Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠭᠡᠰᠢᠭᠦᠳ ᠢ ᠬᠦᠯᠢᠶᠡᠨ ᠠᠪᠴᠤ ᠠᠭᠤᠯᠵᠠᠯ᠎ᠠ

ᠮᠣᠩᠭ᠋ᠣᠯ ᠬᠡᠯᠡᠨ ᠦ ᠲᠤᠬᠠᠢ ᠬᠠᠤᠯᠢ ᠢᠢᠨ 21 ᠳᠦᠭᠡᠷ ᠵᠦᠢᠯ ᠳᠥ ᠵᠢᠭᠠᠭᠰᠠᠨ ᠤ ᠳᠠᠭᠠᠭᠤ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡ ᠠᠵᠢᠯᠯᠠᠳᠠᠭ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠰᠢᠨ᠎ᠡ ᠪᠦᠷᠢᠯᠳᠦᠬᠦᠨ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠵᠤ᠂ ᠮᠣᠩᠭ᠋ᠣᠯ ᠬᠡᠯᠡ᠂ ᠪᠢᠴᠢᠭ᠌ ᠦᠰᠦᠭ ᠢ ᠬᠡᠷᠡᠭᠯᠡᠬᠦ᠂ ᠬᠠᠮᠠᠭᠠᠯᠠᠬᠤ᠂ ᠬᠥᠭ᠍ᠵᠢᠭᠦᠯᠬᠦ ᠠᠰᠠᠭᠤᠳᠠᠯ ᠢᠶᠠᠷ ᠶᠠᠷᠢᠯᠴᠠᠯ᠎ᠠ᠃

 

ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠡᠮᠦᠨᠡᠬᠢ ᠳᠠᠷᠤᠭ᠎ᠠ ᠢᠢᠨ ᠲᠣᠭᠲᠠᠭᠠᠯ ᠢᠶᠠᠷ 《ᠮᠣᠩᠭ᠋ᠣᠯ ᠬᠡᠯᠡᠨ ᠦ ᠵᠥᠪ ᠪᠢᠴᠢᠬᠦ ᠳᠦᠷᠢᠮ ᠦᠨ ᠲᠣᠯᠢ》 ᠨᠣᠮ ᠢ ᠪᠦᠲᠦᠭᠡᠵᠦ ᠡᠬᠢᠯᠡᠭᠰᠡᠨ ᠨᠢ ᠬᠣᠶᠠᠷ ᠵᠢᠯ ᠦᠨ ᠬᠤᠭᠤᠴᠠᠭᠠᠨ ᠳᠤ ᠦᠷᠭᠦᠯᠵᠢᠯᠡᠵᠦ ᠳᠠᠭᠤᠰᠤᠭᠰᠠᠨ ᠪᠠᠢᠢᠨ᠎ᠠ᠃

 

