Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠄ ᠵᠠᠯᠠᠭᠤ ᠣᠹᠢᠼᠧᠷ ᠤᠳ ᠢ ᠬᠥᠭ᠍ᠵᠢᠭᠦᠯᠵᠦ᠂ ᠨᠡᠢᠢᠭᠡᠮ ᠤᠨ ᠬᠠᠮᠠᠭᠠᠯᠠᠯ ᠢ ᠨᠢ ᠨᠢᠭᠡᠳᠦᠭᠰᠡᠨ ᠪᠣᠳᠣᠯᠭ᠎ᠠ ᠪᠠᠷ ᠰᠢᠢᠳᠪᠦᠷᠢᠯᠡᠬᠦ ᠱᠠᠭᠠᠷᠳᠠᠯᠭ᠎ᠠ ᠲᠠᠢ

ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ 《ᠵᠠᠯᠠᠭᠤ ᠣᠹᠢᠼᠧᠷ ᠤᠳ ᠤᠨ ᠴᠢᠭᠤᠯᠭ᠎ᠠ ᠠᠭᠤᠯᠵᠠᠯᠲᠠ》 2023 ᠣᠨ ᠤ 09 ᠳ᠋ᠤᠭᠡᠷ ᠰᠠᠷ᠎ᠠ ᠢᠢᠨ 8-10 ᠍ ᠤ ᠡᠳᠦᠷ ᠦᠳ ᠲᠥ ᠪᠣᠯᠵᠤ ᠪᠠᠢᠢᠨ᠎ᠠ᠃

ᠴᠢᠭᠤᠯᠭ᠎ᠠ ᠠᠭᠤᠯᠵᠠᠯᠲᠠ ᠪᠠᠷ ᠵᠠᠯᠠᠭᠤ ᠣᠹᠢᠼᠧᠷ ᠤᠳ ᠢᠳᠡᠪᠬᠢ ᠰᠠᠨᠠᠭᠠᠴᠢᠯᠠᠭ᠎ᠠ᠂ ᠦᠵᠡᠯ ᠪᠣᠳᠣᠯ᠂ ᠢᠷᠡᠭᠡᠳᠦᠢ ᠢᠢᠨ ᠬᠥᠭ᠍ᠵᠢᠯ ᠦᠨ ᠴᠢᠭ᠌ ᠬᠠᠨᠳᠤᠯᠭ᠎ᠠ ᠪᠠᠨ ᠥᠪᠡᠷᠰᠡᠳ ᠢᠶᠡᠨ ᠲᠣᠳᠣᠷᠬᠠᠢᠢᠯᠠᠵᠤ᠂ ᠮᠡᠳᠡᠯᠭᠡ᠂ ᠲᠤᠷᠰᠢᠯᠭ᠎ᠠ ᠪᠠᠨ ᠰᠣᠯᠢᠯᠴᠠᠯ᠎ᠠ᠃ ᠮᠥᠨ ᠨᠡᠢᠢᠭᠡᠮ ᠦᠨ ᠠᠰᠠᠭᠤᠳᠠᠯ᠂ ᠮᠠᠩᠯᠠᠢᠢᠯᠠᠯ᠂ ᠬᠥᠭ᠍ᠵᠢᠯ ᠦᠨ ᠲᠠᠯᠠᠭᠠᠷᠬᠢ ᠰᠣᠴᠢᠶᠠᠯᠣᠭᠢ ᠤᠨ ᠰᠤᠳᠤᠯᠭᠠᠨ ᠤ ᠳ᠋ᠦᠩ᠂ ᠡᠷᠳᠡᠮ ᠰᠢᠨᠵᠢᠯᠡᠭᠡᠨ ᠦ ᠬᠤᠷᠠᠯ ᠪᠣᠯᠤᠨ ᠳᠡᠳ᠋ ᠴᠢᠭᠤᠯᠭᠠᠨ ᠠᠴᠠ ᠭᠠᠷᠤᠭᠰᠠᠨ ᠰᠠᠨᠠᠯ᠂ ᠳ᠋ᠦᠩᠨᠡᠯᠲᠡ ᠪᠡᠨ ᠬᠡᠯᠡᠯᠴᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠴᠢᠭᠤᠯᠭ᠎ᠠ ᠠᠭᠤᠯᠵᠠᠯᠲᠠ ᠳᠤ ᠣᠷᠣᠯᠴᠠᠨ᠂ ᠵᠠᠯᠠᠭᠤ ᠣᠹᠢᠼᠧᠷ ᠤᠳ ᠲᠤ ᠪᠠᠶᠠᠷ ᠬᠦᠷᠭᠡᠵᠦ ᠦᠭᠡ ᠬᠡᠯᠡᠪᠡ᠃

ᠲᠡᠷᠡ ᠪᠡᠷ ᠵᠠᠯᠠᠭᠤ ᠣᠹᠢᠼᠧᠷ ᠤᠳ ᠢ ᠬᠥᠭ᠍ᠵᠢᠭᠦᠯᠵᠦ᠂ ᠨᠡᠢᠢᠭᠡᠮ ᠤᠨ ᠬᠠᠮᠠᠭᠠᠯᠠᠯ ᠢ ᠨᠢ ᠨᠢᠭᠡᠳᠦᠭᠰᠡᠨ ᠪᠣᠳᠣᠯᠭ᠎ᠠ ᠪᠠᠷ ᠰᠢᠢᠳᠪᠦᠷᠢᠯᠡᠵᠦ ᠪᠠᠢᠢᠬᠤ ᠶᠣᠰᠣᠲᠠᠢ ᠭᠡᠵᠦ ᠦᠵᠡᠳᠡᠭ ᠢᠶᠡᠨ ᠲᠡᠮᠳᠡᠭᠯᠡᠪᠡ᠃ ᠮᠥᠨ ᠤᠳᠤᠷᠢᠳᠤᠯᠭ᠎ᠠ ᠢᠢᠨ ᠮᠠᠩᠯᠠᠢᠢᠯᠠᠯ᠂ ᠬᠠᠮᠲᠤ ᠣᠯᠠᠨ ᠤ ᠠᠭᠤᠷ ᠠᠮᠢᠰᠬᠤᠯ᠂ ᠠᠵᠢᠯᠯᠠᠬᠤ ᠣᠷᠴᠢᠨ ᠨᠥᠬᠥᠴᠡᠯ ᠴᠢᠬᠤᠯᠠ ᠪᠥᠭᠡᠳ ᠰᠢᠳᠤᠷᠭᠤ᠂ ᠢᠯᠡ ᠲᠣᠳᠣ᠂ ᠱᠠᠲᠤᠯᠠᠨ ᠳᠡᠪᠰᠢᠬᠦ ᠵᠠᠷᠴᠢᠮ ᠳᠤ ᠲᠤᠯᠭᠠᠭᠤᠷᠢᠯᠠᠭᠰᠠᠨ ᠬᠦᠮᠦᠨ ᠦ ᠨᠥᠭᠡᠴᠡ ᠢᠢᠨ ᠪᠣᠳᠣᠯᠭ᠎ᠠ ᠢᠢ ᠬᠡᠷᠡᠭᠵᠢᠭᠦᠯᠬᠦ ᠨᠢ ᠴᠢᠬᠤᠯᠠ ᠪᠠᠢᠢᠭ᠎ᠠ ᠢᠢ ᠤᠳᠤᠷᠢᠳᠬᠤ ᠪᠦᠷᠢᠯᠳᠦᠬᠦᠨ ᠳᠥ ᠠᠩᠬᠠᠷᠤᠭᠤᠯᠤᠯ᠎ᠠ᠃

ᠵᠠᠯᠠᠭᠤ ᠣᠹᠢᠼᠧᠷ ᠤᠳ ᠰᠢᠨᠵᠢᠯᠡᠬᠦ ᠤᠬᠠᠭᠠᠨ᠂ ᠲᠧᠭᠨᠣᠯᠣᠭᠢ᠂ ᠮᠡᠷᠭᠡᠵᠢᠯ ᠦᠨ ᠮᠡᠳᠡᠯᠭᠡ᠂ ᠪᠣᠯᠪᠠᠰᠤᠷᠠᠯ ᠢᠶᠠᠨ ᠪᠠᠢᠢᠩ᠋ᠭᠤ ᠳᠡᠭᠡᠭ᠍ᠰᠢᠯᠡᠭᠦᠯᠵᠦ᠂ ᠥᠪᠡᠷ ᠢ ᠪᠡᠨ ᠬᠥᠭ᠍ᠵᠢᠭᠦᠯᠵᠦ ᠪᠠᠢᠢᠬᠤ ᠢᠢ ᠵᠠᠬᠢᠵᠤ᠂ ᠲᠡᠳᠡᠨ ᠦ ᠬᠦᠰᠡᠯ ᠮᠥᠷᠥᠭᠡᠳᠦᠯ᠂ ᠰᠠᠨᠠᠯ ᠰᠠᠨᠠᠭᠠᠴᠢᠯᠠᠭ᠎ᠠ᠂ ᠬᠥᠭ᠍ᠵᠢᠯ ᠳᠡᠪᠰᠢᠯ ᠢ ᠪᠦᠬᠦ ᠲᠠᠯ᠎ᠠ ᠪᠠᠷ ᠳᠡᠮᠵᠢᠵᠦ᠂ ᠬᠠᠮᠲᠤᠷᠠᠨ ᠠᠵᠢᠯᠯᠠᠬᠤ ᠪᠠᠨ ᠬᠡᠯᠡᠪᠡ᠃
ᠲᠥᠷᠦ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ 《ᠰᠢᠯᠢᠳᠡᠭ ᠣᠹᠢᠼᠧᠷ》 ᠰᠢᠯᠭᠠᠷᠠᠭᠤᠯᠬᠤ ᠲᠡᠮᠡᠴᠡᠭᠡᠨ ᠥᠩ᠋ᠭᠡᠷᠡᠭᠰᠡᠨ ᠰᠠᠷ᠎ᠠ ᠢᠢᠨ 24-26 ᠍ ᠤ ᠡᠳᠦᠷ ᠳᠣᠲᠣᠭᠠᠳᠤ ᠬᠡᠷᠡᠭ ᠦᠨ ᠶᠡᠬᠡ ᠰᠤᠷᠭᠠᠭᠤᠯᠢ ᠪᠣᠯᠤᠨ ᠬᠤᠵᠢᠷᠪᠤᠯᠤᠩ ᠳ᠋ᠠᠬᠢ ᠵᠡᠪᠰᠡᠭᠲᠦ ᠬᠦᠴᠦᠨ ᠦ ᠰᠤᠷᠭᠠᠯᠲᠠ ᠢᠢᠨ ᠲᠥᠪ᠂ ᠴᠢᠩ᠋ᠭᠡᠯᠲᠡᠢ ᠳᠡᠭᠦᠷᠭᠡ ᠢᠢᠨ ᠬᠠᠢᠢᠷᠬᠠᠨ ᠬᠥᠭ᠍ᠵᠢᠯ ᠦᠨ ᠲᠥᠪ ᠲ᠋ᠳᠥ ᠪᠣᠯᠤᠭᠰᠠᠨ ᠪᠠᠢᠢᠨ᠎ᠠ᠃

ᠲᠡᠮᠡᠴᠡᠭᠡᠨ ᠳᠥ 10 ᠪᠠᠢᠢᠭᠤᠯᠤᠯᠭ᠎ᠠ ᠤᠨ 80 ᠣᠹᠢᠼᠧᠷ ᠣᠷᠣᠯᠴᠠᠵᠤ᠂ ᠴᠡᠷᠢᠭ ᠦᠨ ᠳᠦᠷᠢᠮ᠂ ᠭᠠᠳᠠᠭᠠᠳᠤ ᠬᠡᠯᠡᠨ ᠦ ᠮᠡᠳᠡᠯᠭᠡ᠂ ᠡᠰᠡ ᠪᠢᠴᠢᠯᠭᠡ᠂ ᠢᠯᠡᠳᠭᠡᠬᠦ ᠤᠷ᠎ᠠ ᠴᠢᠳᠠᠪᠤᠷᠢ᠂ ᠪᠤᠤᠳᠠᠯᠭ᠎ᠠ᠂ ᠰᠡᠳᠬᠢᠯ ᠬᠥᠳᠡᠯᠦᠯ ᠢᠶᠡᠨ ᠤᠳᠤᠷᠢᠳᠬᠤ ᠪᠣᠯᠤᠨ ᠪᠠᠭ ᠢᠢᠠᠷ ᠠᠵᠢᠯᠯᠠᠬᠤ ᠴᠢᠳᠠᠪᠤᠷᠢ᠂ ᠪᠡᠶ᠎ᠡ ᠪᠢᠯᠳᠠᠷ ᠤᠨ ᠪᠡᠯᠡᠳᠬᠡᠯᠵᠢᠯᠲᠡ ᠲᠥᠷᠥᠯ ᠢᠶᠡᠷ ᠥᠷᠢᠰᠦᠯᠳᠦᠵᠡᠢ᠃


ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠲᠡᠮᠡᠴᠡᠭᠡᠨ ᠳᠥ ᠲᠡᠷᠢᠭᠦᠨ ᠪᠠᠢᠢᠷᠢ ᠡᠵᠡᠯᠡᠭᠰᠡᠨ ᠵᠡᠪᠰᠡᠭᠲᠦ ᠬᠦᠴᠦᠨ ᠦ ᠵᠠᠩᠵᠤᠨ ᠱᠲ᠋ᠠᠪ᠂ ᠲᠤᠰᠬᠠᠢ ᠬᠦᠴᠦᠨ ᠦ ᠴᠡᠷᠢᠭ ᠦᠨ ᠺᠣᠮᠠᠨᠳ᠋ᠯᠠᠯ ᠤᠨ ᠣᠹᠢᠼᠧᠷ᠂ ᠠᠬᠠᠮᠠᠳ ᠨ᠂ ᠳᠡᠯᠭᠡᠷᠮ᠎ᠠ᠂ ᠮᠥᠨ ᠺᠣᠮᠠᠨᠳ᠋ᠯᠠᠯ ᠤᠨ ᠣᠹᠢᠼᠧᠷ᠂ ᠠᠬᠠᠮᠠᠳ ᠭ᠂ ᠵᠢᠪᠬᠤᠯᠠᠩᠲᠡᠭᠦᠰ ᠨᠠᠷ ᠲᠤ ᠲᠤᠰ ᠪᠦᠷᠢ ᠬᠣᠶᠠᠷ ᠥᠷᠦᠭᠡ ᠪᠠᠢᠢᠷᠢᠨ ᠤ ᠪᠠᠲᠤᠯᠠᠮᠵᠢ ᠭᠠᠷᠳᠠᠭᠤᠯᠵᠤ᠂ ᠪᠠᠶᠠᠷ ᠬᠦᠷᠭᠡᠨ᠂ ᠠᠮᠵᠢᠯᠲᠠ ᠬᠦᠰᠡᠨ ᠢᠷᠦᠭᠡᠪᠡ᠃

ᠲᠡᠮᠡᠴᠡᠭᠡᠨ ᠦ ᠲᠤᠰᠬᠠᠢ᠂ ᠭᠤᠲᠠᠭᠠᠷ᠂ ᠳᠡᠳ᠋ ᠪᠠᠢᠢᠷᠢ ᠳᠤ ᠰᠢᠯᠭᠠᠷᠠᠭᠰᠠᠨ ᠵᠠᠯᠠᠭᠤ ᠣᠹᠢᠼᠧᠷ ᠤᠳ ᠲᠤ ᠪᠠᠲᠤᠯᠠᠨ ᠬᠠᠮᠠᠭᠠᠯᠠᠬᠤ ᠢᠢᠨ ᠳᠡᠳ᠋ ᠰᠠᠢᠢᠳ ᠪ᠂ ᠪᠠᠶᠠᠷᠮᠠᠩᠨᠠᠢ᠂ ᠮᠣᠩ᠋ᠭᠣᠯ ᠤᠯᠤᠰ ᠤᠨ ᠰᠢᠳᠠᠷ ᠰᠠᠢᠢᠳ ᠰ᠂ ᠠᠮᠤᠷᠰᠠᠢᠢᠬᠠᠨ᠂ ᠪᠠᠲᠤᠯᠠᠨ ᠬᠠᠮᠠᠭᠠᠯᠠᠬᠤ ᠢᠢᠨ ᠰᠠᠢᠢᠳ᠂ ᠳᠡᠰᠯᠡᠭᠴᠢ ᠭᠧᠨᠧᠷᠠᠯ ᠭ᠂ ᠰᠠᠢᠢᠬᠠᠨᠪᠠᠶᠠᠷ ᠨᠠᠷ ᠱᠠᠩᠨᠠᠯ ᠭᠠᠷᠳᠠᠭᠤᠯᠪᠠ᠃

《ᠵᠠᠯᠠᠭᠤ ᠣᠹᠢᠼᠧᠷ ᠤᠳ ᠤᠨ ᠴᠢᠭᠤᠯᠭ᠎ᠠ ᠠᠭᠤᠯᠵᠠᠯᠲᠠ》 ᠍ ᠢ ᠤᠭᠲᠤᠵᠤ ᠪᠠᠲᠤᠯᠠᠨ ᠬᠠᠮᠠᠭᠠᠯᠠᠬᠤ ᠢᠢᠨ ᠳᠡᠳ᠋ ᠰᠠᠢᠢᠳ ᠪ᠂ ᠪᠠᠶᠠᠷᠮᠠᠩᠨᠠᠢ ᠪᠠᠷ ᠠᠬᠠᠯᠠᠭᠤᠯᠤᠭᠰᠠᠨ ᠠᠵᠢᠯ ᠤᠨ ᠬᠡᠰᠡᠭ ᠵᠠᠯᠠᠭᠤ ᠣᠹᠢᠼᠧᠷ ᠤᠳ ᠤᠨ ᠮᠡᠳᠡᠯᠭᠡ᠂ ᠤᠷ᠎ᠠ ᠴᠢᠳᠠᠪᠤᠷᠢ ᠢᠢ ᠳᠡᠭᠡᠭ᠍ᠰᠢᠯᠡᠭᠦᠯᠬᠦ᠂ ᠤᠷᠮ᠎ᠠ ᠵᠣᠷᠢᠭ ᠨᠡᠮᠡᠬᠦ᠂ ᠮᠠᠩᠯᠠᠢᠢᠯᠠᠬᠤ᠂ ᠮᠡᠷᠭᠡᠵᠢᠯ ᠢᠶᠡᠷ ᠢᠶᠡᠨ ᠪᠠᠬᠠᠷᠬᠠᠬᠤ᠂ ᠬᠠᠮᠲᠤ ᠢᠢᠨ ᠨᠥᠬᠥᠷᠯᠡᠯ ᠢ ᠪᠡᠬᠢᠵᠢᠭᠦᠯᠬᠦ᠂ ᠨᠡᠢᠢᠭᠡᠮ ᠦᠨ ᠢᠳᠡᠪᠬᠢ ᠢᠢ ᠥᠷᠨᠢᠭᠦᠯᠬᠦ᠂ ᠵᠠᠯᠠᠭᠤ ᠭᠡᠷ ᠪᠦᠯᠢ ᠢᠢ ᠳᠡᠮᠵᠢᠬᠦ ᠴᠢᠭᠯᠡᠯ ᠢᠶᠡᠷ 43 ᠴᠤᠪᠤᠷᠠᠯ ᠠᠵᠢᠯ᠂ ᠠᠷᠭ᠎ᠠ ᠬᠡᠮᠵᠢᠶ᠎ᠡ ᠵᠣᠬᠢᠶᠠᠨ ᠪᠠᠢᠢᠭᠤᠯᠵᠠᠢ᠃