Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠨᠠᠷ ᠣᠯᠠᠨ ᠨᠡᠢᠢᠲᠡ ᠳᠥ ᠬᠠᠨᠳᠤᠵᠤ ᠦᠭᠡ ᠬᠡᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠨᠠᠷ ᠣᠯᠠᠨ ᠨᠡᠢᠢᠲᠡ ᠳᠥ ᠬᠠᠨᠳᠤᠵᠤ ᠦᠭᠡ ᠬᠡᠯᠡᠪᠡ᠃


ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠄


ᠡᠷᠬᠢᠮ ᠬᠦᠨᠳᠦᠳᠥ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ᠂

ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ᠂ ᠳ᠋ᠢᠫᠯᠣᠮᠠᠲ ᠲᠥᠯᠥᠭᠡᠯᠡᠭᠴᠢᠳ ᠡ᠂

ᠡᠷᠬᠢᠮ ᠬᠦᠨᠳᠦᠳᠥ ᠵᠣᠴᠢᠳ ᠠ᠋᠃

ᠲᠠ ᠪᠦᠬᠦᠨ ᠳᠥ ᠮᠥᠩᠬᠡ ᠬᠥᠬᠡ ᠲᠩᠷᠢ ᠢᠢᠨ ᠣᠷᠣᠨ᠂ ᠳᠡᠯᠡᠬᠡᠢ ᠢᠢᠨ ᠮᠢᠩ᠋ᠭᠠᠨ ᠤ ᠰᠤᠤᠲᠤ ᠬᠥᠮᠥᠨ ᠶᠡᠬᠡ ᠡᠵᠡᠨ ᠴᠢᠩ᠋ᠭᠢᠰ ᠬᠠᠭᠠᠨ ᠤ ᠥᠯᠥᠭᠡᠢ ᠨᠤᠲᠤᠭ᠂ ᠮᠣᠩ᠋ᠭᠣᠯ ᠤᠨ ᠡᠵᠡᠨᠲᠦ ᠭᠦᠷᠦᠨ ᠦ ᠭᠠᠯ ᠭᠣᠯᠣᠮᠲᠠ ᠮᠠᠨ ᠤ ᠰᠠᠢᠢᠬᠠᠨ ᠡᠬᠡ ᠣᠷᠣᠨ ᠳᠤ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠠᠩᠬ᠎ᠠ ᠤᠳᠠᠭ᠎ᠠ ᠲᠥᠷᠥ ᠢᠢᠨ ᠠᠢᠢᠯᠴᠢᠯᠠᠯ ᠬᠢᠵᠦ ᠪᠠᠢᠢᠭ᠎ᠠ ᠡᠨᠡᠬᠦ ᠲᠡᠦᠬᠡᠨ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ᠎ᠡ᠃

ᠡᠨᠡ ᠬᠦ ᠲᠡᠦᠬᠡᠨ ᠠᠢᠢᠯᠴᠢᠯᠠᠯ ᠨᠢ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ᠂ ᠮᠣᠩ᠋ᠭᠣᠯ ᠤᠯᠤᠰ᠂ ᠭᠡᠭᠡᠨ ᠰᠢᠷᠡᠭᠡᠲᠦ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 30 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠭ᠎ᠠ ᠪᠠᠷ ᠢᠶᠠᠨ ᠠᠴᠢ ᠬᠣᠯᠪᠣᠭᠳᠠᠯ ᠲᠠᠢ ᠶᠤᠮ᠃

ᠮᠣᠩ᠋ᠭᠣᠯ ᠤᠯᠤᠰ ᠪᠣᠯᠤᠨ ᠭᠡᠭᠡᠨ ᠰᠢᠷᠡᠭᠡᠲᠦ ᠤᠯᠤᠰ ᠤᠨ ᠬᠠᠷᠢᠯᠴᠠᠭ᠎ᠠ ᠡᠵᠡᠨ ᠴᠢᠩ᠋ᠭᠢᠰ ᠬᠠᠭᠠᠨ ᠤ ᠪᠠᠢᠢᠭᠤᠯᠤᠭᠰᠠᠨ ᠶᠡᠬᠡ ᠮᠣᠩ᠋ᠭᠣᠯ ᠤᠯᠤᠰ ᠤᠨ ᠦᠶ ᠡ ᠡᠴᠡ ᠡᠬᠢᠯᠡᠭᠰᠡᠨ ᠲᠡᠦᠬᠡ ᠲᠡᠢ᠃

ᠣᠳᠣ ᠠᠴᠠ ᠨᠠᠢᠮᠠᠨ ᠵᠠᠭᠤᠨ ᠤ ᠲᠡᠷᠲᠡᠭᠡ᠂ 1246 ᠣᠨ ᠳᠤ ᠫᠠᠫ IV ᠢᠨᠨᠣᠺᠧᠨᠲ ᠤᠨ ᠡᠯᠴᠢ ᠲᠥᠯᠥᠭᠡᠯᠡᠭᠴᠢ ᠰᠠᠨᠸᠠᠷᠲᠠᠨ ᠫᠯᠠᠨᠤ‍ ᠺᠠᠷᠫᠢᠨᠢ ᠶᠡᠬᠡ ᠮᠣᠩ᠋ᠭᠣᠯ ᠤᠯᠤᠰ ᠤᠨ ᠨᠡᠢᠢᠰᠯᠡᠯ ᠬᠠᠷᠠᠬᠣᠷᠣᠮ ᠬᠣᠲᠠᠨ᠎ᠠ ᠬᠦᠷᠦᠯᠴᠡᠨ ᠢᠷᠡᠵᠦ᠂ ᠴᠢᠩ᠋ᠭᠢᠰ ᠬᠠᠭᠠᠨ ᠤ ᠠᠴᠢ ᠭᠦᠶᠣᠭ᠌ ᠬᠠᠭᠠᠨ ᠳᠤ ᠪᠠᠷᠠᠭᠠᠯᠬᠠᠨ ᠫᠠᠫ ᠤᠨ ᠵᠠᠬᠢᠳᠠᠯ ᠢ ᠡᠷᠭᠦᠨ ᠪᠠᠷᠢᠭᠰᠠᠨ ᠢᠶᠠᠷ ᠮᠠᠨ ᠤ ᠬᠣᠶᠠᠷ ᠣᠷᠣᠨ ᠤ ᠲᠡᠦᠬᠡᠨ ᠬᠠᠷᠢᠯᠴᠠᠭᠠᠨ ᠤ ᠦᠨᠳᠦᠰᠦ ᠰᠠᠭᠤᠷᠢ ᠢᠢ ᠲᠠᠯᠪᠢᠭᠰᠠᠨ ᠪᠢᠯᠡ᠃

ᠰᠠᠨᠸᠠᠷᠲᠠᠨ ᠫᠯᠠᠨᠤ‍ ᠺᠠᠷᠫᠢᠨᠢ ᠶᠡᠬᠡ ᠮᠣᠩ᠋ᠭᠣᠯ ᠤᠯᠤᠰ ᠤᠨ ᠬᠠᠭᠠᠨ ᠳᠤ ᠠᠩᠬ᠎ᠠ ᠤᠳᠠᠭ᠎ᠠ ᠪᠠᠷᠠᠭᠠᠯᠬᠠᠨ ᠠᠯᠪᠠᠨ ᠶᠣᠰᠣᠨ ᠤ ᠬᠠᠷᠢᠯᠴᠠᠭ᠎ᠠ ᠲᠣᠭᠲᠠᠭᠠᠭᠰᠠᠨ ᠧᠦ᠋ᠷᠣᠫᠠ ᠢᠢᠨ ᠠᠩᠬᠠᠨ ᠤ ᠡᠯᠴᠢ ᠲᠥᠯᠥᠭᠡᠯᠡᠭᠴᠢ ᠪᠠᠢᠢᠭᠰᠠᠨ ᠭᠡᠳᠡᠭ ᠢ ᠣᠨᠴᠠᠯᠠᠨ ᠳᠤᠷᠠᠳᠬᠤ ᠨᠢ ᠵᠦᠢᠲᠡᠢ᠃

ᠡᠨᠡ ᠦᠶ᠎ᠡ ᠳᠥ ᠭᠦᠶᠣᠭ᠌ ᠬᠠᠭᠠᠨ ᠢ ᠬᠠᠭᠠᠨ ᠰᠢᠷᠡᠭᠡᠨ ᠳᠥ ᠵᠠᠯᠠᠬᠤ ᠶᠣᠰᠣᠯᠠᠯ ᠲᠣᠬᠢᠶᠠᠭᠰᠠᠨ ᠢᠶᠠᠷ ᠫᠠᠫ ᠤᠨ ᠡᠯᠴᠢ ᠲᠥᠯᠥᠭᠡᠯᠡᠭᠴᠢ ᠫᠯᠠᠨᠤ‍ ᠺᠠᠷᠫᠢᠨᠢ ᠬᠦᠨᠳᠦᠲᠦ ᠵᠣᠴᠢᠨ ᠢᠶᠠᠷ ᠤᠷᠢᠭᠳᠠᠨ ᠣᠷᠣᠯᠴᠠᠭᠰᠠᠨ ᠪᠠᠢᠢᠳᠠᠭ᠃

ᠲᠡᠷᠡ ᠪᠡᠷ᠎ ᠥᠪᠡᠷ ᠦᠨ ᠠᠶᠠᠯᠠᠯ ᠤᠨ ᠲᠡᠮᠳᠡᠭᠯᠡᠯ ᠳᠥ ᠲᠤᠯᠭᠠᠭᠤᠷᠢᠯᠠᠨ 《ᠮᠣᠩ᠋ᠭᠣᠯᠴᠤᠳ ᠤᠨ ᠲᠡᠦᠬᠡ》 ᠬᠡᠮᠡᠬᠦ ᠪᠦᠲᠦᠭᠡᠯ ᠲᠤᠭᠤᠷᠪᠢᠵᠤ᠂ ᠳᠡᠯᠡᠬᠡᠢ ᠨᠡᠢᠢᠲᠡ ᠢᠢᠨ ᠬᠦᠷᠲᠡᠭᠡᠯ ᠪᠣᠯᠭᠠᠭᠰᠠᠨ ᠨᠢ ᠮᠣᠩ᠋ᠭᠣᠯᠴᠤᠳ ᠤᠨ ᠲᠡᠦᠬᠡ᠂ ᠰᠤᠶᠤᠯ ᠢ ᠥᠷᠥᠨ᠎ᠡ ᠳᠠᠬᠢᠨ ᠳᠤ ᠲᠠᠨᠢᠭᠤᠯᠤᠨ ᠮᠡᠳᠡᠭᠦᠯᠦᠭᠰᠡᠨ ᠲᠡᠦᠬᠡᠨ ᠪᠦᠲᠦᠭᠡᠯ ᠪᠣᠯᠤᠭᠰᠠᠨ ᠲᠡᠳᠦᠢ ᠦᠭᠡᠢ ᠳᠤᠮᠳᠠᠳᠤ ᠵᠠᠭᠤᠨ ᠤ ᠦᠶ᠎ᠡ ᠢᠢᠨ ᠮᠣᠩ᠋ᠭᠣᠯ ᠪᠣᠯᠤᠨ ᠧᠦ᠋ᠷᠣ‍-ᠠᠽᠢ ᠢᠢ ᠰᠤᠳᠤᠯᠤᠨ ᠰᠢᠨᠵᠢᠯᠡᠬᠦ ᠳᠥ ᠣᠳᠣ ᠴᠤ ᠭᠡᠰᠡᠨ ᠴᠢᠬᠤᠯᠠ ᠡᠭᠦᠷᠭᠡ ᠭᠦᠢᠴᠡᠳᠭᠡᠭ᠍ᠰᠡᠭᠡᠷ ᠪᠠᠢᠢᠨ᠎ᠠ᠃

ᠡᠨᠡ ᠬᠦ ᠲᠡᠦᠬᠡᠨ ᠦᠢᠯᠡ ᠶᠠᠪᠤᠳᠠᠯ ᠠᠴᠠ ᠬᠣᠢᠢᠰᠢ ᠶᠠᠭ 777 ᠵᠢᠯ ᠦᠨ ᠳᠠᠷᠠᠭ᠎ᠠ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠶᠡᠬᠡ ᠮᠣᠩ᠋ᠭᠣᠯ ᠤᠯᠤᠰ ᠤᠨ ᠭᠠᠯ ᠭᠣᠯᠣᠮᠲᠠ᠂ ᠮᠣᠩ᠋ᠭᠣᠯ ᠤᠯᠤᠰ ᠲᠤ ᠠᠢᠢᠯᠴᠢᠯᠠᠵᠤ ᠪᠠᠢᠢᠭ᠎ᠠ ᠨᠢ ᠴᠠᠭ ᠲᠣᠭᠠᠨ ᠤ ᠬᠤᠪᠢ ᠳᠤ ᠴᠤ ᠣᠨᠴᠠᠯᠢᠭ ᠲᠠᠢ ᠰᠠᠢᠢᠬᠠᠨ ᠦᠢᠯᠡ ᠶᠠᠪᠤᠳᠠᠯ ᠪᠣᠯᠵᠤ ᠪᠠᠢᠢᠨ᠎ᠠ᠃

ᠡᠷᠲᠡᠨ ᠦ ᠲᠡᠦᠬᠡᠲᠦ ᠮᠠᠨ ᠤ ᠬᠣᠶᠠᠷ ᠣᠷᠣᠨ ᠤ ᠬᠠᠷᠢᠯᠴᠠᠭ᠎ᠠ ᠲᠡᠷᠡ ᠴᠠᠭ ᠦᠶ ᠡ ᠡᠴᠡ ᠬᠣᠢᠢᠰᠢ ᠦᠷᠭᠦᠯᠵᠢᠯᠡᠨ 1274 ᠣᠨ ᠳᠤ ᠢᠯᠡ ᠬᠠᠭᠠᠨ ᠠᠪᠠᠭ᠎ᠠ ᠫᠠᠫ X ᠭᠷᠧᠭᠣᠷᠢ ᠳᠤ᠂ 1278 ᠣᠨ ᠳᠤ ᠫᠠᠫ III ᠨᠢᠺᠣᠯᠠᠰ ᠬᠤᠪᠢᠯᠠᠢ ᠬᠠᠭᠠᠨ ᠳᠤ᠂ 1285 ᠣᠨ ᠳᠤ ᠢᠯᠡ ᠬᠠᠭᠠᠨ ᠠᠷᠭᠤᠨ ᠫᠠᠫ IV ᠾᠣᠨᠣᠷᠢᠤᠢᠰ ᠲᠥ᠂ 1288᠂ 1289 ᠣᠨ ᠳᠤ ᠫᠠᠫ IV ᠨᠢᠺᠣᠯᠠᠰ ᠢᠯᠡ ᠬᠠᠭᠠᠨ ᠠᠷᠭᠤᠨ ᠳᠤ᠂ 1290 ᠣᠨ ᠳᠤ ᠢᠯᠡ ᠬᠠᠭᠠᠨ ᠠᠷᠭᠤᠨ ᠫᠠᠫ IV ᠨᠢᠺᠣᠯᠠᠰ ᠲᠤ᠂ 1302 ᠣᠨ ᠳᠤ ᠢᠯᠡ ᠬᠠᠭᠠᠨ ᠬᠠᠰᠠᠨ ᠫᠠᠫ VIII ᠪᠣᠨᠢᠹᠠᠰ ᠲᠤ ᠲᠤᠰ ᠲᠤᠰ ᠡᠯᠴᠢ ᠲᠥᠯᠥᠭᠡᠯᠡᠭᠴᠢ ᠪᠡᠨ ᠢᠯᠡᠭᠡᠵᠦ ᠠᠯᠪᠠᠨ ᠪᠢᠴᠢᠭ᠌ ᠢᠶᠡᠷ ᠬᠠᠷᠢᠯᠴᠠᠵᠤ ᠪᠠᠢᠢᠭᠰᠠᠨ ᠨᠢ ᠮᠠᠨ ᠤ ᠬᠣᠶᠠᠷ ᠣᠷᠣᠨ ᠤ ᠬᠠᠷᠢᠯᠴᠠᠭᠠᠨ ᠤ ᠲᠡᠦᠬᠡ ᠢᠢᠨ ᠴᠢᠬᠤᠯᠠ ᠡᠬᠢ ᠰᠤᠷᠪᠤᠯᠵᠢ ᠪᠣᠯᠤᠨ ᠬᠠᠳᠠᠭᠠᠯᠠᠭᠳᠠᠨ ᠦᠯᠡᠳᠡᠭᠰᠡᠨ ᠪᠠᠢᠢᠨ᠎ᠠ᠃

ᠡᠳᠡᠭᠡᠷ ᠡᠬᠢ ᠰᠤᠷᠪᠤᠯᠵᠢ ᠨᠢ ᠮᠠᠨ ᠤ ᠬᠣᠶᠠᠷ ᠣᠷᠣᠨ ᠤ ᠬᠣᠭᠣᠷᠣᠨᠳᠣ ᠲᠤᠬᠠᠢ ᠢᠢᠨ ᠦᠶ᠎ᠡ ᠳᠥ ᠳ᠋ᠢᠫᠯᠣᠮᠠᠲ ᠬᠠᠷᠢᠯᠴᠠᠭ᠎ᠠ᠂ ᠠᠯᠪᠠᠨ ᠶᠠᠷᠢᠶ᠎ᠠ ᠬᠡᠯᠡᠯᠴᠡᠭᠡ ᠢᠳᠡᠪᠬᠢᠲᠡᠢ ᠥᠷᠨᠢᠵᠦ ᠪᠠᠢᠢᠭᠰᠠᠨ ᠢ ᠭᠡᠷᠡᠴᠢᠯᠡᠭᠡᠳ ᠵᠣᠭᠰᠣᠬᠤ ᠦᠭᠡᠢ ᠥᠷᠥᠨ᠎ᠡ᠂ ᠳᠣᠷᠣᠨ᠎ᠠ ᠢᠢᠨ ᠥᠷᠭᠡᠨ ᠬᠦᠷᠢᠶᠡᠨ ᠦ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ᠂ ᠥᠩ᠋ᠭᠡ ᠢᠢ ᠲᠣᠳᠣᠷᠬᠠᠢᠢᠯᠠᠭᠴᠢ ᠭᠣᠣᠯ ᠬᠦᠴᠦᠨ ᠵᠦᠢᠯ᠂ ᠪᠠᠲᠤᠵᠢᠨ ᠪᠡᠬᠢᠵᠢᠬᠦ ᠪᠠᠲᠤᠯᠠᠭ᠎ᠠ ᠪᠣᠯᠵᠤ ᠪᠠᠢᠢᠭᠰᠠᠨ ᠢ ᠨᠣᠲᠠᠯᠠᠵᠤ ᠪᠠᠢᠢᠭ᠎ᠠ ᠶᠤᠮ᠃

