Та "Internet explorer"-ийн сүүлийн хувилбар болох "Microsoft edge"-г ашиглана уу

Хэрэв "Microsoft edge"-г татах бол энд дарж татаж авна уу

ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠬᠦᠷᠦᠯᠴᠡᠨ ᠢᠷᠡᠯ᠎ᠡ

ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ ᠫᠠᠫ ᠹᠷᠠᠨᠼᠢᠰ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠲᠥᠷᠦ ᠢᠢᠨ ᠠᠢᠢᠯᠴᠢᠯᠠᠯ ᠬᠢᠬᠦ ᠪᠡᠷ ᠮᠣᠩ᠋ᠭᠣᠯ ᠤᠯᠤᠰ ᠲᠤ ᠬᠦᠷᠦᠯᠴᠡᠨ ᠢᠷᠡᠯ᠎ᠡ᠃

ᠲᠡᠦᠬᠡᠨ ᠳᠥ ᠲᠣᠳᠣ ᠪᠠᠷ ᠲᠡᠮᠳᠡᠭᠯᠡᠭᠳᠡᠨ ᠦᠯᠳᠡᠬᠥ ᠡᠨᠡ ᠠᠢᠢᠯᠴᠢᠯᠠᠯ ᠬᠣᠶᠠᠷ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠮᠣᠩ᠋ᠭᠣᠯ ᠤᠯᠤᠰ ᠤᠨ ᠭᠤᠷᠪᠠᠳᠠᠭᠴᠢ ᠬᠥᠷᠰᠢ ᠢᠢᠨ ᠪᠣᠯᠤᠨ ᠡᠩᠬᠡ ᠲᠠᠢᠢᠪᠤᠩᠴᠢ ᠭᠠᠳᠠᠭᠠᠳᠤ ᠪᠣᠳᠣᠯᠭ᠎ᠠ᠂ ᠦᠢᠯᠡ ᠠᠵᠢᠯᠯᠠᠭ᠎ᠠ ᠢᠢ ᠪᠠᠲᠤᠳᠬᠠᠬᠤ ᠠᠴᠢ ᠬᠣᠯᠪᠣᠭᠳᠠᠯ ᠲᠠᠢ᠃
ᠮᠣᠩ᠋ᠭᠣᠯ ᠤᠯᠤᠰ᠂ ᠭᠡᠭᠡᠨ ᠰᠢᠷᠡᠭᠡᠲᠦ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 31 ᠵᠢᠯ ᠦᠨ ᠬᠤᠭᠤᠴᠠᠭᠠᠨ ᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠤᠶᠤᠯ᠂ ᠪᠣᠯᠪᠠᠰᠤᠷᠠᠯ᠂ ᠡᠷᠡᠭᠦᠯ ᠮᠡᠨᠳᠦ᠂ ᠬᠦᠮᠦᠨᠯᠢᠭ ᠦᠨ ᠰᠠᠯᠪᠤᠷᠢ ᠲᠤ ᠥᠷᠨᠢᠵᠦ ᠪᠠᠢᠢᠨ᠎ᠠ᠃

ᠬᠣᠶᠠᠷ ᠤᠯᠤᠰ ᠤᠨ ᠬᠠᠷᠢᠯᠴᠠᠭ᠎ᠠ ᠣᠯᠠᠨ ᠵᠠᠭᠤᠨ ᠵᠢᠯ ᠦᠨ ᠲᠡᠦᠬᠡ ᠲᠡᠢ ᠢᠢ ᠭᠡᠭᠡᠨ ᠰᠢᠷᠡᠭᠡᠲᠦ ᠤᠯᠤᠰ ᠤᠨ ᠨᠣᠮ ᠤᠨ ᠰᠠᠩ᠂ ᠠᠷᠬᠢᠸ ᠲᠤ ᠬᠠᠳᠠᠭᠠᠯᠠᠭᠳᠠᠵᠤ ᠪᠤᠢ ᠬᠠᠷᠢᠯᠴᠠᠨ ᠰᠣᠯᠢᠯᠴᠠᠭᠰᠠᠨ ᠵᠠᠬᠢᠳᠠᠯ᠂ ᠲᠡᠦᠬᠡᠨ ᠪᠠᠷᠢᠮᠲᠠ ᠪᠢᠴᠢᠭ᠌ ᠦᠳ ᠨᠣᠲᠠᠯᠠᠳᠠᠭ ᠶᠤᠮ᠃