Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠺᠢᠷᠭᠢᠽ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠠ‍᠂ ᠠᠷᠲ᠋ᠧᠺᠪᠠᠧᠸ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠡᠯᠴᠢᠨ ᠰᠠᠢᠢᠳ ᠠ‍᠂ ᠠᠷᠲ᠋ᠧᠺᠪᠠᠧᠸ  ᠢ ᠡᠭᠦᠷᠭᠡᠳᠥ ᠠᠵᠢᠯ ᠳᠤ ᠪᠠᠨ ᠣᠷᠣᠵᠤ ᠪᠤᠢᠢ ᠳ᠋ᠥ ᠨᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠪᠡ᠃

ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠤᠯᠠᠮ ᠭᠦᠨᠵᠡᠭᠡᠢᠢᠷᠡᠭᠦᠯᠬᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠡᠬᠢᠵᠢᠭᠦᠯᠬᠦ᠂ ᠮᠥᠨ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠢᠢᠨ ᠮᠣᠩ᠋ᠭᠣᠯ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ ᠤᠨ ᠦᠶ᠎ᠡ ᠪᠡᠷ ᠶᠠᠷᠢᠭᠳᠠᠭᠰᠠᠨ ᠠᠰᠠᠭᠤᠳᠠᠯ ᠤᠳ ᠢ ᠪᠣᠳᠠᠲᠤ ᠠᠵᠢᠯ ᠬᠡᠷᠡᠭ ᠪᠣᠯᠭᠠᠬᠤ ᠳᠤ ᠡᠯᠴᠢᠨ ᠰᠠᠢᠢᠳ ᠬᠦᠴᠦᠨ ᠴᠢᠷᠮᠠᠢᠢᠯᠲᠠ ᠭᠠᠷᠭᠠᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠤᠢ ᠢᠢ ᠪᠠᠨ ᠲᠡᠮᠳᠡᠭᠯᠡᠪᠡ᠃

ᠲᠡᠭᠦᠨᠴᠢᠯᠡᠨ ᠬᠠᠮᠲᠤ ᠢᠢᠨ ᠠᠵᠢᠯᠯᠠᠭ᠎ᠠ ᠢᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠵᠡᠷᠭᠡ ᠣᠯᠠᠨ ᠤᠯᠤᠰ ᠤᠨ ᠪᠠᠢᠢᠭᠤᠯᠤᠯᠭ᠎ᠠ ᠤᠨ ᠬᠦᠷᠢᠶᠡᠨ ᠳᠥ ᠥᠷᠭᠡᠵᠢᠭᠦᠯᠦᠨ ᠪᠡᠬᠢᠵᠢᠭᠦᠯᠬᠦ ᠢᠢᠨ ᠲᠥᠯᠥᠭᠡ ᠪᠠᠢᠢᠭ᠎ᠠ ᠢᠢ ᠣᠨᠴᠠᠯᠠᠪᠠ᠃