ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠾᠡᠯᠢᠮᠤᠢᠲ ᠷᠦᠳᠣᠯᠢᠹ ᠺᠦᠯᠢᠲ᠋ᠴ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃
ᠶᠡᠷᠦᠩᠬᠡᠢᠢᠯᠡᠭᠴᠢ ᠤ᠊᠂ ᠬᠦᠷᠡᠯᠰᠦ᠋ᠬᠡ ᠮᠣᠩ᠋ᠭᠣᠯ ᠤᠯᠤᠰ ᠤᠨ ᠴᠢᠬᠤᠯᠠ ᠭᠤᠷᠪᠠᠳᠠᠭᠴᠢ ᠬᠥᠷᠰᠢ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠲᠠᠢ ᠥᠷᠨᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠣᠨᠴᠤᠭᠤᠢ ᠠᠴᠢ ᠬᠣᠯᠪᠣᠭᠳᠠᠯ ᠲᠠᠢ ᠢᠢ ᠲᠡᠮᠳᠡᠭᠯᠡᠵᠦ᠂ ᠬᠠᠷᠢᠯᠴᠠᠭ᠎ᠠ ᠢᠢ ᠴᠢᠨᠠᠭᠰᠢᠳᠠ ᠥᠷᠭᠡᠵᠢᠭᠦᠯᠦᠨ ᠭᠦᠨᠵᠡᠭᠡᠢᠢᠷᠡᠭᠦᠯᠬᠦ᠂ ᠰᠢᠲᠠ ᠠᠬᠢᠭᠤᠯᠬᠤ ᠳᠤ ᠡᠯᠴᠢᠨ ᠰᠠᠢᠢᠳ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠵᠦ ᠪᠠᠢᠢᠭ᠎ᠠ ᠪᠠᠨ ᠢᠯᠡᠷᠬᠡᠢᠢᠯᠡᠪᠡ᠃
ᠡᠯᠴᠢᠨ ᠰᠠᠢᠢᠳ ᠾ᠂ ᠷ᠂ ᠺᠦᠯᠢᠲ᠋ᠴ 2024 ᠣᠨ ᠳᠤ ᠲᠣᠬᠢᠶᠠᠬᠤ ᠮᠣᠩ᠋ᠭᠣᠯ ᠤᠯᠤᠰ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢ ᠦᠷ᠎ᠡ ᠳ᠋ᠦᠩ ᠲᠡᠢ ᠲᠡᠮᠳᠡᠭᠯᠡᠬᠦ᠂ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠢᠢᠯᠴᠢᠯᠠᠯ ᠬᠡᠷᠡᠭᠵᠢᠭᠦᠯᠬᠦ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠪᠠᠨ᠂ ᠢᠷᠭᠡᠳ ᠬᠣᠭᠣᠷᠣᠨᠳᠣ ᠢᠢᠨ ᠬᠠᠷᠢᠯᠴᠠᠭ᠎ᠠ ᠬᠣᠯᠪᠣᠭ᠎ᠠ ᠢᠢ ᠨᠡᠮᠡᠭᠳᠡᠭᠦᠯᠬᠦ ᠢᠢᠨ ᠲᠥᠯᠥᠭᠡ ᠴᠢᠷᠮᠠᠢᠢᠨ ᠠᠵᠢᠯᠯᠠᠬᠤ ᠪᠠᠨ ᠣᠨᠴᠠᠯᠠᠪᠠ᠃
ᠡᠯᠴᠢᠨ ᠰᠠᠢᠢᠳ ᠾ᠂ ᠷ᠂ ᠺᠦᠯᠢᠲ᠋ᠴ ᠨᠢ 1992 ᠣᠨ ᠠᠴᠠ ᠬᠣᠢᠢᠰᠢ ᠬᠣᠯᠪᠣᠭᠠᠨ ᠤ ᠭᠠᠳᠠᠭᠠᠳᠤ ᠬᠡᠷᠡᠭ ᠦᠨ ᠶᠠᠮᠤᠨ ᠳᠤ ᠠᠵᠢᠯᠯᠠᠵᠤ ᠪᠠᠢᠢᠭ᠎ᠠ ᠪᠥᠭᠡᠳ ᠧᠭᠢᠫᠧᠲ᠂ ᠪᠣᠯᠭᠠᠷ᠂ ᠠᠦᠢᠰᠲ᠋ᠷᠢ᠂ ᠺᠣᠩ᠋ᠭᠣ᠂ ᠨᠢᠭᠧᠷ᠂ ᠴᠠᠳ᠋ ᠤᠯᠤᠰ ᠳ᠋ᠠᠬᠢ ᠳ᠋ᠢᠫᠯᠣᠮᠠᠲ ᠲᠥᠯᠥᠭᠡᠯᠡᠭᠴᠢ ᠢᠢᠨ ᠭᠠᠵᠠᠷ᠂ ᠪᠦᠭᠦᠳᠡ ᠨᠠᠢᠢᠷᠠᠮᠳᠠᠬᠤ ᠴᠠᠳ᠋ ᠤᠯᠤᠰ ᠲᠤ ᠡᠯᠴᠢᠨ ᠰᠠᠢᠢᠳ ᠢᠶᠠᠷ ᠠᠵᠢᠯᠯᠠᠵᠤ ᠪᠠᠢᠢᠭᠰᠠᠨ ᠶᠤᠮ᠃