Та "Internet explorer"-ийн сүүлийн хувилбар болох "Microsoft edge"-г ашиглана уу

Хэрэв "Microsoft edge"-г татах бол энд дарж татаж авна уу

ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠍ ᠤᠨ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ᠂ ᠬᠠᠲᠤᠭᠲᠠᠢ ᠹᠢᠣᠨᠠ ᠪᠯᠠᠢᠢᠲ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃ ᠡᠯᠴᠢᠨ ᠰᠠᠢᠢᠳ ᠢᠶᠠᠷ ᠲᠣᠮᠢᠯᠠᠭᠳᠠᠭᠰᠠᠨ ᠳᠤ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠠᠶᠠᠷ ᠬᠦᠷᠭᠡᠵᠦ᠂ ᠠᠮᠵᠢᠯᠲᠠ ᠬᠦᠰᠡᠪᠡ᠃

ᠲᠡᠷᠡ ᠪᠡᠷ᠎ᠡ ᠮᠣᠩ᠋ᠭᠣᠯ᠂ ᠪᠷᠢᠲ᠋ᠠᠨᠢ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 60 ᠵᠢᠯ ᠦᠨ ᠣᠢ ᠡᠨᠡ ᠣᠨ ᠳᠤ ᠲᠣᠬᠢᠶᠠᠵᠤ ᠪᠤᠢ ᠢᠢ ᠣᠨᠴᠠᠯᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠨ᠂ ᠳᠡᠭᠡᠳᠦ᠂ ᠥᠨᠳᠦᠷ ᠬᠡᠮᠵᠢᠶᠡᠨ ᠦ ᠠᠢᠢᠯᠴᠢᠯᠠᠯ ᠬᠡᠷᠡᠭᠵᠢᠭᠦᠯᠬᠦ ᠢᠢ ᠴᠢᠬᠤᠯᠠᠴᠢᠯᠠᠵᠤ ᠪᠠᠢᠢᠭ᠎ᠠ ᠢᠢ ᠲᠡᠮᠳᠡᠭᠯᠡᠪᠡ᠃ ᠡᠯᠴᠢᠨ ᠰᠠᠢᠢᠳ ᠹᠢᠣᠨᠠ ᠪᠯᠠᠢᠢᠲ ᠬᠣᠶᠠᠷ ᠤᠯᠤᠰ ᠤᠨ ᠬᠠᠷᠢᠯᠴᠠᠭ᠎ᠠ ᠢᠢ ᠥᠷᠭᠡᠵᠢᠭᠦᠯᠬᠦ ᠢᠢᠨ ᠲᠥᠯᠦᠭᠡ ᠬᠢᠴᠢᠶᠡᠨ ᠠᠵᠢᠯᠯᠠᠬᠤ ᠪᠠᠨ ᠢᠯᠡᠷᠬᠡᠢᠢᠯᠡᠪᠡ᠃
ᠹᠢᠣᠨᠠ ᠪᠯᠠᠢᠢᠲ ᠶᠡᠬᠡ ᠪᠷᠢᠲ᠋ᠠᠨᠢ ᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ᠂ ᠦᠨᠳᠦᠰᠦᠨ ᠦ ᠠᠶᠤᠯ ᠦᠭᠡᠢ ᠪᠠᠢᠢᠳᠠᠯ ᠤᠨ ᠨᠠᠷᠢᠨ ᠪᠢᠴᠢᠭ᠌ ᠦᠨ ᠳᠠᠷᠤᠭ᠎ᠠ ᠢᠢᠨ ᠠᠯᠪᠠ᠂ ᠭᠠᠳᠠᠭᠠᠳᠤ ᠬᠡᠷᠡᠭ᠂ ᠬᠠᠮᠲᠤ ᠢᠢᠨ ᠨᠥᠬᠥᠷᠯᠡᠯ ᠦᠨ ᠶᠠᠮᠤᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠡᠷᠭᠡᠳᠡ ᠰᠠᠭᠤᠭ᠎ᠠ ᠪᠷᠢᠲ᠋ᠠᠨᠢ ᠤᠨ ᠪᠠᠢᠢᠩ᠋ᠭᠤ ᠢᠢᠨ ᠲᠥᠯᠥᠭᠡᠯᠡᠭᠴᠢ ᠢᠢᠨ ᠭᠠᠵᠠᠷ᠂ ᠰᠣᠮᠠᠯᠢ ᠳ᠋ᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠲᠥᠯᠥᠭᠡᠯᠡᠭᠴᠢ ᠢᠢᠨ ᠭᠠᠵᠠᠷ ᠲᠤ ᠠᠵᠢᠯᠯᠠᠵᠤ ᠪᠠᠢᠢᠭᠰᠠᠨ ᠶᠤᠮ᠃