《ᠮᠣᠩᠭ᠋ᠣᠯ ᠬᠡᠯᠡᠨ ᠦ ᠵᠥᠪ ᠪᠢᠴᠢᠬᠦ ᠳᠦᠷᠢᠮ ᠦᠨ ᠲᠣᠯᠢ》 ᠨᠣᠮ ᠢ ᠪᠦᠲᠦᠭᠡᠬᠦ ᠳᠥ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠣᠳᠣ ᠢᠢᠨ ᠭᠡᠰᠢᠭᠦᠳ ᠮᠥᠨ ᠣᠷᠣᠯᠴᠠᠭᠰᠠᠨ ᠪᠥᠭᠡᠳ ᠨᠡᠢᠢᠲᠡ 20 ᠭᠠᠷᠤᠢ ᠡᠷᠳᠡᠮᠲᠡᠨ ᠡᠴᠡ ᠪᠥᠷᠢᠳᠬᠦ ᠠᠵᠢᠯ ᠤᠨ ᠬᠡᠰᠡᠭ ᠠᠵᠢᠯᠯᠠᠵᠤ᠂ ᠬᠡᠯᠡ ᠰᠢᠨᠵᠢᠯᠡᠯ ᠦᠨ ᠠᠺᠠᠳᠧᠮᠢᠴᠢ᠂ ᠰᠢᠨᠵᠢᠯᠡᠬᠦ ᠤᠬᠠᠭᠠᠨ ᠤ ᠳ᠋ᠣᠺᠲ᠋ᠣᠷ ᠤᠳ ᠬᠤᠪᠢ ᠨᠡᠮᠡᠷᠢ ᠪᠡᠨ ᠣᠷᠣᠭᠤᠯᠵᠠᠢ᠃  ᠮᠣᠩᠭ᠋ᠣᠯ ᠤᠯᠤᠰ ᠨᠢ 1983 ᠣᠨ ᠠᠴᠠ ᠬᠣᠢᠢᠰᠢ ᠴ ∙ ᠳᠠᠮᠳᠢᠨᠰᠦ᠋ᠷᠦᠩ᠂ ᠪ ∙ ᠣᠰᠣᠷ ᠨᠠᠷ ᠤᠨ 《ᠮᠣᠩᠭ᠋ᠣᠯ ᠦᠰᠦᠭ ᠦᠨ ᠳᠦᠷᠢᠮ ᠦᠨ ᠲᠣᠯᠢ》᠂ 18 ᠮᠢᠩᠭ᠋ᠠᠨ ᠦᠭᠡ ᠲᠡᠢ ᠲᠣᠯᠢ ᠪᠢᠴᠢᠭ᠌ ᠢ ᠬᠡᠷᠡᠭᠯᠡᠵᠦ ᠬᠡᠪᠰᠢᠭᠰᠡᠨ ᠶᠤᠮ᠃

 

ᠬᠠᠷᠢᠨ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠡᠴᠡ ᠭᠠᠷᠴᠤ ᠪᠤᠢ ᠮᠣᠩᠭ᠋ᠣᠯ ᠬᠡᠯᠡᠨ ᠦ ᠵᠥᠪ ᠪᠢᠴᠢᠬᠦ ᠳᠦᠷᠢᠮ ᠦᠨ ᠲᠣᠯᠢ》 ᠨᠣᠮ ᠳᠤ 37486 ᠦᠭᠡ ᠣᠷᠣᠭᠰᠠᠨ ᠪᠥᠭᠡᠳ 6000 ᠣᠷᠴᠢᠮ ᠭᠠᠳᠠᠭᠠᠳᠤ ᠦᠭᠡᠰ ᠡᠴᠡ ᠰᠢᠭᠰᠢᠵᠦ 1000 ᠭᠠᠳᠠᠭᠠᠳᠤ ᠦᠭᠡ ᠢᠢ ᠨᠣᠮ ᠳᠤ ᠣᠷᠣᠭᠤᠯᠵᠠᠢ᠃ ᠡᠨᠡ ᠨᠣᠮ ᠢ ᠬᠡᠪᠯᠡᠬᠦ ᠡᠰᠡᠬᠦ ᠠᠰᠠᠭᠤᠳᠠᠯ ᠢ ᠬᠡᠯᠡᠯᠴᠡᠬᠦ ᠪᠡᠷ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠰᠢᠨ᠎ᠡ ᠪᠦᠷᠢᠯᠳᠦᠬᠦᠨ ᠥᠴᠥᠭᠡᠳᠦᠷ ᠠᠩᠬᠠᠨ ᠤ ᠬᠤᠷᠠᠯᠳᠤᠭᠠᠨ ᠢᠶᠠᠨ ᠬᠢᠵᠦ᠂ ᠮᠣᠩᠭ᠋ᠣᠯ ᠬᠡᠯᠡᠨ ᠦ ᠲᠤᠬᠠᠢ ᠬᠠᠤᠯᠢ ᠳᠤ ᠵᠢᠭᠠᠭᠰᠠᠨ ᠢᠶᠠᠷ ᠬᠡᠪᠯᠡᠬᠦ ᠰᠢᠢᠳᠪᠦᠷᠢ  ᠳᠥ ᠬᠦᠷᠦᠭᠰᠡᠨ ᠪᠠᠢᠢᠨ᠎ᠠ᠃

