Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠭᠦᠢᠴᠡᠳᠭᠡᠬᠦ ᠨᠠᠷᠢᠨ ᠪᠢᠴᠢᠭ ᠦᠨ ᠳᠠᠷᠤᠭ᠎ᠠ ᠲᠠᠢ ᠠᠭᠤᠯᠵᠠᠪᠠ

ᠠᠮᠧᠷᠢᠺᠠ ᠢᠢᠨ ᠨᠢᠭᠡᠳᠦᠭᠰᠡᠨ ᠤᠯᠤᠰ ᠤᠨ ᠨᠢᠶᠥ‍-ᠢᠣᠷᠺ ᠬᠣᠲᠠᠨ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 09 ᠳ᠋ᠤᠭᠡᠷ ᠰᠠᠷ᠎ᠠ ᠢᠢᠨ 19 ᠍ ᠦ ᠡᠳᠦᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠢᠪᠷᠠᠾᠢᠮ ᠲᠢᠤ‍ ᠲᠠᠢ ᠠᠭᠤᠯᠵᠠᠪᠠ᠃

ᠠᠭᠤᠯᠵᠠᠯᠲᠠ ᠢᠢᠨ ᠡᠬᠢᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠴᠥᠯᠵᠢᠯᠲᠡ ᠵᠥᠪᠬᠡᠨ ᠮᠣᠩ᠋ᠭᠣᠯ ᠤᠯᠤᠰ ᠲᠡᠳᠦᠢ ᠦᠭᠡᠢ ᠵᠡᠭᠦᠨ ᠬᠣᠢᠢᠳᠤ ᠠᠽᠢ ᠢᠢᠨ ᠬᠡᠮᠵᠢᠶᠡᠨ ᠦ ᠠᠰᠠᠭᠤᠳᠠᠯ ᠪᠣᠯᠵᠤ ᠪᠠᠢᠢᠭ᠎ᠠ ᠢᠢ ᠬᠡᠯᠡᠭᠡᠳ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠲᠠᠯ ᠠ ᠤᠳ ᠤᠨ 17 ᠳ᠋ᠤᠭᠠᠷ ᠪᠠᠭ᠎ᠠ ᠬᠤᠷᠠᠯ (COP 17) ᠍ ᠢ 2026 ᠣᠨ ᠳᠤ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠬᠤ ᠰᠢᠢᠳᠪᠦᠷᠢ ᠭᠠᠷᠭᠠᠬᠤ ᠳᠤ ᠳᠡᠮᠵᠢᠯᠭᠡ ᠦᠵᠡᠭᠦᠯᠦᠭᠰᠡᠨ ᠳᠥ ᠲᠠᠯᠠᠷᠬᠠᠯ ᠢᠯᠡᠷᠬᠡᠢᠢᠯᠡᠪᠡ᠃ ᠮᠥᠨ ᠮᠣᠩ᠋ᠭᠣᠯ ᠤᠯᠤᠰ ᠡᠨᠡ ᠪᠠᠭ᠎ᠠ ᠬᠤᠷᠠᠯ ᠳᠤ ᠥᠨᠳᠦᠷ ᠠᠴᠢ ᠬᠣᠯᠪᠣᠭᠳᠠᠯ ᠥᠭᠴᠦ᠂ ᠪᠡᠯᠡᠳᠬᠡᠯ ᠢᠶᠡᠨ ᠡᠷᠲᠡᠨ ᠡᠴᠡ ᠬᠠᠩ᠋ᠭᠠᠵᠤ ᠪᠠᠢᠢᠭ᠎ᠠ ᠢᠢ ᠬᠡᠯᠡᠪᠡ᠃