ᠣᠷᠴᠢᠨ ᠴᠠᠭ ᠲᠤ ᠮᠠᠨ ᠤ ᠬᠣᠶᠠᠷ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠠᠳ 31 ᠵᠢᠯ ᠪᠣᠯᠵᠤ ᠪᠠᠢᠢᠭ᠎ᠠ ᠪᠥᠭᠡᠳ ᠡᠨᠡ ᠬᠤᠭᠤᠴᠠᠭᠠᠨ ᠳᠤ ᠰᠤᠶᠤᠯ ᠪᠣᠯᠪᠠᠰᠤᠷᠠᠯ᠂ ᠰᠢᠨᠵᠢᠯᠡᠬᠦ ᠤᠬᠠᠭᠠᠨ᠂ ᠬᠦᠮᠦᠨᠯᠢᠭ ᠦᠨ ᠰᠠᠯᠪᠤᠷᠢ ᠲᠤ ᠬᠠᠮᠲᠤᠷᠠᠨ ᠠᠵᠢᠯᠯᠠᠵᠤ ᠢᠷᠡᠯ᠎ᠡ᠃

ᠡᠨᠡ ᠬᠦ ᠬᠠᠷᠢᠯᠴᠠᠭ᠎ᠠ ᠥᠨᠥᠳᠥᠷ ᠢ ᠬᠦᠷᠲᠡᠯ᠎ᠡ ᠥᠷᠭᠡᠵᠢᠨ ᠲᠡᠯᠡᠵᠦ᠂ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠮᠣᠩ᠋ᠭᠣᠯ ᠤᠯᠤᠰ ᠲᠤ ᠠᠩᠬ᠎ᠠ ᠤᠳᠠᠭ᠎ᠠ ᠲᠥᠷᠥ ᠢᠢᠨ ᠠᠢᠢᠯᠴᠢᠯᠠᠯ ᠬᠢᠵᠦ ᠪᠠᠢᠢᠭ᠎ᠠ ᠳ᠋ᠤ ᠭᠦᠨ ᠲᠠᠯᠠᠷᠬᠠᠯ ᠢᠯᠡᠷᠬᠡᠢᠢᠯᠡᠶ᠎ᠡ᠃

ᠡᠷᠬᠢᠮ ᠬᠦᠨᠳᠦᠳᠥ ᠵᠣᠴᠢᠳ ᠲᠥᠯᠥᠭᠡᠯᠡᠭᠴᠢᠳ ᠡ᠃

ᠮᠣᠩ᠋ᠭᠣᠯᠴᠤᠳ ᠪᠢᠳᠡᠨ ᠦ ᠡᠪᠦᠭᠡ ᠳᠡᠭᠡᠳᠦᠰ ᠶᠡᠬᠡ ᠡᠵᠡᠨ ᠴᠢᠩ᠋ᠭᠢᠰ ᠬᠠᠭᠠᠨ ᠪᠣᠯᠤᠨ ᠲᠡᠭᠦᠨ ᠦ ᠵᠠᠯᠭᠠᠮᠵᠢᠯᠠᠭᠴᠢᠳ ᠮᠣᠩ᠋ᠭᠣᠯ ᠲᠤᠭᠤᠷᠭᠠᠲᠠᠨ ᠢ ᠨᠢᠭᠡᠳᠬᠡᠨ᠂ ᠮᠣᠩ᠋ᠭᠣᠯ ᠤᠨ ᠡᠵᠡᠨᠲᠦ ᠭᠦᠷᠦᠨ ᠢ ᠪᠠᠢᠢᠭᠤᠯᠵᠤ᠂ ᠥᠷᠥᠨ᠎ᠡ᠂ ᠳᠣᠷᠣᠨ᠎ᠠ ᠳ᠋ᠤ ᠣᠯᠠᠨ ᠵᠠᠭᠤᠨ ᠵᠢᠯ ᠦᠷᠭᠦᠯᠵᠢᠯᠡᠭᠰᠡᠨ ᠳᠠᠢᠢᠨ ᠲᠤᠯᠤᠭᠠᠨ᠂ ᠵᠥᠷᠢᠴᠡᠯ ᠮᠥᠷᠭᠥᠯᠳᠦᠭᠡᠨ ᠢ ᠡᠴᠦᠰᠯᠡᠨ᠂ 《ᠮᠣᠩ᠋ᠭᠣᠯ ᠤᠨ ᠶᠡᠬᠡ ᠠᠮᠤᠷ ᠠᠮᠤᠭᠤᠯᠠᠩ》 ᠍ ᠢ ᠲᠣᠭᠲᠠᠭᠠᠭᠰᠠᠨ ᠢᠶᠠᠷ᠂ ᠠᠽᠢ᠂ ᠧᠦ᠋ᠷᠣᠫᠠ ᠢᠢᠨ ᠣᠯᠠᠨ ᠦᠨᠳᠦᠰᠦᠲᠡᠨ᠂ ᠠᠷᠠᠳ ᠲᠦᠮᠡᠨ ᠡᠩᠬᠡ ᠲᠠᠢᠢᠪᠤᠩ ᠢᠶᠠᠷ ᠵᠡᠷᠭᠡᠴᠡᠨ ᠣᠷᠣᠰᠢᠵᠤ᠂ ᠠᠮᠤᠷ ᠠᠮᠤᠭᠤᠯᠠᠩ ᠠᠮᠢᠳᠤᠷᠠᠵᠤ᠂ ᠰᠤᠳᠤᠯᠤᠨ ᠰᠢᠨᠵᠢᠯᠡᠬᠦ᠂ ᠪᠦᠲᠦᠭᠡᠨ ᠲᠤᠭᠤᠷᠪᠢᠬᠤ᠂ ᠴᠣᠭᠴᠠᠯᠠᠭᠠᠨ ᠪᠠᠢᠢᠭᠤᠯᠬᠤ ᠨᠥᠬᠥᠴᠡᠯ ᠪᠣᠯᠤᠮᠵᠢ ᠢᠢ ᠪᠦᠷᠢᠳᠦᠭᠦᠯᠵᠦ ᠴᠢᠳᠠᠭᠰᠠᠨ ᠶᠤᠮ᠃

ᠡᠭᠦᠨ ᠦ ᠦᠷ᠎ᠡ ᠳ᠋ᠦᠩ ᠳᠥ ᠳᠠᠶᠠᠩ ᠳᠡᠯᠡᠬᠡᠢ ᠢᠢᠨ ᠣᠯᠠᠨ ᠠᠷᠠᠳ ᠲᠦᠮᠡᠨ ᠥᠪᠡᠷᠰᠡᠳ ᠦᠨ ᠦᠨᠡᠲᠦ ᠵᠦᠢᠯᠡᠰ ᠢᠶᠡᠨ ᠬᠠᠷᠢᠯᠴᠠᠨ ᠬᠦᠯᠢᠶᠡᠨ ᠵᠥᠪᠰᠢᠶᠡᠷᠡᠴᠥ᠂ ᠣᠯᠠᠨ ᠰᠤᠶᠤᠯ ᠢᠷᠭᠡᠨᠰᠢᠯ ᠵᠡᠷᠭᠡᠴᠡᠨ ᠣᠷᠣᠰᠢᠵᠤ᠂ ᠥᠷᠲᠡᠭᠡ ᠰᠢᠤᠳᠠᠨ᠂ ᠵᠠᠮ ᠲᠡᠭᠡᠭᠡᠪᠦᠷᠢ᠂ ᠳ᠋ᠢᠫᠯᠣᠮᠠᠲ ᠬᠠᠷᠢᠯᠴᠠᠭ᠎ᠠ᠂ ᠬᠤᠳᠠᠯᠳᠤᠭ᠎ᠠ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠤᠷᠠᠯᠢᠭ᠂ ᠰᠤᠶᠤᠯ ᠤᠨ ᠣᠯᠠᠨ ᠰᠠᠯᠪᠤᠷᠢ ᠴᠡᠴᠡᠭᠯᠡᠨ ᠬᠥᠭ᠍ᠵᠢᠵᠦ᠂ ᠱᠠᠰᠢᠨ ᠤ ᠡᠷᠬᠡ ᠴᠢᠯᠦᠭᠡᠨ ᠦ ᠲᠤᠬᠠᠢ ᠦᠵᠡᠯ ᠰᠠᠨᠠᠭ᠎ᠠ᠂ ᠬᠠᠤᠯᠢ ᠳᠡᠭᠡᠳᠦᠯᠡᠬᠦ ᠵᠠᠷᠴᠢᠮ ᠲᠥᠯᠥᠪᠰᠢᠨ ᠲᠣᠭᠲᠠᠭᠰᠠᠨ ᠵᠡᠷᠭᠡ ᠨᠢ ᠮᠣᠩ᠋ᠭᠣᠯᠴᠤᠳ ᠤᠨ ᠳᠡᠯᠡᠬᠡᠢ ᠢᠢᠨ ᠲᠡᠦᠬᠡᠨ ᠳᠥ ᠣᠷᠣᠭᠤᠯᠤᠭᠰᠠᠨ ᠴᠢᠬᠤᠯᠠ ᠬᠤᠪᠢ ᠨᠡᠮᠡᠷᠢ᠂ ᠬᠦᠮᠦᠨ ᠲᠥᠷᠥᠯᠬᠢᠲᠡᠨ ᠳᠥ ᠥᠪᠯᠡᠭᠦᠯᠦᠭᠰᠡᠨ ᠦᠨᠡᠲᠦ ᠥᠪ ᠪᠣᠯᠬᠤ ᠢᠢ ᠳᠡᠯᠡᠬᠡᠢ ᠢᠢᠨ ᠡᠷᠳᠡᠮᠲᠡᠨ ᠰᠤᠳᠤᠯᠤᠭᠠᠴᠢᠳ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠣᠨᠴᠠᠯᠠᠨ ᠲᠡᠮᠳᠡᠭᠯᠡᠳᠡᠭ᠃

ᠡᠵᠡᠨ ᠴᠢᠩ᠋ᠭᠢᠰ ᠬᠠᠭᠠᠨ ᠠᠴᠠ ᠤᠯᠠᠮᠵᠢᠯᠠᠭᠰᠠᠨ ᠲᠥᠷᠥᠳᠦ ᠶᠣᠰᠣ ᠪᠠᠨ ᠳᠡᠭᠡᠳᠦᠯᠡᠬᠦ᠂ ᠡᠪ ᠡᠶ᠎ᠡ ᠢᠢ ᠬᠢᠴᠢᠶᠡᠵᠦ᠂ ᠠᠮᠤᠷ ᠠᠮᠤᠭᠤᠯᠠᠩ ᠢ ᠴᠣᠭᠴᠠᠯᠠᠭᠠᠬᠤ ᠮᠣᠩ᠋ᠭᠣᠯ ᠲᠥᠷᠥ ᠢᠢᠨ ᠪᠣᠳᠣᠯᠭ᠎ᠠ ᠵᠠᠭᠤᠨ ᠵᠠᠭᠤᠨ ᠢ ᠥᠷᠲᠡᠭᠡᠯᠡᠨ ᠥᠨᠥ ᠢᠢᠨ ᠪᠢᠳᠡᠨ ᠳᠥ ᠥᠪᠯᠡᠭᠳᠡᠨ ᠢᠷᠡᠭᠰᠡᠨ ᠪᠥᠭᠡᠳ ᠡᠳᠦᠭᠡ ᠮᠣᠩ᠋ᠭᠣᠯ ᠤᠯᠤᠰ ᠡᠩᠬᠡ ᠢᠢ ᠡᠷᠬᠢᠮᠯᠡᠭᠰᠡᠨ᠂ ᠨᠡᠭᠡᠭᠡᠯᠲᠡ ᠲᠡᠢ᠂ ᠪᠡᠶ᠎ᠡ ᠳᠠᠭᠠᠭᠰᠠᠨ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠢᠢ ᠬᠡᠷᠡᠭᠵᠢᠭᠦᠯᠵᠦ᠂ ᠣᠯᠠᠨ ᠤᠯᠤᠰ᠂ ᠪᠥᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠠᠲᠤᠳᠬᠠᠨ ᠪᠡᠬᠢᠵᠢᠭᠦᠯᠬᠦ ᠢᠢᠨ ᠲᠥᠯᠥᠭᠡ ᠲᠤᠭᠤᠰᠢᠲᠠᠢ ᠪᠠᠢᠢᠷᠢ ᠰᠠᠭᠤᠷᠢ ᠪᠠᠷᠢᠮᠲᠠᠯᠠᠨ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠣᠯᠠᠨ ᠲᠠᠯᠠᠲᠤ ᠶᠠᠷᠢᠶ᠎ᠠ ᠬᠡᠯᠡᠯᠴᠡᠭᠡ ᠢᠢ ᠴᠢᠬᠤᠯᠠᠴᠢᠯᠠᠵᠤ᠂ ᠣᠯᠠᠨ ᠤᠯᠤᠰ᠂ ᠪᠥᠰᠡ ᠨᠤᠲᠤᠭ ᠤᠨ ᠠᠶᠤᠯ ᠦᠭᠡᠢ ᠪᠠᠢᠢᠳᠠᠯ ᠳᠤ ᠲᠤᠯᠭᠠᠷᠠᠭᠰᠠᠨ ᠰᠣᠷᠢᠯᠲᠠ᠂ ᠪᠡᠷᠬᠡᠰᠢᠶᠡᠯ ᠢ ᠰᠢᠢᠳᠪᠦᠷᠢᠯᠡᠬᠦ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦᠨ ᠴᠢᠷᠮᠠᠢᠢᠯᠲᠠ ᠳᠤ ᠡᠩᠬᠡ ᠢᠢᠨ ᠵᠠᠮ ᠢᠶᠠᠷ ᠬᠤᠪᠢ ᠨᠡᠮᠡᠷᠢ ᠪᠡᠨ ᠣᠷᠣᠭᠤᠯᠬᠤ ᠢᠢᠨ ᠲᠥᠯᠥᠭᠡ ᠢᠳᠡᠪᠬᠢ ᠰᠠᠨᠠᠭᠠᠴᠢᠯᠠᠭ᠎ᠠ ᠭᠠᠷᠭᠠᠨ᠂ ᠮᠥᠩᠬᠡ ᠢᠢᠨ ᠬᠣᠶᠠᠷ ᠬᠥᠷᠰᠢ ᠪᠣᠯᠤᠨ ᠭᠤᠷᠪᠠᠳᠠᠭᠴᠢ ᠬᠥᠷᠰᠢ ᠨᠦᠭᠦᠳ ᠲᠡᠢ ᠪᠡᠨ ᠢᠳᠡᠪᠬᠢᠲᠡᠢ ᠬᠠᠮᠲᠤᠷᠠᠨ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠥᠩ᠋ᠭᠡᠷᠡᠭᠰᠡᠨ 20 ᠭᠠᠷᠤᠢ ᠵᠢᠯ ᠦᠨ ᠬᠤᠭᠤᠴᠠᠭᠠᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ 15 ᠤᠳᠠᠭ᠎ᠠ ᠢᠢᠨ ᠠᠵᠢᠯᠯᠠᠭᠠᠨ ᠳᠤ 20 ᠭᠠᠷᠤᠢ ᠮᠢᠩ᠋ᠭᠠᠨ ᠡᠩᠬᠡ ᠢᠢ ᠰᠠᠬᠢᠭᠤᠯᠤᠭᠴᠢᠳ ᠢᠶᠠᠨ ᠣᠷᠤᠯᠴᠠᠭᠤᠯᠵᠤ᠂ ᠳᠡᠯᠡᠬᠡᠢ ᠳᠠᠬᠢᠨ᠎ᠠ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ ᠠᠷᠢᠭᠤᠨ ᠦᠢᠯᠡ ᠬᠡᠷᠡᠭ ᠲᠥ ᠬᠤᠪᠢ ᠨᠡᠮᠡᠷᠢ ᠪᠡᠨ ᠣᠷᠣᠭᠤᠯᠵᠤ ᠪᠠᠢᠢᠭ᠎ᠠ ᠪᠥᠭᠡᠳ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠬᠦᠯᠢᠶᠡᠭᠰᠡᠨ ᠡᠭᠦᠷᠭᠡ ᠪᠡᠨ ᠲᠢᠢᠪ᠂ ᠳᠡᠯᠡᠬᠡᠢ ᠢᠢᠨ ᠬᠠᠯᠠᠭᠤᠨ ᠴᠡᠭᠡ ᠨᠦᠭᠦᠳ ᠲᠥ ᠨᠡᠷ᠎ᠡ ᠲᠥᠷᠥ ᠲᠡᠢ ᠪᠡᠶᠡᠯᠡᠭᠦᠯᠵᠦ ᠪᠠᠢᠢᠨ᠎ᠠ᠃

ᠮᠣᠩ᠋ᠭᠣᠯᠴᠤᠳ ᠡᠷᠲᠡ ᠳᠡᠭᠡᠷ᠎ᠡ ᠦᠶ᠎ᠡ ᠡᠴᠡ ᠣᠶᠤᠨ ᠰᠠᠨᠠᠭᠠᠨ ᠤ ᠡᠷᠬᠡ ᠴᠢᠯᠦᠭᠡ ᠢᠢ ᠳᠡᠭᠡᠳᠦᠯᠡᠵᠦ᠂ ᠣᠯᠠᠨ ᠤᠷᠭᠤᠯᠴᠢ ᠦᠵᠡᠯ ᠢ ᠬᠦᠨᠳᠦᠳᠭᠡᠵᠦ ᠢᠷᠡᠭᠰᠡᠨ ᠲᠡᠦᠬᠡᠨ ᠤᠯᠠᠮᠵᠢᠯᠠᠯ ᠲᠠᠢ ᠪᠥᠭᠡᠳ ᠡᠵᠡᠨ ᠴᠢᠩ᠋ᠭᠢᠰ ᠬᠠᠭᠠᠨ᠂ ᠶᠡᠬᠡ ᠮᠣᠩ᠋ᠭᠣᠯ ᠤᠯᠤᠰ ᠤᠨ ᠦᠶ᠎ᠡ ᠡᠴᠡ ᠮᠣᠩ᠋ᠭᠣᠯ ᠬᠠᠭᠠᠳ᠂ ᠢᠵᠠᠭᠤᠷᠲᠠᠨ ᠨᠤᠭᠤᠳ ᠠᠯᠢᠪᠠ ᠱᠠᠰᠢᠨ ᠰᠢᠲᠦᠯᠭᠡ ᠳᠥ ᠬᠦᠨᠳᠦᠳᠬᠡᠯᠲᠡᠢ ᠬᠠᠨᠳᠤᠨ᠂ ᠰᠦᠮ᠎ᠡ᠂ ᠬᠡᠢᠢᠳ ᠢ ᠠᠯᠪᠠ ᠲᠠᠲᠠᠪᠤᠷᠢ ᠠᠴᠠ ᠴᠢᠯᠦᠭᠡᠯᠡᠵᠦ᠂ ᠨᠡᠢᠢᠰᠯᠡᠯ ᠬᠠᠷᠠᠬᠣᠷᠣᠮ ᠬᠣᠲᠠ ᠳ᠋ᠤ ᠪᠤᠳ᠋ᠳ᠋ᠾᠠ ᠢᠢᠨ᠂ ᠾᠷᠢᠰᠲ ᠤᠨ᠂ ᠢᠰᠯᠠᠮ ᠤᠨ ᠵᠡᠷᠭᠡ 12 ᠰᠦᠮ᠎ᠡ ᠳᠤᠭᠠᠩ ᠵᠡᠷᠭᠡᠴᠡᠨ ᠣᠷᠣᠰᠢᠵᠤ ᠪᠠᠢᠢᠭᠰᠠᠨ ᠲᠡᠦᠬᠡ ᠲᠡᠢ ᠪᠢᠯᠡ᠃

ᠣᠶᠤᠨ ᠰᠠᠨᠠᠭ᠎ᠠ᠂ ᠢᠲᠡᠭᠡᠯ ᠦᠨᠡᠮᠰᠢᠯ ᠦᠨ ᠡᠷᠬᠡ ᠴᠢᠯᠦᠭᠡ ᠢᠢ ᠬᠦᠨᠳᠦᠳᠭᠡᠬᠦ ᠡᠨᠡ ᠬᠦ ᠦᠵᠡᠯ ᠰᠠᠨᠠᠭ᠎ᠠ ᠢᠢ ᠥᠨᠥ ᠢᠢᠨ ᠮᠣᠩ᠋ᠭᠣᠯᠴᠤᠳ ᠵᠠᠯᠭᠠᠮᠵᠢᠯᠠᠨ ᠬᠥᠭ᠍ᠵᠢᠭᠦᠯᠵᠦ ᠦᠨᠳᠦᠰᠦᠨ ᠬᠠᠤᠯᠢ ᠳ᠋ᠤ ᠪᠠᠨ ᠲᠤᠩᠬᠠᠭᠯᠠᠨ ᠳᠠᠷᠬᠠᠯᠠᠭᠰᠠᠨ ᠶᠤᠮ᠃

ᠨᠡᠭᠦᠳᠡᠯ ᠦᠨ ᠰᠤᠶᠤᠯ ᠢᠷᠭᠡᠨᠰᠢᠯᠳᠦ ᠮᠣᠩ᠋ᠭᠣᠯᠴᠤᠳ ᠪᠢᠳᠡ ᠥᠨᠢ ᠡᠷᠲᠡᠨ ᠡᠴᠡ ᠡᠬᠡ ᠳᠡᠯᠡᠬᠡᠢ᠂ ᠪᠠᠢᠢᠭᠠᠯᠢ ᠣᠷᠴᠢᠨ ᠢᠶᠠᠨ ᠬᠠᠢᠢᠷᠠᠯᠠᠨ ᠬᠠᠮᠠᠭᠠᠯᠠᠵᠤ᠂ ᠢᠷᠡᠭᠡᠳᠦᠢ ᠬᠣᠢᠢᠴᠢ ᠳᠤ ᠪᠠᠨ ᠤᠨᠠᠭᠠᠨ ᠲᠥᠷᠬᠥ ᠪᠡᠷ ᠨᠢ ᠥᠪᠯᠡᠭᠦᠯᠦᠨ ᠦᠯᠡᠳᠡᠭᠡᠬᠦ ᠢᠢ ᠡᠷᠬᠢᠮᠯᠡᠵᠦ ᠢᠷᠡᠭᠰᠡᠨ᠃

ᠡᠷᠬᠢᠮ ᠬᠦᠨᠳᠦᠳᠥ ᠫᠠᠫ ᠹᠷᠠᠨᠼᠢᠰ ᠲᠠᠨ ᠤ ᠳᠡᠯᠡᠬᠡᠢ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠲᠠᠯ᠎ᠠ ᠪᠠᠷ ᠪᠣᠯᠤᠨ ᠳᠡᠯᠡᠬᠡᠢ ᠢᠢᠨ ᠬᠦᠮᠦᠨ ᠠᠮᠠ ᠢᠢᠨ ᠬᠦᠨᠡᠰᠦᠨ ᠦ ᠬᠣᠮᠰᠠᠳᠠᠯ᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠤᠨ ᠲᠠᠯ᠎ᠠ ᠪᠠᠷ ᠬᠡᠯᠡᠭᠰᠡᠨ ᠦᠭᠡ᠂ ᠪᠠᠢᠢᠷᠢ ᠰᠠᠭᠤᠷᠢ᠂ ᠪᠠᠷᠢᠮᠲᠠᠯᠠᠵᠤ ᠪᠤᠢ ᠪᠣᠳᠣᠯᠭ᠎ᠠ ᠮᠠᠨ ᠤ ᠤᠯᠤᠰ ᠲᠤ ᠬᠡᠷᠡᠭᠵᠢᠭᠦᠯᠵᠦ ᠪᠤᠢ 《ᠲᠡᠷᠪᠤᠮ ᠮᠣᠳᠣ》᠂ 《ᠬᠦᠨᠡᠰᠦᠨ ᠦ ᠬᠤᠪᠢᠰᠬᠠᠯ》᠂ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠲᠡᠢ ᠪᠦᠷᠢᠨ᠎ᠡ ᠨᠡᠢᠢᠴᠡᠵᠦ ᠪᠠᠢᠢᠭ᠎ᠠ ᠪᠥᠭᠡᠳ ᠴᠢᠨᠠᠭᠰᠢᠳᠠ ᠬᠦᠮᠦᠨ ᠲᠥᠷᠥᠯᠬᠢᠲᠡᠨ ᠦ ᠬᠤᠪᠢ ᠵᠠᠶᠠᠭ᠎ᠠ᠂ ᠲᠣᠭᠲᠠᠪᠤᠷᠢᠲᠠᠢ ᠬᠥᠭ᠍ᠵᠢᠯ ᠦᠨ ᠦᠨᠳᠦᠰᠦ ᠰᠠᠭᠤᠷᠢ ᠪᠣᠯᠤᠭᠰᠠᠨ ᠪᠠᠢᠢᠭᠠᠯᠢ ᠣᠷᠴᠢᠨ᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠤᠨ ᠴᠢᠭᠯᠡᠯ ᠢᠶᠡᠷ ᠭᠡᠭᠡᠨ ᠰᠢᠷᠡᠭᠡᠲᠦ ᠤᠯᠤᠰ ᠲᠠᠢ ᠪᠦᠬᠦ ᠲᠠᠯ᠎ᠠ ᠪᠠᠷ ᠬᠠᠮᠲᠤᠷᠠᠨ ᠠᠵᠢᠯᠯᠠᠬᠤ ᠪᠣᠯᠤᠨ᠎ᠠ᠃

ᠮᠥᠨ ᠲᠡᠦᠬᠡ᠂ ᠠᠷᠬᠢᠸ᠂ ᠰᠠᠨ ᠬᠥᠮᠦᠷᠢᠭᠡ ᠪᠣᠯᠤᠨ ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠬᠦᠮᠦᠨᠯᠢᠭ ᠦᠨ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠪᠠᠨ ᠤᠯᠠᠮ ᠥᠷᠭᠡᠵᠢᠭᠦᠯᠦᠨ ᠬᠥᠭ᠍ᠵᠢᠭᠦᠯᠡᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃

ᠡᠷᠬᠢᠮ ᠬᠦᠨᠳᠦᠳᠥ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ᠂

ᠲᠠᠨ ᠤ ᠮᠣᠩ᠋ᠭᠣᠯ ᠤᠯᠤᠰ ᠲᠤ ᠬᠢᠵᠦ ᠪᠤᠢ ᠡᠨᠡ ᠬᠦ ᠲᠥᠷᠥ ᠢᠢᠨ ᠠᠢᠢᠯᠴᠢᠯᠠᠯ ᠨᠢ ᠮᠠᠨ ᠤ ᠤᠯᠤᠰ ᠤᠨ ᠣᠯᠠᠨ ᠲᠤᠯᠭᠠᠭᠤᠷᠢᠲᠤ ᠡᠩᠬᠡ ᠢᠢ ᠡᠷᠬᠢᠮᠯᠡᠭᠰᠡᠨ ᠭᠠᠳᠠᠭᠠᠳᠤ ᠪᠣᠳᠣᠯᠭ᠎ᠠ᠂ ᠬᠣᠶᠠᠷ ᠣᠷᠣᠨ ᠤ ᠬᠠᠷᠢᠯᠴᠠᠭᠠᠨ ᠤ ᠲᠡᠦᠬᠡᠨ ᠳᠥ ᠨᠢᠭᠡᠨ ᠰᠢᠨ᠎ᠡ ᠬᠠᠭᠤᠳᠠᠰᠤ ᠢᠢ ᠨᠡᠭᠡᠭᠡᠵᠦ᠂ ᠮᠠᠨ ᠤ ᠬᠣᠶᠠᠷ ᠣᠷᠣᠨ ᠤ ᠴᠢᠨᠠᠭᠰᠢᠳᠠ ᠢᠢᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠲᠡᠦᠬᠡᠨ ᠴᠢᠬᠤᠯᠠ ᠡᠭᠦᠷᠭᠡ ᠭᠦᠢᠴᠡᠳᠭᠡᠨ᠂ ᠠᠯᠲᠠᠨ ᠦᠰᠦᠭ ᠢᠶᠡᠷ ᠪᠢᠴᠢᠭᠳᠡᠨ ᠦᠯᠡᠳᠡᠬᠦ ᠪᠣᠯᠤᠨ᠎ᠠ᠃

ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ᠂ ᠡᠷᠬᠢᠮ ᠬᠦᠨᠳᠦᠳᠥ ᠫᠠᠫ ᠹᠷᠠᠨᠼᠢᠰ ᠲᠠᠨ ᠳᠤ ᠪᠣᠯᠤᠨ ᠳᠠᠶᠠᠩ ᠳᠡᠯᠡᠬᠡᠢ ᠢᠢᠨ ᠤᠯᠤᠰ ᠲᠦᠮᠡᠨ ᠳᠥ ᠮᠣᠩ᠋ᠭᠣᠯ ᠤᠨ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠡᠷᠡᠭᠦᠯ ᠡᠩᠬᠡ᠂ ᠠᠵᠠ ᠵᠢᠷᠭᠠᠯ᠂ ᠬᠠᠮᠤᠭ ᠤᠨ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃

ᠮᠥᠩᠬᠡ ᠲᠩᠷᠢ ᠢᠢᠨ ᠬᠦᠴᠦᠨ ᠳᠣᠣᠷ᠎ᠠ ᠬᠦᠮᠦᠨ ᠲᠥᠷᠥᠯᠬᠢᠲᠡᠨ ᠥᠨᠢ ᠮᠥᠩᠬᠡᠳᠡ ᠠᠮᠤᠷ ᠠᠮᠤᠭᠤᠯᠠᠩ ᠤᠷᠤᠰᠢᠬᠤ ᠪᠣᠯᠲᠤᠭᠠᠢ᠃

ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠄

ᠡᠷᠬᠢᠮ ᠬᠦᠨᠳᠦᠳᠥ ᠨᠣᠶᠠᠨ ᠶᠡᠷᠦᠩᠬᠡᠢᠢᠯᠡᠭᠴᠢ᠂

ᠡᠷᠬᠢᠮ ᠤᠯᠤᠰ ᠤᠨ ᠶᠡᠬᠡ ᠬᠤᠷᠠᠯ ᠤᠨ ᠳᠠᠷᠤᠭ᠎ᠠ᠂

ᠡᠷᠬᠢᠮ ᠶᠡᠷᠦᠩᠬᠡᠢ ᠰᠠᠢᠢᠳ᠂

ᠵᠠᠰᠠᠭ ᠤᠨ ᠭᠠᠵᠠᠷ ᠤᠨ ᠭᠡᠰᠢᠭᠦᠳ᠂ ᠳ᠋ᠢᠫᠯᠣᠮᠠᠲ ᠲᠥᠯᠥᠭᠡᠯᠡᠭᠴᠢᠳ᠂

ᠢᠷᠭᠡᠨ ᠦ ᠪᠣᠯᠤᠨ ᠱᠠᠰᠢᠨ ᠤ ᠪᠠᠢᠢᠭᠤᠯᠤᠯᠭ᠎ᠠ ᠤᠨ ᠬᠦᠨᠳᠦᠲᠦ ᠲᠥᠯᠥᠭᠡᠯᠡᠯ ᠦᠳ᠂

ᠰᠤᠶᠤᠯ ᠤᠨ ᠶᠢᠷᠲᠢᠨᠴᠦ ᠢᠢᠨ ᠨᠡᠷᠡᠲᠦ ᠲᠥᠯᠥᠭᠡᠯᠡᠭᠴᠢᠳ᠂

ᠬᠠᠲᠤᠭᠲᠠᠢ᠂ ᠨᠣᠶᠠᠳ ᠠ᠋᠃

ᠬᠠᠯᠠᠭᠤᠨ ᠳᠣᠲᠣᠨᠣ ᠪᠠᠷ ᠬᠦᠯᠢᠶᠡᠨ ᠠᠪᠴᠤ᠂ ᠰᠠᠢᠢᠬᠠᠨ ᠦᠭᠡ ᠬᠡᠯᠡᠭᠰᠡᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠲᠠᠯᠠᠷᠬᠠᠯ ᠢᠯᠡᠷᠬᠡᠢᠢᠯᠡᠶ᠎ᠡ᠃

ᠡᠨᠳᠡ ᠬᠤᠷᠠᠨ ᠴᠤᠭᠯᠠᠭᠰᠠᠨ ᠡᠷᠬᠢᠮ ᠬᠦᠨᠳᠦᠳᠥ ᠲᠠ ᠪᠦᠬᠦᠨ ᠳᠥ ᠴᠢᠨᠭ᠌ ᠰᠡᠳᠬᠢᠯ ᠦᠨ ᠮᠡᠨᠳᠦᠴᠢᠯᠡᠭᠡ ᠳᠡᠪᠰᠢᠭᠦᠯᠦᠶ᠎ᠡ᠃

ᠲᠠᠨ ᠤ ᠰᠠᠢᠢᠬᠠᠨ ᠥᠷᠭᠡᠨ ᠠᠭᠤᠳᠠᠮ ᠨᠤᠲᠤᠭ ᠢ ᠵᠣᠷᠢᠨ ᠢᠷᠡᠵᠦ᠂ 《ᠠᠢᠢᠯᠴᠢᠯᠠᠯ》 ᠭᠡᠳᠡᠭ ᠦᠭᠡ ᠢᠢᠨ ᠤᠳᠬ᠎ᠠ ᠤᠴᠢᠷ᠂ ᠮᠥᠨ ᠴᠢᠨᠠᠷ ᠢ ᠪᠦᠷᠢᠨ ᠳᠦᠭᠦᠷᠡᠩ ᠣᠢᠢᠯᠠᠭᠠᠵᠤ᠂ ᠡᠷᠬᠢᠮᠯᠡᠨ ᠳᠡᠭᠡᠳᠦᠯᠡᠵᠦ ᠢᠷᠡᠭᠰᠡᠨ ᠠᠷᠠᠳ ᠲᠦᠮᠡᠨ ᠲᠡᠢ ᠤᠴᠠᠷᠠᠨ ᠵᠣᠯᠭᠠᠵᠤ ᠪᠠᠢᠢᠭ᠎ᠠ ᠨᠢ ᠮᠢᠨᠦ ᠬᠤᠪᠢ ᠳᠤ ᠨᠡᠷ᠎ᠡ ᠲᠥᠷᠥ ᠢᠢᠨ ᠬᠡᠷᠡᠭ ᠪᠢᠯᠡ᠃

ᠪᠢ ᠲᠠ ᠪᠦᠬᠦᠨ ᠲᠡᠢ ᠢᠲᠡᠭᠡᠯ ᠬᠦᠨᠳᠦᠯᠡᠯ ᠳᠦᠭᠦᠷᠡᠩ ᠠᠭᠤᠯᠵᠠᠨ ᠵᠣᠯᠭᠠᠵᠤ᠂ ᠮᠣᠩ᠋ᠭᠣᠯ ᠤᠨ ᠦᠵᠡᠰᠬᠦᠯᠡᠩᠲᠦ ᠲᠠᠯ᠎ᠠ ᠨᠤᠲᠤᠭ ᠲᠤ ᠲᠣᠳᠣᠷᠠᠨ ᠦᠵᠡᠭᠳᠡᠬᠦ᠂ ᠨᠡᠭᠦᠳᠡᠯᠴᠢᠳ ᠦᠨ ᠥᠨᠢ ᠡᠷᠲᠡᠨ ᠡᠴᠡ ᠤᠯᠠᠮᠵᠢᠯᠠᠨ ᠢᠷᠡᠭᠰᠡᠨ ᠣᠷᠳᠣ ᠴᠠᠭᠠᠨ ᠥᠷᠭᠥᠭᠡ ᠭᠡᠷ ᠲᠥ ᠠᠩᠬ᠎ᠠ ᠤᠳᠠᠭ᠎ᠠ ᠮᠣᠷᠢᠯᠠᠨ ᠰᠠᠭᠠᠳᠠᠵᠤ ᠳᠣᠲᠣᠨᠣᠰᠤᠨ ᠲᠠᠨᠢᠯᠴᠠᠵᠤ ᠪᠠᠢᠢᠭ᠎ᠠ ᠪᠠᠷ ᠲᠥᠰᠦᠭᠡᠯᠡᠵᠦ ᠪᠠᠢᠢᠨ᠎ᠠ᠃

ᠡᠩᠬᠡ ᠢᠢ ᠡᠷᠬᠢᠮᠯᠡᠨ ᠡᠷᠭᠢᠯ ᠮᠥᠷᠭᠥᠯ ᠢᠶᠡᠷ ᠵᠠᠮᠨᠠᠨ ᠶᠠᠪᠤᠭ᠎ᠠ ᠰᠠᠨᠸᠠᠷᠲᠠᠨ ᠮᠢᠨᠦ ᠪᠡᠶ᠎ᠡ ᠲᠠ ᠪᠦᠬᠦᠨ ᠦ ᠬᠦᠮᠦᠨᠯᠢᠭ ᠶᠣᠰᠣ᠂ ᠨᠠᠢᠢᠷᠰᠠᠭ ᠵᠠᠩ ᠠᠭᠠᠯᠢ ᠳᠤ ᠬᠥᠭ᠍ᠵᠢᠨ᠂ ᠲᠠᠯᠠᠷᠬᠠᠨ ᠪᠠᠶᠠᠰᠬᠤ ᠬᠦᠰᠡᠯ ᠲᠡᠮᠡᠦᠯᠦᠯ ᠳᠥ ᠪᠡᠨ ᠬᠥᠲᠦᠯᠦᠭᠳᠡᠨ᠂ ᠵᠢᠷᠦᠬᠡ ᠰᠡᠳᠬᠢᠯ ᠳᠥ ᠪᠡᠨ ᠠᠵᠠ ᠵᠢᠷᠭᠠᠯ ᠢ ᠲᠡᠭᠡᠭᠡᠵᠦ᠂ ᠠᠮᠤᠷ ᠠᠮᠤᠭᠤᠯᠠᠩ ᠢ ᠡᠪᠦᠷᠯᠡᠨ ᠡᠢᠢᠨ ᠬᠦ ᠥᠷᠭᠥᠭᠡ ᠭᠡᠷ ᠦᠨ ᠲᠠᠨᠢ ᠡᠭᠦᠳᠡᠨ ᠳᠥ ᠬᠦᠷᠦᠯᠴᠡᠨ ᠢᠷᠡᠯ᠎ᠡ᠃