 

ᠮᠥᠨ ᠨᠣᠮ ᠬᠡᠪᠯᠡᠭᠳᠡᠨ ᠭᠠᠷᠤᠭᠰᠠᠨ ᠢᠶᠠᠷ 1941 ᠣᠨ ᠠᠴᠠ ᠬᠣᠢᠢᠰᠢ ᠭᠠᠷᠴᠤ ᠪᠠᠢᠢᠭ᠎ᠠ ᠮᠣᠩᠭ᠋ᠣᠯ ᠬᠡᠯᠡ ᠲᠡᠢ ᠬᠣᠯᠪᠣᠭᠠᠲᠠᠢ ᠮᠠᠷᠭᠤᠭᠠᠨ ᠰᠢᠢᠳᠦᠭᠳᠡᠵᠦ ᠪᠠᠢᠢᠭ᠎ᠠ ᠲᠠᠯ᠎ᠠ ᠪᠠᠷ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠳᠠᠷᠤᠭ᠎ᠠ᠂ ᠠᠷᠠᠳ ᠤᠨ ᠪᠠᠭᠰᠢ ᠰ ∙ ᠳᠤᠯᠮ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠲᠠᠨᠢᠯᠴᠠᠭᠤᠯᠤᠭᠰᠠᠨ ᠶᠤᠮ᠃ ᠨᠣᠮ ᠢ ᠮᠣᠩᠭ᠋ᠣᠯ ᠬᠡᠯᠡ᠂ ᠤᠷᠠᠨ ᠵᠣᠬᠢᠶᠠᠯ ᠤᠨ ᠬᠢᠴᠢᠶᠡᠯ ᠵᠢᠭᠠᠳᠠᠭ 9600 ᠭᠠᠷᠤᠢ ᠪᠠᠭᠰᠢ ᠪᠣᠯᠤᠨ ᠲᠥᠷᠥ ᠢᠢᠨ ᠠᠯᠪᠠᠨ ᠬᠠᠭᠠᠭᠴᠢᠳ ᠲᠤ ᠵᠢᠷᠭᠤᠳᠤᠭᠠᠷ ᠰᠠᠷ᠎ᠠ ᠢᠢᠨ 15 ᠍ ᠤ ᠳᠣᠲᠣᠷ᠎ᠠ ᠦᠨ᠎ᠡ ᠦᠭᠡᠢ ᠲᠠᠷᠠᠭᠠᠵᠤ ᠥᠭ᠍ᠬᠦ ᠶᠤᠮ ᠪᠠᠢᠢᠨ᠎ᠠ᠃

 

ᠲᠡᠭᠦᠨᠴᠢᠯᠡᠨ ᠠᠭᠤᠯᠵᠠᠯᠲᠠ ᠢᠢᠨ ᠦᠶ᠎ᠡ ᠪᠡᠷ ᠮᠣᠩᠭ᠋ᠣᠯ ᠪᠢᠴᠢᠭ᠌ ᠲᠥ ᠰᠢᠯᠵᠢᠬᠦ ᠠᠰᠠᠭᠤᠳᠠᠯ᠂ ᠡᠭᠦᠨ ᠲᠡᠢ ᠬᠣᠯᠪᠣᠭᠠᠲᠠᠢ ᠪᠠᠷ ᠮᠣᠩᠭ᠋ᠣᠯ ᠪᠢᠴᠢᠭ᠌ ᠦᠨ ᠶᠦᠨᠢᠺᠣᠳ᠋ ᠪᠤᠶᠤ ᠣᠯᠠᠨ ᠤᠯᠤᠰ ᠤᠨ ᠰᠲ᠋ᠠᠨ᠋ᠳᠠᠷᠲ ᠺᠣᠳ᠋ᠴᠢᠯᠠᠯ᠂ ᠡᠯᠰᠡᠯᠲᠡ ᠢᠢᠨ ᠶᠡᠷᠦᠩᠬᠡᠢ ᠰᠢᠯᠭᠠᠯᠲᠠ ᠥᠭ᠍ᠬᠦ ᠢᠷᠭᠡᠨ ᠡᠴᠡ ᠵᠠᠪᠠᠯ ᠠᠪᠬᠤ ᠮᠣᠩᠭ᠋ᠣᠯ ᠬᠡᠯᠡ᠂ ᠪᠢᠴᠢᠭ᠌ ᠦᠨ ᠰᠢᠯᠭᠠᠯᠲᠠ ᠳᠤ ᠪᠣᠱᠤᠭᠤ ᠣᠨᠣᠭ᠎ᠠ ᠲᠣᠭᠲᠠᠭᠠᠬᠤ ᠵᠡᠷᠭᠡ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠪᠠ᠃

 

ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠢ ᠰᠢᠨᠡᠴᠢᠯᠡᠨ ᠪᠠᠢᠢᠭᠤᠯᠬᠤ ᠲᠤᠬᠠᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠲᠠᠪᠤᠳᠤᠭᠠᠷ ᠰᠠᠷ᠎ᠠ ᠢᠢᠨ 23 ᠍ ᠤ ᠡᠳᠦᠷ ᠭᠠᠷᠤᠭᠰᠠᠨ ᠪᠥᠭᠡᠳ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠭᠡᠰᠢᠭᠦᠳ ᠢ ᠮᠣᠩᠭ᠋ᠣᠯ ᠬᠡᠯᠡ᠂ ᠤᠳᠬ᠎ᠠ ᠵᠣᠬᠢᠶᠠᠯ ᠤᠨ ᠡᠷᠳᠡᠮᠲᠡᠨ᠂ ᠬᠡᠪᠯᠡᠯ ᠮᠡᠳᠡᠭᠡᠯᠡᠯ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠮᠡᠷᠭᠡᠵᠢᠯ ᠦᠨ ᠲᠥᠯᠥᠭᠡᠯᠡᠯ ᠡᠴᠡ ᠰᠣᠩᠭ᠋ᠣᠵᠤ ᠵᠢᠷᠭᠤᠭᠠᠨ ᠵᠢᠯ ᠦᠨ ᠬᠤᠭᠤᠴᠠᠭ᠎ᠠ ᠲᠠᠢ ᠲᠣᠮᠢᠯᠠᠬᠤ ᠪᠠᠷ ᠵᠢᠭᠠᠭᠰᠠᠨ ᠮᠣᠩᠭ᠋ᠣᠯ ᠬᠡᠯᠡᠨ ᠦ ᠲᠤᠬᠠᠢ ᠬᠠᠤᠯᠢ ᠢᠢᠨ ᠱᠠᠭᠠᠷᠳᠠᠯᠭ᠎ᠠ ᠢᠢ ᠬᠠᠩᠭ᠋ᠠᠭᠤᠯᠬᠤ ᠵᠣᠷᠢᠯᠭ᠎ᠠ ᠪᠠᠷ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠢ ᠰᠢᠨᠡᠴᠢᠯᠡᠨ ᠪᠠᠢᠢᠭᠤᠯᠬᠤ ᠪᠠᠷ ᠰᠢᠢᠳᠪᠦᠷᠢᠯᠡᠭᠰᠡᠨ ᠶᠤᠮ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠷᠯᠢᠭ ᠤᠨ ᠳᠠᠭᠠᠭᠤ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠳᠥ ᠠᠵᠢᠯᠯᠠᠵᠤ ᠪᠠᠢᠢᠭ᠎ᠠ ᠭᠡᠰᠢᠭᠦᠳ᠄

 

ᠵᠥᠪᠯᠡᠯ ᠦᠨ ᠳᠠᠷᠤᠭ᠎ᠠ

 

