ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ ᠫᠠᠫ ᠹᠷᠠᠨᠼᠢᠰ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠨᠠᠷ ᠲᠥᠷᠥ ᠢᠢᠨ ᠣᠷᠳᠣᠨ ᠳᠤ ᠠᠯᠪᠠᠨ ᠶᠣᠰᠣᠨ ᠤ ᠠᠭᠤᠯᠵᠠᠯᠲᠠ ᠬᠢᠪᠡ᠃
ᠠᠭᠤᠯᠵᠠᠯᠲᠠ ᠢᠢᠨ ᠦᠶ᠎ᠡ ᠪᠡᠷ ᠡᠷᠲᠡᠨ ᠦ ᠲᠡᠦᠬᠡᠨ ᠬᠠᠷᠢᠯᠴᠠᠭᠠᠳᠤ ᠮᠣᠩ᠋ᠭᠣᠯ ᠤᠯᠤᠰ᠂ ᠭᠡᠭᠡᠨ ᠰᠢᠷᠡᠭᠡᠲᠦ ᠤᠯᠤᠰ ᠤᠨ ᠨᠠᠢᠢᠷᠰᠠᠭ ᠬᠠᠷᠢᠯᠴᠠᠭ᠎ᠠ ᠢᠢ ᠥᠷᠭᠡᠵᠢᠭᠦᠯᠬᠦ᠂ ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠬᠦᠮᠦᠨᠯᠢᠭ ᠦᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠪᠣᠯᠤᠨ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠶᠠᠷᠢᠯᠴᠠᠯ᠎ᠠ᠃
ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠪᠠᠢᠢᠭᠠᠯᠢ ᠣᠷᠴᠢᠨ ᠤ ᠳᠣᠷᠣᠢᠢᠲᠠᠯ ᠵᠡᠷᠭᠡ ᠳᠡᠯᠡᠬᠡᠢ ᠨᠡᠢᠢᠲᠡ ᠳᠥ ᠲᠤᠯᠭᠠᠮᠳᠠᠵᠤ ᠪᠤᠢ ᠠᠰᠠᠭᠤᠳᠠᠯ ᠢ ᠰᠢᠢᠳᠪᠦᠷᠢᠯᠡᠬᠦ ᠳᠥ ᠤᠯᠤᠰ ᠪᠦᠷᠢ ᠢᠢᠨ ᠣᠷᠣᠯᠴᠠᠭ᠎ᠠ ᠴᠢᠬᠤᠯᠠ ᠭᠡᠳᠡᠭ ᠢ ᠬᠠᠷᠢᠯᠴᠠᠨ ᠨᠣᠲᠠᠯᠠᠵᠤ᠂ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠤᠯᠢᠯᠴᠠᠪᠠ᠃
ᠮᠣᠩ᠋ᠭᠣᠯ ᠤᠨ ᠡᠵᠡᠨᠲᠦ ᠭᠦᠷᠦᠨ ᠦ ᠬᠠᠭᠠᠳ ᠤᠳ XIII ᠵᠠᠭᠤᠨ ᠳᠤ ᠲᠤᠬᠠᠢ ᠢᠢᠨ ᠦᠶ᠎ᠡ ᠢᠢᠨ ᠫᠠᠫ ᠨᠠᠷ ᠲᠠᠢ ᠡᠯᠴᠢ ᠰᠢᠳᠬᠡᠨ ᠵᠠᠬᠢᠳᠠᠯ ᠢᠶᠠᠷ ᠬᠠᠷᠢᠯᠴᠠᠵᠤ᠂ ᠤᠯᠤᠰ ᠲᠦᠮᠡᠨ ᠦ ᠠᠰᠠᠭᠤᠳᠠᠯ ᠢᠶᠠᠷ ᠬᠡᠷᠡᠭ ᠬᠡᠯᠡᠯᠴᠡᠵᠦ ᠪᠠᠢᠢᠭᠰᠠᠨ ᠠᠴᠠ ᠬᠣᠢᠢᠰᠢ ᠬᠣᠶᠠᠷ ᠤᠯᠤᠰ ᠤᠨ ᠠᠯᠪᠠᠨ ᠶᠣᠰᠣᠨ ᠤ ᠬᠠᠷᠢᠯᠴᠠᠭ᠎ᠠ ᠡᠬᠢᠯᠡᠯ ᠲᠡᠢ ᠭᠡᠵᠦ ᠰᠤᠳᠤᠯᠤᠭᠠᠴᠢᠳ ᠦᠵᠡᠳᠡᠭ᠃
ᠫᠠᠫ IV ᠢᠨᠨᠣᠼᠧᠨᠲ ᠡᠴᠡ 1245 ᠣᠨ ᠳᠤ ᠭᠦᠶᠣᠭ᠌ ᠬᠠᠭᠠᠨ ᠳᠤ ᠢᠯᠡᠭᠡᠭ᠍ᠰᠡᠨ ᠵᠠᠬᠢᠳᠠᠯ ᠪᠣᠯᠤᠨ ᠲᠡᠭᠦᠨ ᠦ ᠬᠠᠷᠢᠭᠤ ᠪᠣᠯᠭᠠᠵᠤ ᠢᠯᠡᠭᠡᠭ᠍ᠰᠡᠨ 1246 ᠣᠨ ᠤ ᠵᠠᠬᠢᠳᠠᠯ ᠪᠣᠯ ᠬᠣᠶᠠᠷ ᠤᠯᠤᠰ ᠤᠨ ᠲᠡᠦᠬᠡᠨ ᠬᠠᠷᠢᠯᠴᠠᠭ᠎ᠠ ᠢᠢ ᠨᠣᠲᠠᠯᠠᠬᠤ ᠦᠨᠡᠲᠦ ᠡᠬᠢ ᠰᠤᠷᠪᠤᠯᠵᠢ ᠶᠤᠮ᠃