ᠪᠢᠳᠡ ᠠᠨᠳᠠ ᠨᠥᠬᠥᠳ ᠦᠨ ᠢᠶᠡᠨ ᠭᠡᠷ ᠲᠥ ᠵᠣᠴᠢᠯᠠᠨ ᠢᠷᠡᠬᠦ ᠳᠥ ᠪᠡᠨ ᠮᠡᠨᠳᠦ ᠢᠢᠨ ᠪᠡᠯᠡᠭ ᠢᠶᠡᠨ ᠰᠣᠯᠢᠯᠴᠠᠵᠤ᠂ ᠡᠷᠲᠡᠨ ᠦ ᠲᠡᠦᠬᠡ ᠪᠡᠨ ᠡᠷᠭᠢᠨ ᠳᠤᠷᠠᠰᠳᠠᠭ ᠰᠠᠢᠢᠬᠠᠨ ᠤᠯᠠᠮᠵᠢᠯᠠᠯ ᠲᠠᠢ᠃

ᠮᠣᠩ᠋ᠭᠣᠯ ᠤᠯᠤᠰ ᠪᠣᠯᠤᠨ ᠭᠡᠭᠡᠨ ᠰᠢᠷᠡᠭᠡᠲᠦ ᠤᠯᠤᠰ ᠤᠨ ᠬᠣᠭᠣᠷᠣᠨᠳᠣ ᠣᠷᠴᠢᠨ ᠦᠶ᠎ᠡ ᠢᠢᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠨᠢ ᠰᠠᠶᠢᠬᠠᠨ ᠮᠡᠲᠦ ᠪᠣᠯᠪᠠᠴᠤ ᠡᠨᠡ ᠵᠢᠯ ᠬᠣᠶᠠᠷ ᠲᠠᠯ᠎ᠠ ᠬᠠᠷᠢᠯᠴᠠᠨ ᠵᠥᠪᠰᠢᠯᠴᠡᠵᠦ ᠭᠠᠷ ᠤᠨ ᠦᠰᠦᠭ ᠵᠢᠷᠤᠭᠰᠠᠨ ᠤ 30 ᠵᠢᠯ ᠦᠨ ᠣᠢ ᠲᠣᠬᠢᠶᠠᠵᠤ ᠪᠠᠢᠢᠨ᠎ᠠ᠃

ᠡᠷᠲᠡ ᠴᠠᠭ ᠲᠤ᠂ 777 ᠵᠢᠯ ᠦᠨ ᠲᠡᠷᠲᠡᠭᠡ᠂ 1246 ᠣᠨ ᠤ ᠨᠠᠢᠮᠠᠳᠤᠭᠠᠷ ᠰᠠᠷ᠎ᠠ ᠢᠢᠨ ᠰᠡᠭᠦᠯᠴᠢ᠂ ᠶᠢᠰᠦᠳᠦᠭᠡᠷ ᠰᠠᠷ᠎ᠠ ᠢᠢᠨ ᠡᠬᠢ ᠪᠡᠷ ᠫᠠᠫ ᠤᠨ ᠡᠯᠴᠢ ᠰᠠᠨᠸᠠᠷᠲᠠᠨ ᠵᠣᠾᠨ‍᠋᠋᠋᠋᠋ ᠫᠯᠠᠨᠤ‍ ᠺᠠᠷᠫᠢᠨᠢ ᠶᠡᠬᠡ ᠮᠣᠩ᠋ᠭᠣᠯ ᠤᠯᠤᠰ ᠤᠨ ᠭᠤᠷᠪᠠᠳᠤᠭᠠᠷ ᠬᠠᠭᠠᠨ ᠭᠦᠶᠣᠭ᠌ ᠬᠠᠭᠠᠨ ᠳᠤ ᠪᠠᠷᠠᠭᠠᠯᠬᠠᠵᠤ᠂ ᠫᠠᠫ IV ᠢᠨᠨᠣᠺᠧᠨᠲ ᠤᠨ ᠠᠯᠪᠠᠨ ᠪᠢᠴᠢᠭ᠌ ᠢ ᠭᠠᠷᠳᠠᠭᠤᠯᠵᠤ ᠪᠠᠢᠢᠭᠰᠠᠨ᠃

ᠤᠳᠠᠯ ᠦᠭᠡᠢ ᠶᠡᠬᠡ ᠬᠠᠭᠠᠨ ᠤ ᠮᠣᠩ᠋ᠭᠣᠯ ᠪᠢᠴᠢᠭ᠌ ᠢᠶᠡᠷ ᠰᠡᠢᠢᠯᠦᠭᠰᠡᠨ ᠲᠠᠮᠠᠭ᠎ᠠ ᠲᠠᠢ ᠬᠠᠷᠢᠭᠤ ᠪᠢᠴᠢᠭ᠌ ᠢ ᠣᠯᠠᠨ ᠬᠡᠯᠡ ᠪᠡᠷ ᠣᠷᠴᠢᠭᠤᠯᠤᠨ ᠢᠯᠡᠭᠡᠭ᠍ᠰᠡᠨ ᠨᠢ ᠡᠳᠦᠭᠡ ᠸᠠᠲ᠋ᠢᠺᠠᠨ ᠤ ᠨᠣᠮ ᠤᠨ ᠰᠠᠩ ᠳᠤ ᠬᠠᠳᠠᠭᠠᠯᠠᠭᠳᠠᠵᠤ ᠪᠤᠢ᠃ ᠥᠨᠥᠳᠥᠷ ᠪᠢ ᠡᠨᠡ ᠬᠦ ᠠᠯᠪᠠᠨ ᠪᠢᠴᠢᠭ᠌ ᠦᠨ ᠳᠡᠪᠰᠢᠯᠲᠡᠲᠦ ᠲᠧᠭᠨᠣᠯᠣᠭᠢ ᠪᠠᠷ ᠳᠡᠭᠡᠳᠦ ᠵᠡᠷᠭᠡ ᠢᠢᠨ ᠴᠢᠨᠠᠷᠲᠠᠢ ᠪᠠᠷ ᠦᠢᠯᠡᠳᠦᠭᠰᠡᠨ ᠠᠯᠪᠠᠨ ᠶᠣᠰᠣᠨ ᠤ ᠬᠠᠭᠤᠯᠪᠤᠷᠢ ᠢᠢ ᠬᠦᠨᠳᠦᠳᠬᠡᠯᠲᠡᠢ ᠪᠡᠷ ᠪᠡᠯᠡᠭ ᠪᠣᠯᠭᠠᠨ ᠡᠷᠭᠦᠨ ᠪᠠᠷᠢᠵᠤ ᠪᠠᠢᠢᠨ᠎ᠠ᠃ ᠡᠨᠡ ᠬᠦ ᠪᠡᠯᠡᠭ ᠥᠨᠥ ᠴᠠᠭ ᠲᠤ ᠥᠷᠭᠡᠵᠢᠨ ᠲᠡᠯᠡᠵᠦ ᠪᠤᠢ ᠡᠷᠲᠡᠨ ᠦ ᠨᠠᠢᠢᠷᠠᠮᠳᠠᠯᠲᠤ ᠬᠠᠷᠢᠯᠴᠠᠭᠠᠨ ᠤ ᠪᠡᠯᠭᠡ ᠲᠡᠮᠳᠡᠭ ᠪᠣᠯᠬᠤ ᠪᠣᠯᠲᠤᠭᠠᠢ᠃

ᠪᠢ ᠲᠠᠨ ᠤ ᠬᠥᠳᠡᠭᠡ ᠨᠤᠲᠤᠭ ᠤᠨ ᠬᠡᠦᠬᠡᠳ ᠦᠳ ᠥᠷᠯᠥᠭᠡᠨ ᠦ ᠨᠠᠷᠠᠨ ᠮᠠᠨᠳᠤᠬᠤ ᠳᠤ ᠠᠯᠤᠰ ᠲᠤ ᠪᠡᠯᠴᠢᠬᠦ ᠮᠠᠯ ᠰᠦᠷᠦᠭ ᠢᠶᠡᠨ ᠥᠷᠭᠥᠭᠡ ᠭᠡᠷ ᠦᠨ ᠢᠶᠡᠨ ᠡᠭᠦᠳᠡ ᠪᠡᠷ ᠠᠵᠢᠭᠯᠠᠨ ᠲᠣᠭᠠᠯᠠᠵᠤ᠂ ᠠᠪᠤ᠂ ᠡᠵᠢ ᠳᠥ ᠪᠡᠨ ᠬᠡᠯᠡᠳᠡᠭ ᠭᠡᠵᠦ ᠳᠠᠭᠤᠯᠠᠭᠰᠠᠨ᠃

ᠪᠢᠳᠡ ᠴᠤ ᠪᠠᠰᠠ ᠠᠯᠤᠰ ᠢ ᠰᠢᠷᠲᠡᠬᠦ ᠠᠳᠠᠯᠢ᠂ ᠳᠠᠶᠠᠩ ᠳᠡᠯᠡᠬᠡᠢ ᠢᠢᠨ ᠡᠩ ᠢᠶᠡᠷ ᠣᠢᠢᠷ᠎ᠠ ᠢᠢ ᠪᠤᠰᠤ᠂ ᠬᠣᠯᠠ ᠢᠢ ᠬᠠᠷᠠᠵᠤ ᠪᠠᠢᠢᠬᠤ ᠢᠢᠨ ᠠᠴᠢ ᠲᠤᠰᠠ ᠢᠢ ᠡᠷᠬᠢᠮᠯᠡᠵᠦ ᠪᠠᠢᠢᠬᠤ ᠤᠴᠢᠷᠲᠠᠢ᠃

ᠲᠠᠯ᠎ᠠ ᠢᠢᠨ ᠨᠡᠭᠦᠳᠡᠯᠴᠢᠨ ᠠᠮᠢᠳᠤᠷᠠᠯ ᠳᠤ ᠲᠥᠷᠦᠵᠥ᠂ ᠥᠷᠭᠡᠨ ᠠᠭᠤᠳᠠᠮ ᠭᠠᠵᠠᠷ ᠨᠤᠲᠤᠭ ᠲᠤ ᠲᠠᠷᠬᠠᠨ ᠰᠠᠭᠤᠵᠤ᠂ ᠬᠥᠷᠰᠢ ᠵᠡᠷᠭᠡᠯᠡᠯᠳᠡᠭᠡᠬᠢ ᠣᠯᠠᠨ ᠰᠤᠶᠤᠯ ᠠᠴᠠ ᠢᠯᠭᠠᠷᠠᠬᠤ ᠥᠪᠡᠷᠮᠢᠴᠡ ᠣᠨᠴᠠᠯᠢᠭ ᠲᠠᠢ ᠪᠠᠢᠢᠨ᠎ᠠ ᠭᠡᠳᠡᠭ ᠪᠣᠯ ᠮᠣᠩ᠋ᠭᠣᠯ ᠭᠡᠷ ᠦᠨ ᠰᠤᠶᠤᠯ ᠠᠴᠠ ᠰᠤᠷᠤᠯᠴᠠᠬᠤ ᠵᠦᠢᠯ ᠶᠡᠬᠡ ᠭᠡᠰᠡᠨ ᠦᠭᠡ ᠶᠤᠮ᠃

ᠮᠣᠩ᠋ᠭᠣᠯ ᠤᠨ ᠡᠩ ᠦᠭᠡᠢ ᠠᠭᠤᠳᠠᠮ ᠨᠤᠲᠤᠭ ᠭᠣᠪᠢ ᠴᠥᠯ ᠡᠴᠡ ᠲᠠᠯ᠎ᠠ ᠬᠡᠭᠡᠷ᠎ᠡ ᠬᠦᠷᠲᠡᠯ᠎ᠡ᠂ ᠲᠡᠭᠰᠢ ᠥᠨᠳᠥᠷᠯᠢᠭ ᠡᠴᠡ ᠠᠯᠲᠠᠢ᠂ ᠬᠠᠩ᠋ᠭᠠᠢ ᠢᠢᠨ ᠶᠡᠬᠡ ᠠᠭᠤᠯᠠᠰ᠂ ᠣᠢ ᠬᠥᠪᠴᠢ ᠬᠦᠷᠴᠦ᠂ ᠭᠣᠣᠯ ᠮᠥᠷᠡᠨ ᠨᠢ ᠲᠣᠬᠣᠢᠢᠷᠠᠨ ᠤᠷᠤᠰᠴᠤ᠂ ᠥᠨᠳᠥᠷ ᠡᠴᠡ ᠠᠵᠢᠬᠤ ᠳᠤ᠂ ᠡᠷᠲᠡᠨ ᠦ ᠲᠠᠩᠰᠤᠭ ᠨᠡᠬᠡᠮᠡᠯ ᠳᠡᠭᠡᠷ᠎ᠡ ᠰᠦᠯᠵᠢᠨ ᠤᠷᠠᠯᠠᠭᠰᠠᠨ ᠴᠢᠮᠡᠭ ᠬᠡ ᠰᠢᠭ᠌᠂ ᠰᠡᠳᠬᠢᠯ ᠪᠤᠯᠢᠶᠠᠵᠤ᠂ ᠤᠷᠢᠨ ᠲᠠᠭᠤᠳᠠᠬᠤ ᠦᠵᠡᠰᠬᠦᠯᠡᠩᠲᠦ ᠴᠡᠴᠡᠷᠯᠢᠭᠲᠦ ᠬᠦᠷᠢᠶᠡᠯᠡᠩ ᠠᠳᠠᠯᠢ᠂ ᠪᠦᠬᠦᠢ ᠯᠠ ᠳᠡᠯᠡᠬᠡᠢ ᠢᠢᠨ ᠭᠣᠸ᠎ᠠ ᠦᠵᠡᠰᠬᠦᠯᠡᠩ᠂ ᠰᠦᠷ ᠵᠢᠪᠬᠤᠯᠠᠩ ᠢ ᠲᠤᠰᠬᠠᠨ ᠲᠣᠯᠢᠳᠠᠬᠤ ᠮᠡᠲᠦ ᠰᠠᠨᠠᠭᠳᠠᠨ᠎ᠠ᠃

ᠦᠶ ᠡ ᠡᠴᠡ ᠦᠶ᠎ᠡ ᠳᠥ ᠮᠠᠯᠴᠢᠳ᠂ ᠲᠠᠷᠢᠶᠠᠯᠠᠩᠴᠢᠳ ᠤᠨ ᠤᠯᠠᠮᠵᠢᠯᠠᠨ ᠬᠥᠭ᠍ᠵᠢᠭᠦᠯᠵᠦ ᠢᠷᠡᠭᠰᠡᠨ᠂ ᠪᠠᠢᠢᠭᠠᠯᠢ ᠣᠷᠴᠢᠨ ᠤ ᠲᠡᠩᠴᠡᠪᠦᠷᠢᠲᠦ ᠪᠠᠢᠢᠳᠠᠯ ᠢ ᠬᠦᠨᠳᠦᠳᠭᠡᠬᠦ ᠲᠠ ᠪᠦᠬᠦᠨ ᠦ ᠲᠥᠷᠥᠯᠬᠢ ᠰᠡᠴᠡᠨ ᠤᠬᠠᠭᠠᠨ ᠨᠢ ᠢᠪᠴᠤᠤ ᠠᠰᠢᠭ ᠰᠣᠨᠢᠷᠬᠠᠯ ᠠᠴᠠ ᠲᠠᠲᠠᠭᠠᠯᠵᠠᠵᠤ᠂ ᠢᠷᠡᠭᠡᠳᠦᠢ ᠬᠣᠢᠢᠴᠢ ᠦᠶ᠎ᠡ ᠳ᠋ᠥ ᠪᠡᠨ ᠭᠠᠵᠠᠷ ᠨᠤᠲᠤᠭ ᠢᠶᠠᠨ ᠦᠷᠡᠵᠢᠯ ᠰᠢᠮᠡᠲᠦ ᠣᠩ᠋ᠭᠣᠨ ᠲᠥᠷᠬᠥ ᠪᠡᠷ ᠨᠢ ᠥᠪᠯᠡᠭᠦᠯᠦᠨ ᠦᠯᠡᠳᠡᠭᠡᠬᠦ ᠬᠦᠰᠡᠯ ᠡᠷᠡᠮᠡᠯᠵᠡᠯ ᠲᠡᠢ ᠡᠨᠡ ᠴᠠᠭ ᠤᠨ ᠬᠡᠨ ᠪᠦᠬᠦᠨ ᠳᠥ ᠦᠯᠢᠭᠡᠷ ᠳᠠᠭᠤᠷᠢᠶᠠᠯᠠᠯ ᠪᠣᠯᠵᠤ ᠪᠠᠢᠢᠨ᠎ᠠ᠃

ᠡᠨᠡ ᠨᠢ ᠵᠠᠭᠠᠯᠮᠠᠢᠢᠲᠠᠨ ᠤ ᠱᠠᠰᠢᠨᠲᠠᠨ ᠪᠢᠳᠡᠨ ᠦ ᠪᠤᠷᠬᠠᠨ ᠤ ᠪᠦᠲᠦᠭᠡᠯ᠂ ᠲᠡᠭᠦᠨ ᠦ ᠥᠭ᠍ᠭᠢᠶᠡᠮᠦᠷ ᠰᠡᠳᠬᠢᠯ ᠦᠨ ᠦᠷ᠎ᠡ ᠰᠢᠮ᠎ᠡ ᠬᠡᠮᠡᠨ ᠣᠢᠢᠯᠠᠭᠠᠳᠠᠭ ᠪᠠᠢᠢᠭᠠᠯᠢ ᠳᠡᠯᠡᠬᠡᠢ ᠢᠢ ᠬᠠᠢᠢᠷᠠᠯᠠᠨ ᠬᠠᠮᠠᠭᠠᠯᠠᠵᠤ᠂ ᠬᠦᠨᠳᠦᠳᠬᠡᠨ ᠲᠠᠯᠠᠷᠬᠠᠵᠤ᠂ ᠬᠠᠷᠢᠭᠤᠴᠠᠯᠭ᠎ᠠ ᠲᠠᠢ ᠡᠺᠣᠯᠣᠭᠢ ᠤᠨ ᠪᠣᠳᠣᠯᠭ᠎ᠠ ᠢᠢᠨ ᠠᠯᠤᠰ ᠤᠨ ᠬᠠᠷᠠᠭ᠎ᠠ᠂ ᠡᠨᠡᠷᠢᠨ ᠨᠢᠭᠦᠯᠡᠰᠬᠦ ᠰᠤᠶᠤᠯ ᠰᠤᠷᠲᠠᠯ ᠢ ᠪᠠᠷᠢᠮᠲᠠᠯᠠᠨ ᠬᠦᠮᠦᠨ ᠡᠴᠡ ᠡᠭᠦᠳᠦᠯᠲᠡᠢ ᠬᠣᠣᠷ ᠬᠥᠨᠥᠭᠡᠯ ᠦᠨ ᠡᠰᠡᠷᠭᠥ ᠲᠡᠮᠡᠴᠡᠬᠦ ᠳᠥ ᠲᠠ ᠪᠦᠬᠦᠨ ᠲᠤᠰᠠᠯᠠᠵᠤ ᠪᠠᠢᠢᠭ᠎ᠠ ᠬᠡᠷᠡᠭ ᠶᠤᠮ᠃