  • ᠬᠡᠯᠡ ᠪᠢᠴᠢᠭ᠌ ᠦᠨ ᠰᠢᠨᠵᠢᠯᠡᠬᠦ ᠤᠬᠠᠭᠠᠨ ᠤ ᠳ᠋ᠣᠺᠲ᠋ᠣᠷ᠂ᠫᠷᠣᠹᠧᠰᠰᠣᠷ᠂ ᠰᠤᠶᠤᠯ ᠤᠷᠠᠯᠢᠭ ᠤᠨ ᠶᠡᠬᠡ ᠰᠤᠷᠭᠠᠭᠤᠯᠢ ᠢᠢᠨ ᠲᠡᠷᠢᠭᠦᠯᠡᠬᠦ ᠫᠷᠣᠹᠧᠰᠰᠣᠷ ᠰ ∙ ᠳᠤᠯᠮ᠎ᠠ

 

ᠮᠣᠩᠭ᠋ᠣᠯ ᠬᠡᠯᠡ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ ᠤ ᠰᠠᠯᠪᠤᠷᠢ ᠲᠥᠯᠦᠭᠡᠯᠡᠭᠰᠡᠨ ᠭᠡᠰᠢᠭᠦᠳ᠄

 

  • ᠬᠡᠯᠡ ᠪᠢᠴᠢᠭ᠌ ᠦᠨ ᠰᠢᠨᠵᠢᠯᠡᠬᠦ ᠤᠬᠠᠭᠠᠨ ᠤ ᠳ᠋ᠣᠺᠲ᠋ᠣᠷ᠂ᠫᠷᠣᠹᠧᠰᠰᠣᠷ ᠮ ∙ ᠪᠠᠵᠠᠷᠷᠠᠭᠴᠠ
  • ᠬᠡᠯᠡ ᠪᠢᠴᠢᠭ᠌ ᠦᠨ ᠰᠢᠨᠵᠢᠯᠡᠬᠦ ᠤᠬᠠᠭᠠᠨ ᠤ ᠳ᠋ᠣᠺᠲ᠋ᠣᠷ᠂ ᠫᠷᠣᠹᠧᠰᠰᠣᠷ᠂ ᠮᠣᠩᠭ᠋ᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ ᠢᠢᠨ ᠨᠡᠢᠢᠭᠡᠮ᠂ ᠬᠦᠮᠦᠨᠯᠢᠭ ᠦᠨ ᠤᠬᠠᠭᠠᠨ ᠤ ᠰᠤᠷᠭᠠᠭᠤᠯᠢ ᠢᠢᠨ ᠮᠣᠩᠭ᠋ᠣᠯ ᠰᠤᠳᠤᠯᠤᠯ ᠤᠨ ᠲᠥᠪ ᠦᠨ ᠡᠷᠬᠢᠯᠡᠭᠴᠢ ᠴ ∙ ᠥᠨᠢᠷᠪᠠᠶᠠᠨ​
  • ᠮᠣᠩᠭ᠋ᠣᠯ ᠤᠯᠤᠰ ᠤᠨ ᠶᠡᠬᠡ ᠰᠤᠷᠭᠠᠭᠤᠯᠢ ᠢᠢᠨ ᠰᠢᠨᠵᠢᠯᠡᠬᠦ ᠤᠬᠠᠭᠠᠨ ᠤ ᠰᠤᠷᠭᠠᠭᠤᠯᠢ ᠢᠢᠨ ᠬᠦᠮᠦᠨᠯᠢᠭ ᠦᠨ ᠤᠬᠠᠭᠠᠨ ᠤ ᠰᠠᠯᠪᠤᠷᠢ ᠢᠢᠨ ᠮᠣᠩᠭ᠋ᠣᠯ ᠬᠡᠯᠡ᠂ ᠬᠡᠯᠡ ᠰᠢᠨᠵᠢᠯᠡᠯ ᠦᠨ ᠲᠡᠩᠬᠢᠮ ᠦᠨ ᠪᠠᠭᠰᠢ ᠴᠣᠢᠢ‍ ∙ ᠪᠠᠲᠤᠲᠤᠯᠭ᠎ᠠ
  • ᠶᠡᠷᠦᠩᠬᠡᠢ ᠪᠣᠯᠪᠠᠰᠤᠷᠠᠯ ᠤᠨ ᠰᠠᠯᠪᠤᠷᠢ ᠲᠥᠯᠦᠭᠡᠯᠡᠭᠰᠡᠨ ᠠᠬᠠᠮᠠᠳ ᠪᠠᠭᠰᠢ ᠸ ∙ ᠰᠤᠷᠠᠨᠬᠦᠦ

