Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠥᠭ᠍ᠵᠢᠵᠦ ᠪᠤᠢ ᠣᠷᠣᠨ ᠨᠤᠭᠤᠳ ᠤᠨ 77 ᠍ ᠦᠨ ᠪᠦᠯᠦᠭ ᠦᠨ ᠲᠥᠷᠥ᠂ ᠵᠠᠰᠠᠭ ᠤᠨ ᠲᠡᠷᠢᠭᠦᠨ ᠨᠠᠷ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠺᠦᠪᠠ ᠤᠯᠤᠰ ᠤᠨ ᠶᠡᠷᠦᠩᠬᠡᠢᠢᠯᠡᠭᠴᠢ ᠮᠢᠭᠧᠯ ᠳ᠋ᠢᠶᠠᠵᠠ-ᠺᠠᠨᠧᠯ ᠪᠧᠷᠮᠤᠢᠳ᠋ᠧᠰ ᠦᠨ ᠤᠷᠢᠯᠭ᠎ᠠ ᠪᠠᠷ 2023 ᠣᠨ ᠤ 09 ᠳ᠋ᠤᠭᠡᠷ ᠰᠠᠷ᠎ᠠ ᠢᠢᠨ 15-16 ᠍ ᠤ ᠡᠳᠦᠷ ᠦᠳ ᠲᠥ ᠾᠠᠸᠠᠨᠠ ᠬᠣᠲᠠᠨ᠎ᠠ ᠪᠣᠯᠬᠤ ᠬᠥᠭ᠍ᠵᠢᠵᠦ ᠪᠤᠢ ᠣᠷᠣᠨ ᠨᠤᠭᠤᠳ ᠤᠨ 77 ᠍ ᠤᠨ ᠪᠦᠯᠦᠭ ᠦᠨ ᠲᠥᠷᠦ᠂ ᠵᠠᠰᠠᠭ ᠤᠨ ᠲᠡᠷᠢᠭᠦᠨ ᠨᠠᠷ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ 《ᠥᠨᠥ ᠢᠢᠨ ᠬᠥᠭ᠍ᠵᠢᠯ ᠦᠨ ᠰᠣᠷᠢᠯᠲᠠ ᠨᠤᠭᠤᠳ᠄ ᠰᠢᠨᠵᠢᠯᠡᠬᠦ ᠤᠬᠠᠭᠠᠨ᠂ ᠲᠧᠭᠨᠣᠯᠣᠭᠢ᠂ ᠢᠨᠨᠣᠸᠠᠴ ᠢᠢᠨ ᠡᠭᠦᠷᠭᠡ》 ᠰᠡᠳᠦᠪ ᠦᠨ ᠬᠦᠷᠢᠶᠡᠨ ᠳᠥ ᠪᠣᠯᠬᠤ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ᠂ ᠰᠢᠨᠵᠢᠯᠡᠬᠦ ᠤᠬᠠᠭᠠᠨ᠂ ᠲᠧᠭᠨᠣᠯᠣᠭᠢ᠂ ᠢᠨᠨᠣᠸᠠᠴ ᠢᠢᠨ ᠠᠰᠠᠭᠤᠳᠠᠯᠠᠷᠠᠬᠢ ᠮᠣᠩ᠋ᠭᠣᠯ ᠤᠯᠤᠰ ᠤᠨ ᠪᠠᠢᠢᠷᠢ ᠰᠠᠭᠤᠷᠢ ᠢᠢ ᠢᠯᠡᠷᠬᠡᠢᠢᠯᠡᠵᠦ᠂ ᠦᠨᠳᠦᠰᠦᠨ ᠦ ᠲᠦᠪᠰᠢᠨ ᠳᠥ ᠬᠡᠷᠡᠭᠵᠢᠭᠦᠯᠵᠦ ᠪᠤᠢ ᠪᠣᠳᠣᠯᠭ᠎ᠠ᠂ ᠦᠢᠯᠡ ᠠᠵᠢᠯᠯᠠᠭ᠎ᠠ ᠢᠢ ᠲᠠᠨᠢᠯᠴᠠᠭᠤᠯᠬᠤ ᠢᠢᠨ ᠵᠡᠷᠭᠡᠴᠡᠭᠡ ᠪᠦᠭᠦᠳᠡ ᠨᠠᠢᠢᠷᠠᠮᠳᠠᠬᠤ ᠺᠦᠪᠠ ᠤᠯᠤᠰ ᠤᠨ ᠶᠡᠷᠦᠩᠬᠡᠢᠢᠯᠡᠭᠴᠢ ᠮᠢᠭᠧᠯ ᠳ᠋ᠢᠶᠠᠵᠠ-ᠺᠠᠨᠧᠯ ᠪᠧᠷᠮᠤᠢᠳ᠋ᠧᠰ  ᠲᠠᠢ ᠠᠭᠤᠯᠵᠠᠵᠤ᠂ ᠮᠣᠩ᠋ᠭᠣᠯ-ᠺᠦᠪᠠ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠬᠤ ᠪᠠᠷ ᠲᠥᠯᠦᠪᠯᠡᠵᠦ ᠪᠠᠢᠢᠨ᠎ᠠ᠃

ᠮᠣᠩ᠋ᠭᠣᠯ ᠤᠯᠤᠰ ᠬᠥᠭ᠍ᠵᠢᠵᠦ ᠪᠤᠢ ᠣᠷᠣᠨ ᠨᠤᠭᠤᠳ ᠤᠨ 77 ᠍ ᠦᠨ ᠪᠦᠯᠦᠭ ᠢ 2023 ᠣᠨ ᠳᠤ ᠳᠠᠷᠤᠭᠠᠯᠠᠵᠤ ᠪᠤᠢ ᠪᠦᠭᠦᠳᠡ ᠨᠠᠢᠢᠷᠠᠮᠳᠠᠬᠤ ᠺᠦᠪᠠ ᠤᠯᠤᠰ ᠲᠠᠢ 1960 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠵᠤ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ ᠪᠠᠢᠢᠨ᠎ᠠ᠃