ᠮᠣᠩ᠋ᠭᠣᠯ ᠭᠡᠷ ᠪᠣᠯ ᠣᠷᠴᠢᠨ ᠦᠶ᠎ᠡ ᠳᠥ ᠪᠠᠢᠢᠭᠠᠯᠢ ᠡᠺᠣᠯᠣᠭᠢ ᠳᠤ ᠬᠠᠮᠤᠭ ᠤᠨ ᠡᠭᠡᠯᠢᠲᠡᠢ᠂ ᠬᠦᠷᠢᠶᠡᠯᠡᠩ ᠪᠤᠢ ᠤᠷᠴᠢᠨ ᠳᠤ ᠶᠠᠮᠠᠷ ᠴᠤ ᠬᠣᠣᠷ ᠨᠥᠯᠦᠭᠡ ᠦᠭᠡᠢ᠂ ᠣᠯᠠᠨ ᠲᠠᠯ᠎ᠠ ᠢᠢᠨ ᠠᠴᠢ ᠲᠤᠰᠠ ᠲᠠᠢ ᠣᠷᠣᠨ ᠰᠠᠭᠤᠴᠠ ᠶᠤᠮ᠃

ᠴᠢᠨᠠᠬᠰᠢᠯᠠᠪᠠᠯ᠂ ᠮᠣᠩ᠋ᠭᠣᠯ ᠤᠨ ᠤᠯᠠᠮᠵᠢᠯᠠᠯᠲᠤ ᠪᠥᠭᠡ ᠮᠥᠷᠭᠥᠯ ᠦᠨ ᠴᠣᠭᠴᠠ ᠠᠯᠤᠰ ᠤᠨ ᠬᠠᠷᠠᠭ᠎ᠠ᠂ ᠬᠠᠮᠤᠭ ᠠᠮᠢᠲᠠᠨ ᠢ ᠡᠨᠡᠷᠢᠨ ᠨᠢᠭᠦᠯᠡᠰᠬᠦ ᠪᠤᠳ᠋ᠳ᠋ᠾᠠ ᠢᠢᠨ ᠭᠦᠨ ᠤᠬᠠᠭᠠᠨ ᠤ ᠦᠵᠡᠯ ᠰᠠᠨᠠᠭ᠎ᠠ ᠨᠢ ᠡᠬᠡ ᠳᠡᠯᠡᠬᠡᠢ ᠪᠡᠨ ᠬᠠᠢᠢᠷᠠᠯᠠᠨ ᠬᠠᠮᠠᠭᠠᠯᠠᠬᠤ ᠬᠣᠢᠢᠰᠢᠯᠠᠭᠤᠯᠵᠤ ᠪᠣᠯᠣᠰᠢ ᠦᠭᠡᠢ ᠴᠢᠬᠤᠯᠠ ᠦᠢᠯᠡ ᠬᠡᠷᠡᠭ ᠲᠥ ᠣᠨᠴᠤᠭᠤᠢ ᠬᠤᠪᠢ ᠨᠡᠮᠡᠷᠢ ᠣᠷᠣᠭᠤᠯᠵᠤ ᠴᠢᠳᠠᠬᠤ ᠪᠢᠯᠡ᠃

ᠬᠣᠲᠠ᠂ ᠬᠥᠳᠡᠭᠡ ᠦᠭᠡᠢ ᠪᠠᠢᠢᠭ᠎ᠠ ᠮᠣᠩ᠋ᠭᠣᠯ ᠭᠡᠷ ᠨᠢ ᠨᠠᠰᠤᠲᠠᠨ ᠪᠤᠭᠤᠷᠠᠯ ᠤᠳ ᠬᠢᠭᠡᠳ ᠵᠠᠯᠠᠭᠤ ᠬᠣᠢᠢᠴᠢ ᠦᠶ᠎ᠡ ᠢᠢᠨ ᠠᠬᠤᠢ ᠠᠮᠢᠳᠤᠷᠠᠯ ᠤᠨ ᠬᠡᠪᠰᠢᠯ ᠢ ᠬᠣᠯᠪᠣᠨ᠂ ᠤᠯᠠᠮᠵᠢᠯᠠᠯ ᠬᠢᠭᠡᠳ ᠰᠢᠨᠡᠴᠢᠯᠡᠯ ᠦᠨ ᠦᠨᠡᠲᠦ ᠰᠢᠲᠦᠯᠴᠡᠭᠡ ᠢᠢ ᠨᠤᠲᠠᠯᠠᠬᠤ ᠮᠡᠲᠦ ᠮᠣᠩ᠋ᠭᠣᠯ ᠦᠨᠳᠦᠰᠦᠲᠡᠨ ᠦ ᠦᠶ᠎ᠡ ᠵᠠᠯᠭᠠᠮᠵᠢ ᠢᠢᠨ ᠭᠡᠷᠡᠴᠢ ᠨᠣᠲᠠᠯᠠᠭ᠎ᠠ ᠪᠣᠯᠵᠤ ᠪᠠᠢᠢᠨ᠎ᠠ᠃

ᠡᠷᠲᠡᠨ ᠡᠴᠡ ᠡᠳᠦᠭᠡ ᠬᠦᠷᠲᠡᠯ᠎ᠡ ᠲᠠᠨ ᠤ ᠠᠷᠠᠳ ᠲᠦᠮᠡᠨ ᠦᠨᠳᠦᠰᠦ ᠤᠭᠰᠠᠭ᠎ᠠ ᠢᠢ ᠪᠠᠨ ᠬᠠᠳᠠᠭᠠᠯᠠᠬᠤ ᠢᠢᠨ ᠵᠡᠷᠭᠡᠴᠡᠭᠡ ᠰᠡᠭᠦᠯ ᠦᠨ ᠬᠡᠳᠦᠨ ᠠᠷᠪᠠᠨ ᠵᠢᠯ ᠳᠥ ᠳᠡᠯᠡᠬᠡᠢ ᠳᠠᠬᠢᠨ ᠤ ᠠᠷᠠᠳᠴᠢᠯᠠᠯ᠂ ᠬᠥᠭ᠍ᠵᠢᠯ ᠦᠨ ᠶᠡᠬᠡ ᠰᠣᠷᠢᠯᠲᠠ ᠳ᠋ᠤ ᠨᠡᠭᠡᠭᠡᠯᠲᠡᠲᠡᠢ ᠪᠠᠢᠢᠵᠤ ᠢᠷᠡᠵᠡᠢ᠃

ᠥᠷᠭᠡᠨ ᠬᠦᠷᠢᠶᠡᠨ ᠦ ᠳ᠋ᠢᠫᠯᠣᠮᠠᠲ ᠬᠠᠷᠢᠯᠴᠠᠭ᠎ᠠ ᠲᠠᠢ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠢᠳᠡᠪᠬᠢᠲᠡᠢ ᠭᠡᠰᠢᠭᠦᠨ ᠮᠣᠩ᠋ᠭᠣᠯ ᠤᠯᠤᠰ ᠥᠨᠥᠳᠥᠷ ᠬᠦᠮᠦᠨ ᠦ ᠡᠷᠬᠡ ᠢᠢ ᠳᠡᠭᠡᠳᠦᠯᠡᠬᠦ᠂ ᠡᠩᠬᠡ ᠲᠠᠢᠢᠪᠤᠩ ᠢ ᠴᠣᠭᠴᠠᠯᠠᠭᠠᠬᠤ ᠢᠢᠨ ᠲᠥᠯᠥᠭᠡ ᠬᠦᠴᠦᠨ ᠴᠢᠷᠮᠠᠢᠢᠯᠲᠠ ᠪᠠᠷ ᠢᠶᠠᠨ ᠠᠽᠢ ᠲᠢᠢᠪ ᠦᠨ ᠴᠡᠭᠡᠵᠢᠨ᠎ᠡ ᠲᠡᠳᠦᠢ ᠦᠭᠡᠢ ᠣᠯᠠᠨ ᠤᠯᠤᠰ ᠤᠨ ᠲᠠᠪᠴᠠᠩ ᠳᠤ ᠴᠢᠬᠤᠯᠠ ᠡᠭᠦᠷᠭᠡ ᠭᠦᠢᠴᠡᠳᠭᠡᠵᠦ ᠪᠠᠢᠢᠨ᠎ᠠ᠃

ᠪᠢ ᠡᠨᠳᠡ ᠲᠠ ᠪᠦᠬᠦᠨ ᠦ ᠳᠡᠯᠡᠬᠡᠢ ᠨᠡᠢᠢᠲᠡ ᠳᠥ ᠴᠥᠮ᠎ᠡ ᠢᠢᠨ ᠵᠡᠪᠰᠡᠭ ᠡᠴᠡ ᠠᠩ᠋ᠭᠢᠳᠠ ᠤᠯᠤᠰ ᠪᠣᠯᠬᠤ ᠪᠠᠨ ᠵᠠᠷᠯᠠᠵᠤ᠂ ᠴᠥᠮ᠎ᠡ ᠢᠢᠨ ᠵᠡᠪᠰᠡᠭ ᠦᠨ ᠲᠠᠷᠬᠠᠯᠲᠠ ᠢᠢ ᠵᠣᠭᠰᠣᠭᠠᠬᠤ ᠲᠠᠯ᠎ᠠ ᠪᠠᠷ ᠪᠠᠷᠢᠮᠲᠠᠯᠠᠵᠤ ᠪᠤᠢ ᠰᠢᠢᠳᠪᠦᠷᠢ ᠢᠢ ᠣᠨᠴᠠᠯᠠᠨ ᠲᠡᠮᠳᠡᠭᠯᠡᠬᠦ ᠢᠢ ᠬᠦᠰᠡᠵᠦ ᠪᠠᠢᠢᠨ᠎ᠠ᠃

ᠮᠣᠩ᠋ᠭᠣᠯ ᠤᠯᠤᠰ ᠪᠣᠯ ᠡᠩᠬᠡ ᠢᠢ ᠡᠷᠬᠢᠮᠯᠡᠭᠰᠡᠨ ᠭᠠᠳᠠᠭᠠᠳᠤ ᠪᠣᠳᠣᠯᠭ᠎ᠠ ᠲᠠᠢ᠂ ᠠᠷᠠᠳᠴᠢᠯᠠᠭᠰᠠᠨ ᠤᠯᠤᠰ ᠲᠡᠳᠦᠢ ᠦᠭᠡᠢ ᠳᠠᠶᠠᠩ ᠳᠡᠯᠡᠬᠡᠢ ᠢᠢᠨ ᠡᠩᠬᠡ ᠲᠠᠢᠢᠪᠤᠩ ᠤᠨ ᠲᠥᠯᠥᠭᠡ ᠬᠤᠪᠢ ᠨᠡᠮᠡᠷᠢ ᠪᠡᠨ ᠤᠷᠤᠭᠤᠯᠬᠤ ᠡᠷᠬᠢᠮ ᠵᠣᠷᠢᠯᠭ᠎ᠠ ᠲᠡᠭᠡᠭᠡᠵᠦ ᠶᠠᠪᠤᠭ᠎ᠠ ᠤᠯᠤᠰ ᠶᠤᠮ᠃ ᠲᠡᠭᠦᠨᠴᠢᠯᠡᠨ ᠴᠠᠭᠠᠵᠠ ᠢᠢᠨ ᠶᠠᠯ᠎ᠠ ᠢᠢ ᠬᠠᠯᠠᠬᠰᠠᠨ ᠨᠢ ᠴᠢᠬᠤᠯᠠ ᠠᠯᠬᠤᠮ ᠪᠢᠯᠡ᠃

ᠴᠠᠭ ᠠᠭᠤᠷ ᠤᠨ ᠡᠷᠡᠰ ᠲᠡᠷᠡᠰ ᠠᠭᠤᠷ ᠠᠮᠢᠰᠬᠤᠯ ᠤᠨ ᠠᠯᠢᠨ ᠳᠤ ᠴᠤ ᠲᠣᠬᠢᠷᠠᠮᠵᠢᠲᠠᠢ ᠮᠣᠩ᠋ᠭᠣᠯ ᠭᠡᠷ ᠮᠣᠩ᠋ᠭᠣᠯᠴᠤᠳ ᠲᠤ ᠶᠠᠩᠵᠤ ᠪᠦᠷᠢ ᠢᠢᠨ ᠭᠠᠵᠠᠷ ᠣᠷᠣᠨ ᠳᠤ ᠣᠷᠣᠰᠢᠨ ᠰᠠᠭᠤᠬᠤ ᠪᠣᠯᠤᠮᠵᠢ ᠢᠢ ᠣᠯᠭᠤᠭᠰᠠᠨ ᠪᠥᠭᠡᠳ ᠡᠨᠡ ᠨᠢ ᠨᠤᠲᠤᠭ ᠳᠡᠪᠢᠰᠬᠡᠷ ᠢᠶᠡᠨ ᠦᠯᠡᠮᠵᠢ ᠬᠡᠮᠵᠢᠶ᠎ᠡ ᠪᠡᠷ ᠲᠡᠯᠡᠭᠰᠡᠨ ᠮᠣᠩ᠋ᠭᠣᠯ ᠤᠨ ᠡᠵᠡᠨᠲᠦ ᠭᠦᠷᠦᠨ ᠦ ᠲᠡᠦᠬᠡ ᠳᠣᠮᠣᠭ ᠲᠤ ᠴᠠᠭ ᠦᠶ᠎ᠡ ᠳᠥ ᠨᠣᠲᠠᠯᠠᠭᠳᠠᠭᠰᠠᠨ ᠪᠠᠢᠢᠳᠠᠭ᠃

ᠮᠢᠨᠦ ᠪᠡᠶ᠎ᠡ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠲᠣᠬᠢᠶᠠᠵᠤ ᠪᠤᠢ ᠡᠨᠡ ᠴᠠᠭ ᠦᠶ᠎ᠡ ᠳᠥ ᠮᠣᠩ᠋ᠭᠣᠯ ᠤᠯᠤᠰ ᠲᠤ ᠵᠣᠴᠢᠯᠠᠵᠤ ᠪᠠᠢᠢᠭ᠎ᠠ ᠳᠤ ᠪᠠᠨ ᠪᠠᠶᠠᠷᠲᠠᠢ ᠪᠠᠢᠢᠨ᠎ᠠ᠃

ᠲᠠᠨ ᠤ ᠡᠵᠡᠨᠲᠦ ᠭᠦᠷᠦᠨ ᠲᠡᠢᠢᠮᠦ ᠬᠣᠯᠠ᠂ ᠲᠡᠢᠢᠮᠦ ᠣᠯᠠᠨ ᠶᠠᠩᠵᠤ ᠢᠢᠨ ᠭᠠᠵᠠᠷ ᠨᠤᠲᠤᠭ ᠢ ᠬᠠᠮᠤᠷᠴᠤ᠂ ᠲᠡᠷᠡ ᠶᠡᠬᠡ ᠠᠭᠤᠳᠠᠮ ᠨᠤᠲᠤᠭ ᠳᠡᠪᠢᠰᠬᠡᠷ ᠳᠡᠭᠡᠷᠡᠬᠢ ᠣᠯᠠᠨ ᠠᠷᠠᠳ ᠲᠦᠮᠡᠨ ᠦ ᠣᠨᠴᠤᠭᠤᠢ ᠠᠪᠢᠶᠠᠰ ᠴᠢᠳᠠᠪᠤᠷᠢ ᠢᠢ ᠦᠨᠡᠯᠡᠵᠦ ᠂ ᠤᠯᠤᠰ ᠢᠷᠭᠡᠨ ᠢ ᠵᠠᠰᠠᠨ ᠲᠣᠬᠣᠨᠢᠭᠤᠯᠬᠤ ᠶᠡᠬᠡ ᠠᠯᠪᠠᠨ ᠳᠤ ᠲᠣᠬᠣᠭᠠᠨ ᠲᠣᠮᠢᠯᠠᠵᠤ ᠪᠠᠢᠢᠭᠰᠠᠨ ᠶᠠᠪᠤᠳᠠᠯ ᠪᠣᠯ ᠲᠠᠨ ᠤ ᠡᠪᠦᠭᠡ ᠳᠡᠭᠡᠳᠦᠰ ᠦᠨ ᠭᠠᠢᠢᠬᠠᠮᠰᠢᠭᠲᠤ ᠴᠢᠳᠠᠪᠤᠷᠢ ᠢᠢᠨ ᠭᠡᠷᠡᠴᠢ ᠪᠠᠷᠢᠮᠲᠠ ᠶᠤᠮ᠃

ᠡᠨᠡ ᠬᠦ ᠠᠷᠭ᠎ᠠ ᠤᠬᠠᠭᠠᠨ ᠪᠢᠳᠡᠨ ᠦ ᠴᠠᠭ ᠦᠶ᠎ᠡ ᠳᠥ ᠴᠤ ᠦᠨᠥ ᠴᠡᠨ ᠲᠡᠢ ᠬᠡᠪ ᠢᠶᠡᠷ ᠪᠠᠢᠢᠭ᠎ᠠ ᠪᠥᠭᠡᠳ ᠰᠡᠷᠭᠦᠭᠡᠨ ᠬᠡᠷᠡᠭᠯᠡᠬᠦ ᠪᠣᠯᠤᠮᠵᠢ ᠲᠠᠢ᠃

ᠵᠥᠷᠢᠴᠡᠯ ᠮᠥᠷᠭᠥᠯᠳᠦᠭᠡᠨ ᠳᠥ ᠨᠡᠷᠪᠡᠭ᠍ᠳᠡᠭᠡᠳ ᠪᠠᠢᠢᠭ᠎ᠠ ᠡᠨᠡ ᠳᠡᠯᠡᠬᠡᠢ ᠢᠢ ᠲᠩᠷᠢ ᠢᠪᠡᠭᠡᠵᠦ᠂ 《ᠮᠣᠩ᠋ᠭᠣᠯ ᠤᠨ ᠶᠡᠬᠡ ᠠᠮᠤᠷ ᠠᠮᠤᠭᠤᠯᠠᠩ》 ᠴᠣᠭᠴᠠᠯᠠᠵᠤ᠂ ᠠᠯᠢᠪᠠ ᠵᠥᠷᠢᠴᠡᠯ ᠲᠡᠮᠡᠴᠡᠯ ᠦᠭᠡᠢ ᠪᠣᠯᠤᠭᠰᠠᠨ ᠪᠠᠢᠢᠭᠰᠠᠨ ᠲᠡᠷᠡ ᠨᠢᠭᠡᠨ ᠴᠠᠭ ᠦᠶ᠎ᠡ ᠰᠢᠭ᠌ ᠣᠯᠠᠨ ᠤᠯᠤᠰ ᠤᠨ ᠬᠠᠤᠯᠢ ᠡᠷᠬᠡ ᠵᠦᠢ᠂ ᠬᠡᠮ ᠬᠡᠮᠵᠢᠶ᠎ᠡ ᠢᠢ ᠬᠦᠨᠳᠦᠳᠬᠡᠨ ᠳᠡᠭᠡᠳᠦᠯᠡᠵᠦ ᠪᠠᠢᠢᠬᠤ ᠪᠣᠯᠲᠤᠭᠠᠢ᠃

ᠮᠣᠩ᠋ᠭᠣᠯᠴᠤᠳ ᠤᠨ 《ᠡᠭᠦᠯᠡ ᠨᠡᠭᠦᠵᠦ ᠲᠩᠷᠢ ᠴᠡᠯᠮᠡᠨ᠎ᠡ》 ᠭᠡᠵᠦ ᠬᠡᠯᠡᠳᠡᠭ ᠰᠢᠭ᠌᠂ ᠳᠡᠯᠡᠬᠡᠢ ᠢᠢᠨ ᠬᠠᠮᠢᠭ᠎ᠠ ᠴᠤ ᠪᠠᠢᠢᠳᠠᠭ ᠠᠬ᠎ᠠ ᠳᠡᠭᠦᠦ ᠮᠡᠲᠦ ᠵᠡᠷᠭᠡᠴᠡᠨ ᠤᠷᠤᠰᠢᠬᠤ ᠬᠦᠰᠡᠯ ᠲᠡᠮᠡᠦᠯᠡᠯ ᠢᠶᠡᠷ ᠳᠠᠢᠢᠨ ᠤ ᠬᠠᠷ᠎ᠠ ᠡᠭᠦᠯᠡ ᠰᠠᠷᠨᠢᠨ ᠠᠷᠢᠯᠵᠤ᠂ ᠵᠥᠷᠢᠴᠡᠯ ᠲᠡᠮᠡᠴᠡᠯ ᠶᠠᠷᠢᠶ᠎ᠠ ᠬᠡᠯᠡᠴᠡᠯ ᠢᠶᠡᠷ ᠰᠢᠢᠳᠦᠭᠳᠡᠵᠦ᠂ ᠬᠦᠮᠦᠨ ᠪᠦᠷᠢ ᠢᠢᠨ ᠰᠠᠭᠤᠷᠢ ᠡᠷᠬᠡ ᠪᠠᠲᠤᠵᠢᠨ ᠪᠡᠬᠢᠵᠢᠬᠦ ᠪᠣᠯᠲᠤᠭᠠᠢ᠃

ᠠᠷᠪᠢᠨ ᠪᠠᠶᠠᠯᠢᠭ ᠲᠡᠦᠬᠡ ᠲᠡᠢ᠂ ᠲᠩᠷᠢ ᠲᠥ ᠢᠪᠡᠭᠡᠭ᠍ᠳᠡᠭᠰᠡᠨ ᠡᠨᠡ ᠤᠯᠤᠰ ᠣᠷᠣᠨ ᠠᠴᠠ ᠳᠡᠭᠡᠳᠦ ᠲᠩᠷᠢ ᠠᠮᠤᠷ ᠠᠮᠤᠭᠤᠯᠠᠩ ᠢ ᠰᠣᠶᠣᠷᠬᠠᠨ ᠪᠡᠯᠡᠭᠯᠡᠬᠦ ᠢᠢ ᠡᠷᠢᠨ ᠬᠦᠰᠡᠶ᠎ᠡ᠂ ᠪᠦᠭᠦᠳᠡ ᠬᠠᠮᠲᠤ ᠳᠤ ᠪᠠᠨ ᠢᠷᠡᠭᠡᠳᠦᠢ ᠢᠢᠨ ᠡᠩᠬᠡ ᠢᠢᠨ ᠲᠥᠯᠥᠭᠡ ᠬᠢᠴᠢᠶᠡᠩ᠋ᠭᠦᠢᠢᠯᠡᠨ ᠵᠢᠳᠬᠦᠴᠡᠭᠡᠶ᠎ᠡ᠃

ᠮᠣᠩ᠋ᠭᠣᠯ ᠭᠡᠷ ᠲᠥ ᠣᠷᠣᠮᠠᠭᠴᠠ ᠭᠡᠷ ᠦᠨ ᠣᠷᠣᠢ ᠳ᠋ᠠᠬᠢ ᠭᠡᠷᠡᠯ ᠭᠡᠭᠡ ᠣᠷᠣᠭᠤᠯᠵᠤ᠂ ᠲᠩᠷᠢ ᠣᠭᠲᠠᠷᠭᠤᠢ ᠢᠢᠨ ᠭᠠᠢᠢᠬᠠᠮ᠎ᠠ ᠰᠠᠢᠢᠬᠠᠨ ᠢ ᠲᠣᠯᠢᠳᠠᠨ ᠬᠠᠷᠠᠭᠤᠯᠳᠠᠭ ᠲᠣᠭᠣᠨᠣ ᠪᠢᠳᠡᠨ ᠦ ᠬᠠᠷᠠᠭ᠎ᠠ ᠢᠢ ᠪᠤᠯᠢᠶᠠᠳᠠᠭ᠃ ᠲᠠᠨᠠᠢ ᠡᠨᠡ ᠬᠦ ᠤᠯᠠᠮᠵᠢᠯᠠᠯᠲᠤ ᠠᠵᠤ ᠲᠥᠷᠥᠬᠦ ᠪᠠᠢᠢᠳᠠᠯ ᠪᠢᠳᠡᠨ ᠢ ᠬᠠᠷᠠᠭ᠎ᠠ ᠳᠡᠭᠡᠭᠦᠷ᠂ ᠲᠣᠯᠣᠭᠠᠢ ᠴᠡᠬᠡ ᠪᠠᠢᠢᠬᠤ ᠰᠢᠯᠲᠠᠭᠠᠨ ᠨᠥᠬᠥᠴᠡᠯ ᠪᠣᠯᠵᠤ ᠪᠠᠢᠢᠭ᠎ᠠ ᠢᠢ ᠣᠨᠴᠠᠯᠠᠮᠠᠷ ᠪᠠᠢᠢᠨ᠎ᠠ᠃

ᠬᠠᠷᠠᠭ᠎ᠠ ᠳᠡᠭᠡᠭᠦᠷ ᠪᠠᠢᠢᠵᠤ᠂ ᠲᠠ ᠪᠦᠬᠦᠨ ᠦ ᠥᠨᠢᠳᠡ ᠳᠡᠭᠡᠳᠦᠯᠡᠨ ᠰᠢᠲᠦᠵᠦ ᠢᠷᠡᠭᠰᠡᠨ ᠮᠥᠩᠬᠡ ᠬᠥᠬᠡ ᠲᠩᠷᠢ ᠥᠭᠡᠳᠡ ᠬᠠᠷᠠᠵᠤ ᠪᠠᠢᠢᠨ᠎ᠠ ᠭᠡᠳᠡᠭ ᠪᠣᠯ ᠱᠠᠰᠢᠨ ᠤ ᠰᠤᠷᠭᠠᠯ ᠨᠣᠮᠯᠠᠯ ᠤᠳ ᠢ ᠬᠦᠨᠳᠦᠳᠬᠡᠨ᠂ ᠠᠭᠤᠵᠢᠭᠤ ᠪᠣᠳᠣᠯᠭ᠎ᠠ ᠪᠠᠷ ᠬᠠᠨᠳᠤᠨ᠎ᠠ ᠭᠡᠰᠡᠨ ᠦᠭᠡ ᠶᠤᠮ᠃

ᠣᠶᠤᠨ ᠰᠠᠨᠠᠭ᠎ᠠ᠂ ᠰᠦᠰᠦᠭ ᠪᠢᠰᠢᠷᠡᠯ ᠦᠨ ᠲᠣᠷᠭᠠᠨ ᠮᠡᠳᠡᠷᠡᠮᠵᠢ ᠲᠠᠨ ᠤ ᠰᠤᠶᠤᠯ ᠤᠨ ᠮᠥᠨ ᠴᠢᠨᠠᠷ ᠤᠨ ᠡᠳ᠋ ᠡᠰ ᠪᠦᠬᠦᠨ ᠳᠥ ᠭᠦᠨ ᠭᠦᠨᠵᠡᠭᠡᠢ ᠣᠷᠣᠰᠢᠳᠠᠭ ᠤᠴᠢᠷ ᠠᠴᠠ ᠮᠣᠩ᠋ᠭᠣᠯ ᠤᠯᠤᠰ ᠱᠠᠰᠢᠨ ᠰᠢᠲᠦᠯᠭᠡ ᠢᠢᠨ ᠡᠷᠬᠡ ᠴᠢᠯᠦᠭᠡᠨ ᠦ ᠪᠡᠯᠭᠡ ᠲᠡᠮᠳᠡᠭ ᠪᠠᠢᠢᠬᠤ ᠨᠢ ᠠᠷᠭ᠎ᠠ ᠦᠭᠡᠢ ᠶᠤᠮ᠃

ᠬᠢᠵᠠᠭᠠᠷ ᠦᠭᠡᠢ ᠦᠷᠭᠦᠯᠵᠢᠯᠡᠬᠦ ᠲᠩᠷᠢ ᠢᠢᠨ ᠬᠠᠶᠠᠭ᠎ᠠ ᠢᠢ ᠲᠣᠯᠢᠳᠠᠨ ᠬᠠᠷᠠᠵᠤ᠂ ᠠᠨᠢᠷ ᠴᠢᠮᠡᠭᠡ ᠦᠭᠡᠢ ᠳᠣᠲᠣᠭᠠᠳᠤ ᠠᠮᠤᠷ ᠠᠮᠤᠭᠤᠯᠠᠩ ᠢ ᠳᠡᠯᠭᠡᠷᠡᠭᠦᠯᠬᠦ ᠵᠠᠶᠠᠭ᠎ᠠ ᠲᠠᠢ ᠲᠦᠷᠦᠭᠰᠡᠨ ᠲᠠᠨ ᠤ ᠠᠷᠠᠳ ᠲᠦᠮᠡᠨ ᠣᠶᠤᠨ ᠰᠠᠨᠠᠭᠠᠨ ᠤ ᠲᠣᠷᠭᠠᠨ ᠮᠡᠳᠡᠷᠡᠮᠵᠢ ᠢᠢ ᠲᠡᠭᠦᠯᠳᠡᠷᠵᠢᠭᠦᠯᠦᠨ ᠬᠥᠭ᠍ᠵᠢᠭᠦᠯᠵᠦ ᠢᠷᠡᠵᠡᠢ᠃

ᠲᠠ ᠪᠦᠬᠦᠨ ᠢ ᠬᠦᠷᠢᠶᠡᠯᠡᠩ ᠪᠤᠢ ᠪᠠᠢᠢᠭᠠᠯᠢ ᠣᠷᠴᠢᠨ ᠤ ᠲᠣᠭ᠎ᠠ ᠲᠣᠮᠰᠢ ᠦᠭᠡᠢ ᠣᠯᠠᠨ ᠶᠠᠭᠤᠮᠠᠰ ᠦᠵᠡᠭᠳᠡᠯ ᠦᠨ ᠶᠡᠷᠦ ᠪᠤᠰᠤ ᠢᠢᠨ ᠰᠦᠷ ᠵᠢᠪᠬᠤᠯᠠᠩ ᠲᠠ ᠪᠦᠬᠦᠨ ᠦ ᠡᠭᠡᠯ ᠳᠠᠷᠤᠤ ᠵᠠᠩ ᠴᠢᠨᠠᠷ ᠢ ᠲᠥᠷᠦᠭᠦᠯᠵᠦ ᠪᠠᠢᠢᠭ᠎ᠠ ᠭᠠᠢᠢᠬᠠᠮᠰᠢᠭᠲᠠᠢ ᠮᠡᠳᠡᠷᠡᠮᠵᠢ᠂ ᠪᠤᠷᠤᠭᠤ ᠠᠴᠠ ᠠᠩ᠋ᠭᠢᠳᠠ ᠪᠠᠢᠢᠬᠤ ᠴᠢᠳᠠᠪᠤᠷᠢ ᠢᠢ ᠲᠡᠳᠬᠦᠨ ᠬᠥᠭ᠍ᠵᠢᠭᠦᠯᠵᠦ ᠪᠠᠢᠢᠭ᠎ᠠ ᠶᠤᠮ᠃

ᠡᠨᠡ ᠲᠠᠰᠢᠷᠠᠮ ᠳᠤ ᠪᠢ ᠣᠯᠠᠨ ᠰᠢᠳᠤᠷᠭ᠎ᠠ ᠪᠤᠰᠤ ᠶᠠᠪᠤᠳᠠᠯ ᠬᠢᠭᠡᠳ ᠬᠡᠷᠡᠭᠯᠡᠭᠴᠢ ᠢᠢᠨ ᠰᠡᠳᠬᠢᠯᠭᠡ ᠪᠡᠷ ᠬᠠᠨᠳᠤᠵᠤ ᠪᠠᠢᠢᠭ᠎ᠠ ᠠᠴᠠ ᠪᠣᠯᠵᠤ ᠪᠤᠢ ᠥᠨᠥ ᠴᠠᠭ ᠤᠨ ᠠᠶᠤᠯ ᠵᠠᠨᠤᠯ ᠤᠳ᠂ ᠥᠷᠥᠭᠡᠯ ᠪᠤᠰᠤᠳ ᠢ ᠦᠯᠦ ᠬᠠᠢᠢᠬᠤᠷᠴᠤ᠂ ᠶᠣᠰᠣ ᠵᠠᠩᠰᠢᠯ ᠢ ᠦᠯᠦ ᠲᠣᠭᠤᠵᠤ᠂ ᠬᠤᠪᠢ ᠪᠠᠨ ᠬᠢᠴᠢᠶᠡᠭᠰᠡᠨ ᠠᠮᠢᠨᠴᠢ ᠦᠵᠡᠯ ᠳᠥ ᠬᠥᠲᠦᠯᠦᠭᠳᠡᠵᠦ ᠪᠠᠢᠢᠭ᠎ᠠ ᠳ᠋ᠤ ᠰᠠᠨᠠᠭ᠎ᠠ ᠵᠣᠪᠠᠨᠢᠵᠤ ᠪᠠᠢᠢᠨ᠎ᠠ᠃

ᠠᠯᠢᠪᠠ ᠱᠠᠰᠢᠨ ᠰᠢᠲᠦᠯᠭᠡ ᠳᠣᠲᠣᠭᠠᠳᠤ ᠢᠢᠨ ᠬᠠᠭᠠᠷᠠᠯ ᠪᠤᠲᠠᠷᠠᠯ ᠦᠭᠡᠢ᠂ ᠥᠪᠡᠷ ᠦᠨ ᠣᠶᠤᠨ ᠰᠠᠨᠠᠭᠠᠨ ᠤ ᠢᠵᠠᠭᠤᠷ ᠤᠯᠠᠮᠵᠢᠯᠠᠯ ᠢᠶᠠᠨ ᠬᠠᠳᠠᠭᠠᠯᠠᠵᠤ ᠪᠠᠢᠢᠭᠰᠠᠨ ᠴᠠᠭ ᠲᠤ ᠡᠷᠡᠭᠦᠯ᠂ ᠬᠥᠭ᠍ᠵᠢᠩ᠋ᠭᠦᠢ ᠨᠡᠢᠢᠭᠡᠮ ᠢ ᠪᠦᠲᠦᠭᠡᠨ ᠪᠠᠢᠢᠭᠤᠯᠬᠤ ᠳᠤ ᠢᠲᠡᠭᠡᠵᠦ ᠪᠣᠯᠬᠤ ᠳᠡᠮᠵᠢᠯᠭᠡ ᠪᠣᠯᠳᠠᠭ᠃

ᠡᠢᠢᠮᠦ ᠨᠡᠢᠢᠭᠡᠮ ᠳᠥ ᠡᠩᠬᠡ ᠲᠠᠢᠢᠪᠤᠩ ᠢᠶᠠᠷ ᠵᠡᠷᠭᠡᠴᠡᠨ ᠣᠷᠣᠰᠢᠵᠤ᠂ ᠲᠥᠷᠥ ᠢᠢᠨ ᠪᠣᠳᠣᠯᠭ᠎ᠠ ᠢᠢᠨ ᠠᠯᠤᠰ ᠤᠨ ᠬᠠᠷᠠᠭ᠎ᠠ ᠨᠢ ᠪᠦᠬᠦ ᠨᠡᠢᠢᠲᠡ ᠢᠢᠨ ᠰᠠᠢᠢᠨ ᠰᠠᠢᠢᠬᠠᠨ ᠤ ᠲᠥᠯᠥᠭᠡ ᠢᠯᠡᠭᠦᠦ ᠴᠢᠭᠯᠡᠵᠦ ᠪᠠᠢᠢᠬᠤ ᠢᠢᠨ ᠲᠥᠯᠥᠭᠡ ᠰᠦᠰᠦᠭᠲᠡᠨ ᠨᠦᠭᠦᠳ ᠬᠢᠴᠢᠶᠡᠨ ᠵᠢᠳᠬᠦᠳᠡᠭ ᠪᠢᠯᠡ᠃

ᠲᠡᠭᠦᠨᠴᠢᠯᠡᠨ ᠱᠠᠰᠢᠨ ᠰᠢᠲᠦᠯᠭᠡ ᠨᠢ ᠶᠠᠮᠠᠷ ᠴᠤ ᠬᠦᠮᠦᠨ ᠦ ᠨᠡᠢᠢᠭᠡᠮ ᠤᠨ ᠬᠥᠭ᠍ᠵᠢᠯ ᠳ᠋ᠦ ᠨᠣᠴᠤᠲᠠᠢ ᠠᠶᠤᠯ ᠵᠠᠨᠤᠯ ᠤᠴᠠᠷᠠᠭᠤᠯᠳᠠᠭ ᠠᠪᠢᠯᠭ᠎ᠠ ᠬᠡᠭᠡᠯᠢ ᠬᠠᠬᠤᠤᠯᠢ ᠤᠨ ᠳᠠᠯᠳᠠ ᠬᠥᠨᠥᠭᠡᠯ ᠦᠨ ᠡᠰᠡᠷᠭᠥ ᠬᠠᠮᠠᠭᠠᠯᠠᠭᠴᠢ ᠪᠣᠯᠵᠤ ᠪᠠᠢᠢᠳᠠᠭ᠃

ᠠᠪᠯᠢᠭ᠎ᠠ᠂ ᠬᠡᠭᠡᠯᠢ ᠬᠠᠬᠤᠤᠯᠢ ᠨᠢ ᠪᠦᠬᠦᠯᠢ ᠪᠦᠲᠦᠨ ᠤᠯᠤᠰ ᠣᠷᠣᠨ ᠢ ᠰᠦᠢᠷᠡᠭᠦᠯᠵᠦ ᠮᠡᠳᠡᠬᠦ ᠬᠡᠷᠡᠭᠯᠡᠭᠡ ᠢᠢ ᠴᠢᠬᠤᠯᠠᠴᠢᠯᠠᠭᠰᠠᠨ᠂ ᠶᠣᠰᠣ ᠰᠤᠷᠲᠠᠬᠤᠨ ᠦᠭᠡᠢ ᠰᠡᠳᠬᠢᠯᠭᠡᠨ ᠡᠴᠡ ᠡᠭᠦᠳᠦᠭᠰᠡᠨ ᠤᠷᠰᠢᠭ ᠤᠷᠬᠠᠭ ᠪᠥᠭᠡᠳ ᠠᠮᠢᠨ ᠬᠤᠪᠢ ᠤᠨ ᠠᠰᠢᠭ ᠰᠣᠨᠢᠷᠬᠠᠯ ᠢᠶᠠᠨ ᠪᠣᠳᠣᠵᠤ᠂ ᠣᠯᠠᠨ ᠠᠴᠠ ᠵᠣᠵᠢᠭᠷᠴᠤ᠂ ᠲᠩᠷᠢ ᠥᠭᠡᠳᠡ ᠬᠠᠷᠠᠬᠤ ᠡᠷᠬᠡ ᠦᠭᠡᠢ ᠪᠣᠯᠵᠤ᠂ ᠠᠬ᠎ᠠ ᠳᠡᠭᠦᠦ ᠢᠢᠨ ᠥᠷᠭᠡᠨ ᠬᠠᠷᠢᠯᠴᠠᠭᠠᠨ ᠠᠴᠠ ᠠᠩ᠋ᠭᠢᠵᠢᠷᠠᠨ ᠣᠳᠬᠤ ᠢᠢᠨ ᠴᠣᠨᠳᠣᠨ ᠪᠣᠯᠳᠠᠭ ᠶᠤᠮ᠃

ᠬᠠᠷᠢᠨ ᠲᠠ ᠪᠦᠬᠦᠨ ᠦ ᠡᠪᠦᠭᠡ ᠳᠡᠭᠡᠳᠦᠰ᠂ ᠡᠵᠡᠨ ᠬᠠᠭᠠᠳ ᠬᠠᠷᠠᠭ᠎ᠠ ᠳᠡᠭᠡᠭᠦᠷ ᠪᠠᠢᠢᠵᠤ᠂ ᠥᠷᠭᠡᠨ ᠠᠭᠤᠳᠠᠮ ᠢ ᠲᠣᠭᠲᠠᠨ ᠲᠣᠯᠢᠳᠠᠵᠤ ᠪᠠᠢᠢᠬᠤ ᠢᠢ ᠰᠣᠶᠣᠨ ᠰᠤᠷᠭᠠᠭᠰᠠᠨ ᠪᠢᠯᠡ᠃ ᠲᠡᠳᠡ ᠣᠯᠠᠨ ᠶᠠᠩᠵᠤ ᠢᠢᠨ ᠦᠵᠡᠯ ᠪᠣᠳᠣᠯ᠂ ᠠᠬᠤᠢ ᠠᠮᠢᠳᠤᠷᠠᠯ ᠤᠨ ᠲᠤᠷᠰᠢᠯᠭ᠎ᠠ ᠢᠢ ᠬᠣᠯᠪᠣᠨ ᠬᠣᠣᠰᠯᠠᠭᠤᠯᠬᠤ ᠣᠨᠴᠤᠭᠤᠢ ᠤᠷ᠎ᠠ ᠴᠢᠳᠠᠪᠤᠷᠢ ᠢᠢ ᠬᠥᠭ᠍ᠵᠢᠭᠦᠯᠵᠦ ᠢᠷᠡᠭᠰᠡᠨ᠃

ᠡᠨᠡ ᠨᠢ ᠣᠯᠠᠨ ᠱᠠᠰᠢᠨ ᠵᠡᠷᠭᠡᠴᠡᠨ ᠤᠷᠤᠰᠢᠬᠤ ᠲᠣᠬᠢᠶᠠᠯᠳᠤᠯ ᠳᠤ ᠴᠤ ᠮᠥᠨ ᠢᠯᠡᠷᠡᠵᠦ ᠪᠠᠢᠢᠪᠠ᠃ ᠣᠯᠠᠨ ᠶᠠᠩᠵᠤ ᠢᠢᠨ ᠠᠷᠢᠭᠤᠨ ᠨᠠᠨᠳᠢᠨ ᠵᠠᠩ ᠵᠠᠩᠰᠢᠯ᠂ ᠤᠯᠠᠮᠵᠢᠯᠠᠯ ᠳᠤ ᠡᠨᠡ ᠬᠦ ᠡᠪ ᠡᠶ᠎ᠡ ᠢᠢ ᠰᠠᠬᠢᠵᠤ᠂ ᠥᠷᠥᠭᠡᠯ ᠪᠤᠰᠤᠳ ᠢ ᠬᠦᠨᠳᠦᠳᠭᠡᠬᠦ ᠦᠵᠡᠯ ᠢᠶᠡᠷ ᠬᠠᠨᠳᠤᠵᠤ ᠢᠷᠡᠭᠰᠡᠨ ᠢ ᠡᠷᠲᠡᠨ ᠦ ᠨᠡᠢᠢᠰᠯᠡᠯ ᠬᠠᠷᠠᠬᠣᠷᠣᠮ ᠬᠣᠲᠠ ᠳ᠋ᠤ ᠾᠷᠢᠰᠲ ᠤᠨ ᠪᠣᠯᠤᠨ ᠥᠭᠡᠷ᠎ᠡ ᠣᠯᠠᠨ ᠱᠠᠰᠢᠨ ᠤ ᠰᠦᠰᠦᠭ ᠮᠥᠷᠭᠥᠯ ᠦᠨ ᠭᠠᠵᠠᠷ ᠣᠷᠣᠰᠢᠨ ᠪᠠᠢᠢᠭᠰᠠᠨ ᠶᠠᠪᠤᠳᠠᠯ ᠭᠡᠷᠡᠴᠢᠯᠡᠨ᠎ᠡ᠃

ᠡᠢᠢᠮᠦ ᠤᠴᠢᠷ ᠠᠴᠠ᠂ ᠲᠠ ᠪᠦᠬᠦᠨ ᠣᠶᠤᠨ ᠰᠠᠨᠠᠭᠠᠨ ᠤ ᠪᠣᠯᠤᠨ ᠱᠠᠰᠢᠨ ᠰᠢᠲᠦᠬᠦ ᠡᠷᠬᠡ ᠴᠢᠯᠦᠭᠡᠨ ᠳᠥ ᠬᠦᠷᠴᠦ᠂ ᠲᠡᠭᠦᠨ ᠢ ᠪᠡᠨ ᠦᠨᠳᠦᠰᠦᠨ ᠬᠠᠤᠯᠢ ᠳ᠋ᠤ ᠪᠠᠨ ᠳᠠᠷᠬᠠᠯᠠᠭᠰᠠᠨ ᠨᠢ ᠲᠠᠨ ᠤ ᠠᠷᠠᠳ ᠲᠦᠮᠡᠨ ᠦ ᠬᠤᠪᠢ ᠳᠤ ᠵᠢᠮ᠎ᠠ ᠶᠣᠰᠣᠨ ᠤ ᠵᠦᠢᠯ ᠭᠡᠯᠲᠡᠢ᠃

ᠲᠠ ᠪᠦᠬᠦᠨ ᠱᠠᠰᠢᠨ ᠰᠢᠲᠦᠯᠭᠡ ᠬᠥᠭ᠍ᠵᠢᠯ ᠢ ᠰᠠᠭᠠᠷᠠᠭᠤᠯᠤᠨ ᠰᠠᠭᠠᠲᠠᠭᠤᠯᠳᠠᠭ ᠲᠤᠯᠠ ᠤᠰᠠᠳᠬᠠᠬᠤ ᠨᠢ ᠵᠦᠢᠲᠡᠢ ᠭᠡᠵᠦ ᠦᠵᠡᠳᠡᠭ ᠱᠠᠰᠢᠨ ᠦᠭᠡᠢ ᠦᠵᠡᠯ ᠢ ᠴᠢᠰᠤ ᠠᠰᠬᠠᠷᠠᠭᠤᠯᠠᠯ ᠦᠭᠡᠢ ᠳᠠᠪᠠᠨ ᠲᠤᠭᠤᠯᠵᠤ᠂ ᠥᠪᠡᠷ ᠥᠪᠡᠷ ᠦᠨ ᠭᠡᠰᠡᠨ ᠢᠲᠡᠭᠡᠯ ᠦᠨᠡᠮᠰᠢᠯᠲᠡᠢ ᠰᠦᠰᠦᠭᠲᠡᠨ ᠨᠦᠭᠦᠳ ᠬᠣᠭᠣᠷᠣᠨᠳᠣ ᠢᠢᠨ ᠵᠣᠬᠢᠰᠲᠠᠢ ᠬᠠᠷᠢᠯᠴᠠᠭᠠᠨ ᠤ ᠲᠤᠯᠭᠠᠭᠤᠷᠢ ᠠᠴᠢ ᠬᠣᠯᠪᠣᠭᠳᠠᠯ ᠢ ᠬᠦᠨᠳᠦᠳᠬᠡᠨ ᠬᠦᠯᠢᠶᠡᠨ ᠵᠥᠪᠰᠢᠶᠡᠷᠡᠴᠥ᠂ ᠬᠦᠮᠦᠨ ᠵᠣᠨ ᠤ ᠶᠣᠰᠣ ᠰᠤᠷᠲᠠᠬᠤᠨ ᠤ ᠪᠣᠯᠤᠨ ᠣᠶᠤᠨ ᠰᠠᠨᠠᠭᠠᠨ ᠤ ᠬᠥᠭ᠍ᠵᠢᠯ ᠳ᠋ᠦ ᠬᠤᠪᠢ ᠨᠡᠮᠡᠷᠢ ᠪᠡᠨ ᠣᠷᠣᠭᠤᠯᠵᠤ ᠢᠷᠡᠭᠰᠡᠨ ᠪᠢᠯᠡ᠃

ᠡᠨᠡ ᠴᠢᠭᠯᠡᠯ ᠳᠥ ᠮᠣᠩ᠋ᠭᠣᠯ ᠳ᠋ᠠᠬᠢ ᠺᠠᠲ᠋ᠣᠯᠢᠺ ᠱᠠᠰᠢᠨ ᠤ ᠬᠢᠨ ᠬᠤᠪᠢ ᠨᠡᠮᠡᠷᠢ ᠪᠡᠨ ᠣᠷᠣᠭᠤᠯᠵᠤ ᠪᠠᠢᠢᠭ᠎ᠠ ᠳ᠋ᠤ ᠪᠠᠶᠠᠷᠲᠠᠢ ᠪᠠᠢᠢᠨ᠎ᠠ᠃ ᠡᠳᠦᠭᠡ ᠡᠴᠡ 30 ᠭᠠᠷᠤᠢ ᠵᠢᠯ ᠦᠨ ᠡᠮᠦᠨ᠎ᠡ ᠮᠣᠩ᠋ᠭᠣᠯ ᠳ᠋ᠠᠬᠢ ᠺᠠᠲ᠋ᠣᠯᠢᠺ ᠱᠠᠰᠢᠨ ᠤ ᠬᠢᠨ ᠠᠩᠬ᠎ᠠ ᠮᠣᠩ᠋ᠭᠣᠯ ᠭᠡᠷ ᠲᠥ ᠦᠢᠯᠡ ᠠᠵᠢᠯᠯᠠᠭ᠎ᠠ ᠢᠢ ᠪᠠᠨ ᠡᠬᠢᠯᠡᠭᠦᠯᠵᠦ ᠪᠠᠢᠢᠭᠰᠠᠨ ᠪᠣᠯ ᠥᠨᠥᠳᠥᠷ ᠨᠡᠢᠢᠰᠯᠡᠯ ᠬᠣᠲᠠ ᠳ᠋ᠤ ᠮᠣᠩ᠋ᠭᠣᠯ ᠭᠡᠷ ᠢ ᠰᠠᠨᠠᠭᠳᠠᠭᠤᠯᠤᠮ᠎ᠠ ᠬᠡᠯᠪᠡᠷᠢ ᠵᠠᠭᠪᠤᠷ ᠲᠠᠢ ᠰᠦᠮ᠎ᠡ ᠬᠡᠢᠢᠳ ᠲᠥ ᠦᠢᠯᠡ ᠠᠵᠢᠯᠯᠠᠭ᠎ᠠ ᠢᠢ ᠪᠠᠨ ᠶᠠᠪᠤᠭᠤᠯᠵᠤ ᠪᠠᠢᠢᠨ᠎ᠠ᠃

ᠡᠨᠡ ᠨᠢ ᠮᠣᠩ᠋ᠭᠣᠯ ᠳ᠋ᠠᠬᠢ ᠺᠠᠲ᠋ᠣᠯᠢᠺ ᠱᠠᠰᠢᠨ ᠤ ᠰᠦᠮ᠎ᠡ ᠬᠡᠢᠢᠳ ᠠᠬᠠᠨ ᠳᠡᠭᠦᠰ ᠦᠨ ᠬᠠᠷᠢᠭᠤᠴᠠᠯᠭ᠎ᠠ ᠲᠠᠢ ᠦᠢᠯᠡ ᠬᠡᠷᠡᠭ ᠦᠨ ᠲᠥᠯᠥᠭᠡ ᠮᠣᠩ᠋ᠭᠣᠯ ᠤᠨ ᠠᠷᠠᠳ ᠢᠷᠭᠡᠳ ᠲᠡᠢ ᠠᠵᠤ ᠠᠮᠢᠳᠤᠷᠠᠯ᠂ ᠠᠵᠢᠯ ᠬᠥᠳᠡᠯᠮᠦᠷᠢ ᠪᠡᠷ ᠢᠶᠡᠨ ᠬᠠᠮᠲᠤᠷᠠᠨ ᠠᠵᠢᠯᠯᠠᠬᠤ ᠬᠦᠰᠡᠯ ᠡᠷᠡᠮᠡᠯᠵᠡᠯ ᠲᠡᠢ ᠪᠠᠢᠢᠳᠠᠭ ᠤᠨ ᠢᠯᠡᠷᠬᠡᠢᠢᠯᠡᠯ ᠶᠤᠮ᠃

ᠮᠣᠩ᠋ᠭᠣᠯ ᠳ᠋ᠠᠬᠢ ᠺᠠᠲ᠋ᠣᠯᠢᠺ ᠱᠠᠰᠢᠨ ᠤ ᠰᠦᠰᠦᠭᠲᠡᠨ ᠨᠦᠭᠦᠳ ᠬᠡᠳᠦᠢ ᠴᠥᠭᠡᠭᠦᠯᠡ ᠪᠡᠨ ᠪᠣᠯᠪᠠᠴᠤ ᠡᠪ ᠨᠢᠭᠡᠳᠦᠯ᠂ ᠱᠠᠰᠢᠨ ᠬᠣᠭᠣᠷᠣᠨᠳᠣ ᠢᠢᠨ ᠶᠠᠷᠢᠶ᠎ᠠ ᠬᠡᠯᠡᠯᠴᠡᠭᠡ᠂ ᠬᠠᠷᠢᠯᠴᠠᠨ ᠬᠦᠨᠳᠦᠳᠬᠡᠯ ᠦᠨ ᠰᠤᠶᠤᠯ ᠢ ᠲᠦᠭᠡᠭᠡᠵᠦ᠂ ᠨᠡᠢᠢᠭᠡᠮ ᠤᠨ ᠰᠢᠳᠤᠷᠭᠤ ᠶᠣᠰᠣ᠂ ᠡᠩᠬᠡ ᠲᠠᠢᠢᠪᠤᠩ᠂ ᠡᠪ ᠨᠠᠢᠢᠷᠠᠮᠳᠠᠯ ᠤᠨ ᠲᠥᠯᠥᠭᠡ ᠠᠵᠢᠯᠯᠠᠨ᠂ ᠤᠯᠤᠰ ᠣᠷᠣᠨ ᠤ ᠬᠥᠭ᠍ᠵᠢᠯ ᠳᠡᠪᠰᠢᠯ ᠳᠥ ᠬᠤᠪᠢ ᠨᠡᠮᠡᠷᠢ ᠪᠡᠨ ᠣᠷᠣᠭᠤᠯᠵᠤ ᠪᠠᠢᠢᠭ᠎ᠠ ᠳ᠋ᠤ ᠪᠠᠶᠠᠷᠲᠠᠢ ᠪᠠᠢᠢᠨ᠎ᠠ᠃

ᠮᠣᠩ᠋ᠭᠣᠯ ᠤᠨ ᠺᠠᠲ᠋ᠣᠯᠢᠺ ᠱᠠᠰᠢᠨᠲᠠᠨ ᠨᠤᠭᠤᠳ ᠭᠠᠳᠠᠭᠠᠳᠤ ᠤᠯᠤᠰ ᠣᠷᠣᠨ ᠠᠴᠠ ᠬᠦᠷᠦᠯᠴᠡᠨ ᠢᠷᠡᠭᠰᠡᠨ᠂ ᠡᠮᠡᠭᠲᠡᠢ᠂ ᠡᠷᠡᠭᠲᠡᠢ᠂ ᠰᠠᠬᠢᠯᠲᠠᠨ᠂ ᠰᠠᠨᠸᠠᠷᠲᠠᠨ ᠨᠤᠭᠤᠳ ᠤᠨ ᠲᠤᠰᠠᠯᠠᠮᠵᠢ ᠳᠡᠮᠵᠢᠯᠭᠡ ᠲᠡᠢ ᠪᠡᠷ ᠲᠠᠨ ᠤ ᠣᠷᠣᠨ ᠤ ᠠᠷᠠᠳ ᠲᠦᠮᠡᠨ ᠦ ᠰᠠᠢᠢᠨ ᠰᠠᠢᠢᠬᠠᠨ ᠤ ᠲᠥᠯᠥᠭᠡ ᠲᠠᠨ ᠤ ᠣᠷᠣᠨ ᠤ ᠠᠯᠤᠰ ᠢ ᠬᠠᠷᠠᠭᠰᠠᠨ᠂ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠨᠡᠢᠢᠴᠡᠭᠰᠡᠨ ᠬᠠᠤᠯᠢ ᠶᠣᠰᠣ᠂ ᠳᠦᠷᠢᠮ ᠵᠢᠷᠤᠮ ᠤᠨ ᠠᠴᠢ ᠪᠠᠷ ᠬᠦᠮᠦᠨ ᠶᠣᠰᠣᠨ ᠤ ᠬᠢᠭᠡᠳ ᠣᠶᠤᠨ ᠰᠠᠨᠠᠭᠠᠨ ᠤ ᠬᠤᠪᠢ ᠨᠡᠮᠡᠷᠢ ᠪᠡᠨ ᠶᠠᠮᠠᠷ ᠨᠢᠭᠡᠨ ᠬᠦᠨᠳᠦᠷᠡᠯ ᠪᠡᠷᠬᠡᠰᠢᠶᠡᠯ ᠦᠭᠡᠢ ᠪᠡᠷ ᠣᠷᠣᠭᠤᠯᠵᠤ ᠢᠷᠡᠭᠰᠡᠨ ᠶᠤᠮ᠃

ᠡᠭᠦᠨ ᠳᠥ ᠪᠢᠳᠡ ᠲᠠᠯᠠᠷᠬᠠᠵᠤ ᠪᠠᠢᠢᠭ᠎ᠠ ᠪᠥᠭᠡᠳ ᠴᠢᠨᠠᠬᠰᠢᠳᠠ ᠴᠤ ᠡᠢᠢᠮᠦ ᠨᠥᠬᠥᠴᠡᠯ ᠪᠣᠯᠤᠮᠵᠢ ᠨᠡᠭᠡᠭᠡᠯᠲᠡ ᠲᠡᠢ ᠪᠠᠢᠢᠨ᠎ᠠ ᠭᠡᠳᠡᠭ ᠲᠥ ᠢᠲᠡᠭᠡᠵᠦ ᠪᠠᠢᠢᠨ᠎ᠠ᠃

ᠮᠣᠩ᠋ᠭᠣᠯ ᠤᠯᠤᠰ᠂ ᠭᠡᠭᠡᠨ ᠰᠢᠷᠡᠭᠡᠲᠦ ᠤᠯᠤᠰ ᠬᠣᠭᠣᠷᠣᠨᠳᠣ ᠭᠡᠷ᠎ᠡ ᠪᠠᠢᠢᠭᠤᠯᠬᠤ ᠶᠠᠷᠢᠶ᠎ᠠ ᠬᠡᠯᠡᠯᠴᠡᠭᠡ ᠦᠷᠭᠦᠯᠵᠢᠯᠡᠵᠦ ᠪᠠᠢᠢᠭ᠎ᠠ ᠨᠢ ᠺᠠᠲ᠋ᠣᠯᠢᠺ ᠱᠠᠰᠢᠨ ᠤ ᠰᠦᠮ᠎ᠡ ᠬᠡᠢᠢᠳ ᠦᠢᠯᠡ ᠠᠵᠢᠯᠯᠠᠭ᠎ᠠ ᠢᠢ ᠪᠠᠨ ᠦᠷᠭᠦᠯᠵᠢᠯᠡᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠶᠤᠮ᠃

ᠲᠡᠳᠡᠨ ᠦ ᠦᠢᠯᠡ ᠠᠵᠢᠯᠯᠠᠭ᠎ᠠ ᠱᠠᠰᠢᠨ ᠤ ᠵᠠᠩ ᠦᠢᠯᠡ ᠡᠴᠡ ᠭᠠᠳᠠᠨ᠎ᠠ ᠪᠣᠯᠪᠠᠰᠤᠷᠠᠯ᠂ ᠡᠷᠡᠭᠦᠯ ᠮᠡᠨᠳᠦ᠂ ᠨᠡᠢᠢᠭᠡᠮ ᠤᠨ ᠬᠠᠯᠠᠮᠵᠢ᠂ ᠰᠤᠳᠤᠯᠭ᠎ᠠ᠂ ᠰᠤᠶᠤᠯ ᠤᠨ ᠳᠡᠪᠰᠢᠯ ᠵᠡᠷᠭᠡ ᠬᠦᠮᠦᠨ ᠦ ᠴᠣᠭᠴᠠ ᠬᠥᠭ᠍ᠵᠢᠯ ᠦᠨ ᠲᠥᠯᠦᠭᠡᠬᠢ ᠣᠯᠠᠨ ᠰᠠᠨᠠᠯ ᠰᠠᠨᠠᠭᠠᠴᠢᠯᠠᠭ᠎ᠠ ᠳᠤ ᠴᠢᠭᠯᠡᠭᠰᠡᠨ ᠪᠠᠢᠢᠳᠠᠭ᠃

ᠲᠡᠳᠡᠭᠡᠷ ᠰᠠᠨᠠᠯ᠂ ᠰᠠᠨᠠᠭᠠᠴᠢᠯᠠᠭ᠎ᠠ ᠨᠢ ᠳᠠᠷᠤᠤ ᠲᠥᠯᠥᠪ᠂ ᠡᠯᠢᠭᠡᠰᠡᠭ ᠳᠣᠲᠣᠨᠣ᠂ ᠡᠪ ᠨᠠᠢᠢᠷ ᠲᠠᠢ ᠪᠠᠢᠢᠬᠤ ᠶᠡᠰᠤᠢᠰ ᠢᠢᠨ ᠰᠤᠷᠭᠠᠯ ᠨᠣᠮᠯᠠᠯ ᠤᠨ ᠨᠣᠲᠠᠯᠠᠭ᠎ᠠ ᠪᠣᠯᠵᠤ ᠪᠠᠢᠢᠳᠠᠭ ᠪᠥᠭᠡᠳ ᠲᠤᠰ ᠰᠤᠷᠭᠠᠯ ᠨᠣᠮᠯᠠᠯ ᠨᠢ ᠺᠠᠲ᠋ᠣᠯᠢᠺ ᠱᠠᠰᠢᠨᠲᠠᠨ ᠨᠤᠭᠤᠳ ᠤᠨ ᠠᠮᠢᠳᠤᠷᠠᠯ ᠬᠡᠮᠡᠬᠦ ᠠᠶᠠᠯᠠᠯ ᠳᠤ ᠪᠠᠨ ᠳᠠᠭᠠᠨ ᠮᠥᠷᠳᠡᠵᠦ᠂ ᠳᠡᠯᠡᠬᠡᠢ ᠢᠢᠨ ᠪᠤᠰᠤᠳ ᠠᠷᠠᠳ ᠲᠦᠮᠡᠨ ᠲᠡᠢ ᠵᠡᠷᠭᠡᠴᠡᠨ ᠠᠯᠬᠤᠬᠤ ᠵᠠᠮ ᠮᠥᠷ ᠪᠣᠯᠳᠠᠭ ᠪᠢᠯᠡ᠃

ᠡᠨᠡ ᠠᠢᠢᠯᠴᠢᠯᠠᠯ ᠳᠤ ᠪᠠᠨ ᠵᠣᠷᠢᠭᠤᠯᠤᠨ ᠰᠣᠩ᠋ᠭᠣᠨ ᠠᠪᠤᠭᠰᠠᠨ 《ᠬᠠᠮᠲᠤ ᠳᠤ ᠪᠠᠨ ᠢᠲᠡᠭᠡᠵᠦ ᠨᠠᠢᠢᠳᠠᠴᠠᠭᠠᠶ᠎ᠠ》 ᠭᠡᠰᠡᠨ ᠪᠢᠳᠡᠨ ᠦ ᠤᠷᠢᠶᠠᠯᠭ᠎ᠠ ᠪᠦᠬᠦ ᠨᠡᠢᠢᠲᠡ ᠢᠢᠨ ᠰᠠᠢᠢᠨ ᠰᠠᠢᠢᠬᠠᠨ ᠤ ᠲᠥᠯᠥᠭᠡ ᠬᠠᠷᠢᠯᠴᠠᠨ ᠬᠦᠨᠳᠦᠳᠬᠡᠯᠲᠡᠢ ᠪᠡᠷ ᠬᠠᠮᠲᠤᠷᠠᠨ ᠠᠵᠢᠯᠯᠠᠬᠤ ᠲᠠ ᠪᠢᠳᠡᠨ ᠦ ᠶᠡᠬᠡ ᠦᠢᠯᠡ ᠬᠡᠷᠡᠭ ᠦᠨ ᠨᠥᠭᠡᠴᠡ ᠪᠣᠯᠤᠮᠵᠢ ᠢᠢ ᠲᠣᠳᠣ ᠲᠣᠮᠣᠷᠠᠭᠤᠨ ᠢᠯᠡᠷᠬᠡᠢᠢᠯᠡᠵᠦ ᠪᠠᠢᠢᠭ᠎ᠠ ᠶᠤᠮ᠃

ᠡᠷᠲᠡᠨ ᠦ ᠰᠤᠷᠪᠤᠯᠵᠢᠲᠤ ᠣᠶᠤᠨ ᠰᠠᠨᠠᠭᠠᠨ ᠤ ᠤᠯᠠᠮᠵᠢᠯᠠᠯ ᠢ ᠬᠠᠳᠠᠭᠠᠯᠠᠭᠰᠠᠨ᠂ ᠳᠡᠯᠡᠬᠡᠢ ᠢᠢᠨ ᠪᠠᠷᠤᠭ ᠪᠦᠬᠦ ᠤᠯᠤᠰ ᠣᠷᠣᠨ ᠳᠤ ᠪᠠᠢᠢᠳᠠᠭ ᠺᠠᠲ᠋ᠣᠯᠢᠺ ᠰᠦᠮ᠎ᠡ ᠬᠡᠢᠢᠳ ᠦᠨ ᠢᠨᠰᠲ᠋ᠢᠲ᠋ᠤᠢᠲ ᠰᠢᠨᠵᠢᠯᠡᠬᠦ ᠤᠬᠠᠭᠠᠨ᠂ ᠤᠳᠬ᠎ᠠ ᠵᠣᠬᠢᠶᠠᠯ᠂ ᠤᠷᠠᠯᠢᠭ᠂ ᠤᠯᠤᠰ ᠲᠥᠷᠥ᠂ ᠨᠡᠢᠢᠭᠡᠮ ᠤᠨ ᠠᠮᠢᠳᠤᠷᠠᠯ ᠤᠨ ᠣᠯᠠᠨ ᠴᠢᠭᠯᠡᠯ ᠢᠶᠡᠷ ᠣᠯᠠᠨ ᠤᠯᠤᠰ ᠦᠨᠳᠦᠰᠦᠲᠡᠨ ᠦ ᠬᠥᠭ᠍ᠵᠢᠯ ᠳᠡᠪᠰᠢᠯ ᠳᠥ ᠬᠤᠪᠢ ᠨᠡᠮᠡᠷᠢ ᠪᠡᠨ ᠣᠷᠣᠭᠤᠯᠤᠭᠰᠠᠭᠠᠷ ᠪᠠᠢᠢᠨ᠎ᠠ᠃

ᠮᠣᠩ᠋ᠭᠣᠯ ᠤᠨ ᠺᠠᠲ᠋ᠣᠯᠢᠺ ᠱᠠᠰᠢᠨᠲᠠᠨ ᠨᠤᠭᠤᠳ ᠲᠩᠷᠢ ᠲᠥ ᠢᠪᠡᠭᠡᠭ᠍ᠳᠡᠭᠰᠡᠨ ᠡᠨᠡ ᠠᠭᠤᠤ ᠭᠠᠵᠠᠷ ᠨᠤᠲᠤᠭ ᠲᠤ ᠠᠵᠤ ᠲᠥᠷᠦᠵᠥ ᠪᠤᠢ ᠲᠠ ᠪᠦᠬᠦᠨ ᠲᠡᠢ ᠬᠠᠷᠢᠯᠴᠠᠨ ᠵᠥᠪᠰᠢᠯᠴᠡᠵᠦ᠂ ᠬᠠᠮᠲᠤᠷᠠᠨ ᠠᠵᠢᠯᠯᠠᠵᠤ᠂ ᠡᠯᠪᠡ᠌ᠭ᠌ ᠬᠠᠩ᠋ᠭᠠᠯᠤᠭᠤᠨ᠂ ᠠᠮᠤᠷ ᠲᠠᠢᠢᠪᠤᠩ ᠨᠡᠢᠢᠭᠡᠮ ᠢ ᠴᠣᠭᠴᠠᠯᠠᠭᠠᠬᠤ ᠦᠢᠯᠡ ᠬᠡᠷᠡᠭ ᠲᠥ ᠪᠣᠳᠠᠲᠤ ᠬᠤᠪᠢ ᠨᠡᠮᠡᠷᠢ ᠪᠡᠨ ᠣᠷᠣᠭᠤᠯᠤᠭᠰᠠᠭᠠᠷ ᠪᠠᠢᠢᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

《ᠲᠩᠷᠢ ᠰᠢᠭ᠌ ᠪᠠᠢ》 ᠬᠡᠮᠡᠬᠦ ᠰᠢᠯᠦᠭ ᠢᠶᠡᠷ ᠢᠶᠡᠨ ᠠᠯᠳᠠᠷᠲᠤ ᠢᠷᠠᠭᠤ ᠨᠠᠢᠢᠷᠠᠭᠴᠢ ᠪᠢᠳᠡ ᠪᠦᠬᠦᠨ ᠢ ᠭᠱᠠᠨ ᠵᠠᠭᠤᠷ᠎ᠠ ᠢᠢᠨ ᠮᠥᠨ ᠴᠢᠨᠠᠷ ᠲᠠᠢ ᠣᠷᠴᠢᠯᠠᠩ ᠤᠨ ᠬᠦᠯᠢᠶᠡᠰᠥ ᠡᠴᠡ ᠠᠩ᠋ᠭᠢᠵᠢᠷᠠᠨ᠂ ᠣᠶᠤᠨ ᠰᠠᠨᠠᠭ᠎ᠠ᠂ ᠰᠡᠳᠬᠢᠯ ᠵᠢᠷᠦᠬᠡ ᠪᠡᠨ ᠬᠠᠶᠠᠭ᠎ᠠ ᠬᠢᠵᠠᠭᠠᠷ ᠦᠭᠡᠢ ᠮᠣᠩ᠋ᠭᠣᠯ ᠤᠨ ᠴᠡᠯᠮᠡᠭ ᠬᠥᠬᠡ ᠲᠩᠷᠢ ᠰᠢᠭ᠌ ᠠᠭᠤᠵᠢᠭᠤ ᠲᠡᠨᠢᠭᠦᠨ ᠪᠠᠢᠢᠯᠭᠠᠬᠤ ᠢᠢ ᠤᠷᠢᠶᠠᠯᠠᠨ ᠵᠣᠷᠢᠭᠵᠢᠭᠤᠯᠤᠭᠰᠠᠨ ᠪᠠᠢᠢᠳᠠᠭ᠃

ᠳᠡᠯᠡᠬᠡᠢ ᠳᠠᠬᠢᠨ ᠰᠤᠷᠤᠯᠴᠠᠬᠤ ᠵᠦᠢᠯ ᠠᠰᠤᠷᠤ ᠶᠡᠬᠡ ᠲᠡᠢ ᠲᠠᠨ ᠤ ᠣᠷᠣᠨ ᠳᠤ ᠬᠦᠷᠦᠯᠴᠡᠨ ᠢᠷᠡᠭᠰᠡᠨ ᠡᠷᠭᠢᠯ ᠮᠥᠷᠭᠥᠯ ᠢᠶᠡᠷ ᠵᠠᠮᠨᠠᠭᠴᠢᠳ᠂ ᠵᠣᠴᠢᠳ ᠭᠡᠢᠢᠴᠢᠳ ᠪᠢᠳᠡ ᠪᠦᠬᠦᠨ ᠡᠨᠡ ᠬᠦ ᠤᠷᠢᠶᠠᠯᠭ᠎ᠠ ᠢᠢ ᠬᠦᠯᠢᠶᠡᠨ ᠠᠪᠴᠤ᠂ ᠤᠷᠮ᠎ᠠ ᠬᠠᠢᠢᠷᠠᠯᠠᠭᠰᠠᠨ ᠦᠭᠡ ᠢᠢ ᠨᠢ ᠢᠷᠡᠭᠡᠳᠦᠢ ᠢᠢᠨ ᠲᠥᠯᠦᠭᠡᠬᠢ ᠪᠦᠬᠦ ᠨᠡᠢᠢᠲᠡ ᠢᠢᠨ ᠶᠠᠷᠢᠶ᠎ᠠ ᠬᠡᠯᠡᠴᠡᠯ᠂ ᠡᠨᠡᠷᠢᠯ ᠨᠢᠭᠦᠯᠡᠰᠦᠯ᠂ ᠠᠯᠤᠰ ᠤᠨ ᠬᠠᠷᠠᠭ᠎ᠠ ᠵᠡᠷᠭᠡ ᠲᠦ ᠪᠡᠨ ᠪᠣᠳᠠᠲᠤ ᠪᠠᠷ ᠣᠷᠴᠢᠭᠤᠯᠤᠨ ᠬᠡᠷᠡᠭᠯᠡᠬᠦ ᠢᠢ ᠬᠦᠰᠡᠵᠦ ᠪᠠᠢᠢᠨ᠎ᠠ᠃

ᠡᠨᠳᠡ ᠴᠣᠬᠣᠨ ᠲᠡᠮᠳᠡᠭᠯᠡᠭᠰᠡᠨᠴᠢᠯᠡᠨ᠂ ᠮᠣᠩ᠋ᠭᠣᠯ ᠤᠨ ᠨᠡᠢᠢᠭᠡᠮ ᠢ ᠪᠦᠷᠢᠨ ᠳᠦᠭᠦᠷᠡᠩ ᠲᠠᠨᠢᠨ ᠮᠡᠳᠡᠵᠦ᠂ ᠬᠣᠣᠰ ᠦᠭᠡᠢ ᠥᠪᠡᠷᠮᠢᠴᠡ ᠡᠨᠡ ᠠᠷᠠᠳ ᠲᠦᠮᠡᠨ ᠦ ᠭᠠᠢᠢᠬᠠᠮ᠎ᠠ ᠰᠠᠢᠢᠬᠠᠨ᠂ ᠰᠤᠷᠪᠤᠯᠵᠢᠲᠤ ᠮᠥᠨ ᠴᠢᠨᠠᠷ ᠠᠴᠠ ᠳᠡᠯᠡᠬᠡᠢ ᠳᠠᠬᠢᠨ ᠦᠷᠭᠦᠯᠵᠢᠳᠡ ᠦᠯᠢᠭᠡᠷᠯᠡᠨ ᠰᠤᠷᠤᠯᠴᠠᠵᠤ ᠪᠠᠢᠢᠬᠤ ᠪᠣᠯᠲᠤᠭᠠᠢ᠃

ᠲᠠ ᠪᠦᠬᠦᠨ ᠣᠢᠢᠷ᠎ᠠ ᠲᠣᠭᠣᠷᠢᠨ ᠤ ᠪᠠᠨ ᠵᠣᠪᠠᠯᠠᠩ ᠢ ᠠᠮᠤᠷᠯᠢᠭᠤᠯᠬᠤ ᠦᠢᠯᠡ ᠬᠡᠷᠡᠭ ᠲᠥ ᠪᠣᠰᠤᠭ᠎ᠠ ᠮᠣᠩ᠋ᠭᠣᠯ ᠪᠢᠴᠢᠭ᠌ ᠰᠢᠭ᠌ ᠢᠶᠡᠨ ᠴᠡᠭᠴᠡ ᠲᠤᠭᠤᠰᠢᠲᠠᠢ ᠪᠠᠢᠢᠵᠤ᠂ ᠬᠦᠮᠦᠨ ᠲᠥᠷᠥᠯᠬᠢᠲᠡᠨ ᠳᠥ ᠬᠥᠮᠥᠨ ᠦ ᠮᠥᠨ ᠴᠢᠨᠠᠷ ᠢ ᠦᠯᠢᠭᠡᠷᠯᠡᠨ ᠰᠠᠨᠠᠭᠤᠯᠵᠤ᠂ ᠬᠥᠷᠥᠰᠥᠳᠦ ᠳᠡᠯᠡᠬᠡᠢ ᠬᠡᠮᠡᠬᠦ ᠨᠢᠭᠡᠨ ᠭᠡᠷ ᠲᠥ ᠪᠡᠨ ᠬᠥᠬᠡ ᠲᠩᠷᠢ ᠰᠢᠭ᠌ ᠤᠷᠤᠰᠢᠬᠤ ᠪᠣᠯᠲᠤᠭᠠᠢ᠃ ᠪᠠᠶᠠᠷᠯᠠᠯ᠎ᠠ᠃