ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠢᠢᠨ ᠡᠷᠳᠡᠮᠲᠡᠳ ᠦᠨ ᠵᠥᠪᠯᠡᠯ ᠦᠨ ᠭᠡᠰᠢᠭᠦᠳ ᠢ ᠬᠦᠯᠢᠶᠡᠨ ᠠᠪᠴᠤ ᠠᠭᠤᠯᠵᠠᠪᠠ᠃
ᠢᠷᠡᠬᠦ ᠲᠠᠪᠤᠨ ᠵᠢᠯ ᠳᠥ ᠭᠣᠣᠯ ᠨᠡᠷ᠎ᠡ ᠲᠥᠷᠦᠯ ᠦᠨ 19 ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠪᠥᠷᠢᠨ ᠬᠠᠩ᠋ᠭᠠᠵᠤ᠂ ᠴᠢᠨᠠᠭᠰᠢᠳᠠ ᠬᠦᠨᠡᠰᠦ ᠡᠺᠰᠫᠣᠷᠲ᠋ᠯᠤᠬᠴᠢ ᠣᠷᠣᠨ ᠪᠣᠯᠬᠤ ᠵᠣᠷᠢᠯᠲᠠ ᠪᠠᠨ ᠪᠡᠶᠡᠯᠡᠭᠦᠯᠬᠦ ᠳᠥ ᠰᠠᠯᠪᠤᠷᠢ ᠢᠢᠨ ᠡᠷᠳᠡᠮᠲᠡᠳ ᠦᠨ ᠵᠥᠪᠯᠡᠯ ᠦᠨ ᠡᠭᠦᠷᠭᠡ᠂ ᠣᠷᠣᠯᠴᠠᠭ᠎ᠠ ᠴᠢᠬᠤᠯᠠ ᠪᠠᠢᠢᠭ᠎ᠠ ᠢᠢ ᠶᠡᠷᠦᠩᠬᠡᠢᠢᠯᠡᠭᠴᠢ ᠲᠡᠮᠳᠡᠭᠯᠡᠵᠦ᠂ ᠠᠮᠵᠢᠯᠲᠠ ᠬᠦᠰᠡᠨ ᠢᠷᠦᠭᠡᠪᠡ᠃
《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠢ ᠬᠠᠩ᠋ᠭᠠᠬᠤ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠤᠯᠤᠰ ᠤᠨ ᠶᠡᠬᠡ ᠬᠤᠷᠠᠯ ᠤᠨ 36 ᠳ᠋ᠤᠭᠠᠷ ᠲᠣᠭᠲᠠᠭᠠᠯ᠂ ᠬᠡᠷᠡᠭᠵᠢᠭᠦᠯᠬᠦ ᠠᠷᠭ᠎ᠠ ᠬᠡᠮᠵᠢᠶᠡᠨ ᠦ ᠲᠥᠯᠥᠪᠯᠡᠭᠡ ᠢᠢ ᠰᠢᠨᠵᠢᠯᠡᠬᠦ ᠤᠬᠠᠭᠠᠨ᠂ ᠲᠧᠭᠨᠣᠯᠣᠭᠢ ᠢᠢ ᠬᠥᠭ᠍ᠵᠢᠭᠦᠯᠬᠦ ᠪᠣᠳᠣᠯᠭ᠎ᠠ᠂ ᠲᠡᠷᠢᠭᠦᠯᠡᠬᠦ ᠴᠢᠭᠯᠡᠯ᠂ ᠲᠡᠭᠦᠨ ᠦ ᠦᠷ᠎ᠡ ᠳ᠋ᠦᠩ ᠲᠡᠢ ᠤᠶᠠᠯᠳᠤᠭᠤᠯᠤᠨ ᠬᠡᠷᠡᠭᠵᠢᠭᠦᠯᠬᠦ ᠳᠥ ᠳᠡᠮᠵᠢᠯᠭᠡ ᠦᠵᠡᠭᠦᠯᠬᠦ ᠴᠢᠭ᠌ ᠡᠭᠦᠷᠭᠡ ᠪᠦᠬᠦᠢ ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠢᠢᠨ ᠡᠷᠳᠡᠮᠲᠡᠳ ᠦᠨ ᠵᠥᠪᠯᠡᠯ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠤᠨ ᠵᠠᠬᠢᠷᠤᠮᠵᠢ ᠪᠠᠷ ᠪᠠᠢᠢᠭᠤᠯᠤᠭᠰᠠᠨ ᠶᠤᠮ᠃
ᠶᠡᠷᠦᠩᠬᠡᠢᠢᠯᠡᠭᠴᠢ ᠢᠢᠨ ᠦᠢᠯᠡᠳᠪᠦᠷᠢ᠂ ᠦᠢᠯᠡᠴᠢᠯᠡᠭᠡᠨ ᠦ ᠪᠣᠳᠣᠯᠭ᠎ᠠ ᠢᠢᠨ ᠵᠥᠪᠯᠡᠬᠦ᠂ ᠳ᠋ᠣᠺᠲ᠋ᠣᠷ ᠴᠢ᠂ ᠳᠠᠸᠠᠪᠠᠶᠠᠷ ᠢᠶᠠᠷ ᠠᠬᠠᠯᠠᠭᠤᠯᠤᠭᠰᠠᠨ ᠡᠨᠡ ᠵᠥᠪᠯᠡᠯ ᠠᠩᠬᠠᠳᠤᠭᠠᠷ ᠬᠤᠷᠠᠯᠳᠤᠭᠠᠨ ᠢᠶᠠᠨ ᠬᠡᠢᠢᠨ᠂ ᠠᠵᠢᠯ ᠤᠨ ᠢᠶᠠᠨ ᠲᠠᠯ᠎ᠠ ᠪᠠᠷ ᠰᠠᠨᠠᠯ ᠰᠣᠯᠢᠯᠴᠠᠵᠤ᠂ ᠡᠷᠳᠡᠮᠲᠡᠳ ᠦᠨ ᠭᠠᠷᠭᠠᠭᠰᠠᠨ ᠰᠠᠨᠠᠯ ᠢ ᠨᠢᠭᠡᠳᠬᠡᠵᠦ ᠪᠠᠢᠢᠨ᠎ᠠ᠃