ᠬᠡᠪᠯᠡᠯ ᠮᠡᠳᠡᠭᠡᠯᠡᠯ᠂ ᠤᠳᠬ᠎ᠠ ᠵᠣᠬᠢᠶᠠᠯ᠂ ᠰᠢᠨᠵᠢᠯᠡᠬᠦ ᠤᠬᠠᠭᠠᠨ ᠤ ᠰᠠᠯᠪᠤᠷᠢ ᠲᠥᠯᠦᠭᠡᠯᠡᠭᠰᠡᠨ ᠭᠡᠰᠢᠭᠦᠳ᠄

 

  • ᠬᠡᠯᠡ ᠪᠢᠴᠢᠭ᠌ ᠦᠨ ᠤᠬᠠᠭᠠᠨ ᠤ ᠳ᠋ᠣᠺᠲ᠋ᠣᠷ᠂ ᠫᠷᠣᠹᠧᠰᠰᠣᠷ᠂ ᠮᠣᠩᠭ᠋ᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ ᠢᠢᠨ ᠨᠡᠢᠢᠭᠡᠮ᠂ ᠬᠦᠮᠦᠨᠯᠢᠭ ᠦᠨ ᠤᠬᠠᠭᠠᠨ ᠤ ᠰᠤᠷᠭᠠᠭᠤᠯᠢ ᠢᠢᠨ ᠵᠠᠬᠢᠷᠤᠯ᠂ ᠮᠣᠩᠭ᠋ᠣᠯ ᠤᠨ ᠰᠡᠳᠬᠦᠯᠴᠢ ᠢᠢᠨ ᠨᠢᠭᠡᠳᠦᠭᠰᠡᠨ ᠡᠪᠯᠡᠯ ᠦᠨ ᠳᠡᠳ᠋ ᠶᠡᠷᠦᠩᠬᠡᠢᠢᠯᠡᠭᠴᠢ ᠵ ∙ ᠪᠠᠲᠤᠪᠠᠭᠠᠲᠤᠷ
  • ᠵᠣᠬᠢᠶᠠᠯᠴᠢ᠂ ᠰᠡᠳᠬᠦᠯᠴᠢ ᠪ ∙ ᠨᠠᠮᠢᠨᠴᠢᠮᠡᠳ
  • ᠪᠦᠭᠦᠳᠡ ᠨᠠᠢᠢᠷᠠᠮᠳᠠᠬᠤ ᠰᠯᠣᠸᠠᠺ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠺᠣᠮᠫᠢᠶᠦ᠋ᠲ᠋ᠧᠷ ᠦᠨ ᠰᠤᠳᠤᠯᠭᠠᠨ ᠤ ᠬᠦᠷᠢᠶᠡᠯᠡᠩ ᠦᠨ ᠰᠧᠺᠲ᠋ᠣᠷ ᠤᠨ ᠡᠷᠬᠢᠯᠡᠭᠴᠢ ᠲ ∙ ᠰᠠᠬᠢᠶ᠎ᠠ
  • ᠮᠡᠳᠡᠭᠡᠯᠡᠯ ᠦᠨ ᠲᠧᠭᠨᠣᠯᠣᠭᠢ ᠢᠢᠨ ᠢᠨᠵᠧᠨᠧᠷ ᠳ ∙ ᠮᠣᠨᠳᠣᠢ