ᠥᠩ᠋ᠭᠡᠷᠡᠭᠰᠡᠨ ᠣᠨ ᠳᠤ ᠪᠦᠭᠦᠳᠡ ᠨᠠᠢᠢᠷᠠᠮᠳᠠᠬᠤ ᠺᠣᠲ᠋ ᠳ’ᠢᠤᠢᠸᠠᠷ ᠤᠯᠤᠰ ᠤᠨ ᠠᠪᠢᠳ᠋ᠵᠠᠨ ᠬᠣᠲᠠᠨ᠎ᠠ ᠪᠣᠯᠤᠭᠰᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠲᠠᠯ᠎ᠠ ᠤᠳ ᠤᠨ 15 ᠳ᠋ᠤᠭᠠᠷ ᠪᠠᠭ᠎ᠠ ᠬᠤᠷᠠᠯ ᠠᠴᠠ ᠮᠣᠩ᠋ᠭᠣᠯ ᠤᠯᠤᠰ ᠤᠨ ᠭᠠᠷᠭᠠᠵᠤ ᠪᠤᠢ ᠮᠠᠩᠯᠠᠢᠢᠯᠠᠯ᠂ ᠢᠳᠡᠪᠬᠢ ᠴᠢᠷᠮᠠᠢᠢᠯᠲᠠ ᠢᠢ ᠪᠠᠲᠤᠳᠬᠠᠨ᠂ ᠪᠠᠢᠢᠭᠠᠯᠢ ᠣᠷᠴᠢᠨ ᠤ ᠴᠢᠭᠯᠡᠯ ᠢᠶᠡᠷ ᠠᠵᠢᠯᠯᠠᠵᠤ ᠢᠷᠡᠭᠰᠡᠨ ᠨᠡᠷ᠎ᠡ ᠬᠦᠨᠳᠦ ᠢᠢ ᠣᠨᠴᠠᠭᠠᠢᠢᠯᠠᠨ ᠬᠦᠨᠳᠦᠳᠭᠡᠵᠦ᠂ 17 ᠳ᠋ᠤᠭᠠᠷ ᠪᠠᠭ᠎ᠠ ᠬᠤᠷᠠᠯ (COP17) ᠍ ᠢ 2026 ᠣᠨ ᠳᠤ ᠮᠣᠩ᠋ᠭᠣᠯ ᠤᠯᠤᠰ ᠵᠣᠬᠢᠶᠠᠨ ᠪᠠᠢᠢᠭᠤᠯᠬᠤ ᠢᠢ ᠳᠡᠮᠵᠢᠨ ᠪᠠᠲᠤᠯᠠᠭᠰᠠᠨ ᠶᠤᠮ᠃

ᠠᠭᠤᠯᠵᠠᠯᠲᠠ ᠢᠢᠨ ᠦᠶ᠎ᠡ ᠪᠡᠷ ᠴᠥᠯᠵᠢᠯᠲᠡ᠂ ᠣᠢ ᠢᠢᠨ ᠵᠤᠷᠪᠤᠰ ᠪᠠᠢᠢᠭᠤᠯᠬᠤ᠂ ᠬᠥᠷᠦᠰᠦᠨ ᠦ ᠦᠷᠡᠵᠢᠯ ᠰᠢᠮ᠎ᠡ ᠢᠢ ᠨᠡᠮᠡᠭᠳᠡᠭᠦᠯᠬᠦ᠂ ᠬᠠᠭᠤᠷᠠᠢ᠂ ᠬᠠᠭᠠᠰ ᠬᠠᠭᠤᠷᠠᠢ ᠪᠥᠰᠡ ᠨᠤᠲᠤᠭ ᠲᠤ ᠮᠣᠳᠣ ᠲᠠᠷᠢᠵᠤ ᠤᠷᠭᠤᠭᠤᠯᠬᠤ᠂ ᠡᠯᠡᠰᠦᠨ ᠦ ᠨᠡᠭᠦᠳᠡᠯ ᠢ ᠵᠣᠭᠰᠣᠭᠠᠬᠤ ᠵᠡᠷᠭᠡ ᠲᠥ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠬᠠᠨᠳᠤᠵᠤ ᠪᠣᠳᠠᠲᠤ ᠦᠷ᠎ᠡ ᠳ᠋ᠦᠩ ᠳᠥ ᠬᠦᠷᠬᠦ᠂ ᠪᠠᠢᠢᠭᠠᠯᠢ ᠳᠤ ᠡᠭᠡᠯᠢ ᠲᠡᠢ ᠳᠡᠪᠰᠢᠯᠲᠡᠲᠦ ᠲᠧᠭᠨᠣᠯᠣᠭᠢ ᠨᠡᠪᠲᠡᠷᠡᠭᠦᠯᠬᠦ᠂ ᠮᠡᠳᠡᠯᠭᠡ ᠮᠡᠳᠡᠭᠡᠯᠡᠯ ᠢᠶᠡᠨ ᠰᠤᠯᠢᠯᠴᠠᠬᠤ ᠴᠢᠳᠠᠪᠬᠢ᠎ ᠪᠡᠬᠢᠵᠢᠭᠦᠯᠬᠦ ᠫᠯᠠᠲᠤᠹᠣᠷᠮ᠂ ᠴᠣᠭᠴᠠ ᠰᠤᠳᠤᠯᠭᠠᠨ ᠤ ᠲᠥᠪ ᠪᠠᠢᠢᠭᠤᠯᠬᠤ ᠳᠤ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠤᠯᠢᠯᠴᠠᠪᠠ᠃

ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠰᠢᠷ᠎ᠠ ᠰᠢᠷᠤᠢᠢᠨ ᠰᠢᠭᠤᠷᠭ᠎ᠠ᠂ ᠬᠥᠷᠦᠰᠦᠨ ᠦ ᠳᠣᠷᠣᠢᠢᠲᠠᠯ ᠤᠨ ᠨᠥᠯᠥᠭᠡᠯᠡᠯ ᠢ ᠪᠠᠭᠤᠷᠠᠭᠤᠯᠬᠤ ᠳᠤ ᠣᠢᠢᠵᠢᠭᠤᠯᠤᠯᠲᠠ᠂ ᠨᠥᠬᠦᠨ ᠰᠡᠷᠭᠦᠭᠡᠯᠲᠡ ᠥᠨᠳᠦᠷ ᠠᠴᠢ ᠬᠣᠯᠪᠣᠭᠳᠠᠯ ᠲᠠᠢ ᠪᠣᠯᠬᠤ ᠢᠢ ᠲᠠᠯ᠎ᠠ ᠨᠤᠭᠤᠳ ᠣᠨᠴᠠᠯᠠᠯ᠎ᠠ᠃

ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠢᠪᠷᠠᠾᠢᠮ ᠲᠢᠤ‍ ᠲᠠᠯ᠎ᠠ ᠤᠳ ᠤᠨ 17 ᠳ᠋ᠤᠭᠠᠷ ᠪᠠᠭ᠎ᠠ ᠬᠤᠷᠠᠯ ᠢ ᠤᠯᠠᠭᠠᠨᠪᠠᠭᠠᠲᠤᠷ ᠬᠣᠲᠠ ᠳ᠋ᠤ ᠵᠣᠬᠢᠶᠠᠨ ᠪᠠᠢᠢᠭᠤᠯᠬᠤ ᠠᠵᠢᠯ ᠤᠨ ᠬᠦᠷᠢᠶᠡᠨ ᠳᠥ ᠲᠤᠰ ᠺᠣᠨᠸᠧᠨᠼ ᠤᠨ ᠨᠠᠷᠢᠨ ᠪᠢᠴᠢᠭ᠌ ᠦᠨ ᠳᠠᠷᠤᠭ᠎ᠠ ᠨᠠᠷ ᠤᠨ ᠭᠠᠵᠠᠷ ᠪᠦᠬᠦ ᠲᠠᠯ᠎ᠠ ᠢᠢᠨ ᠳᠡᠮᠵᠢᠯᠭᠡ ᠦᠵᠡᠭᠦᠯᠵᠦ᠂ ᠠᠷᠭ᠎ᠠ ᠵᠦᠢ ᠢᠢᠨ ᠵᠥᠪᠯᠡᠭᠡ ᠪᠡᠷ ᠬᠠᠩ᠋ᠭᠠᠨ᠂ ᠬᠠᠮᠲᠤᠷᠠᠨ ᠠᠵᠢᠯᠯᠠᠨ᠎ᠠ ᠭᠡᠳᠡᠭ ᠢ ᠬᠡᠯᠡᠪᠡ᠃

ᠮᠥᠨ ᠴᠥᠯᠵᠢᠯᠲᠡ ᠲᠡᠢ ᠲᠡᠮᠡᠴᠡᠬᠦ ᠺᠣᠨᠸᠧᠨᠼ ᠨᠢ ᠴᠥᠯᠵᠢᠯᠲᠡ ᠲᠡᠢ ