠯᠲᠤᠭᠠᠢ》 ᠭᠡᠯᠡ᠃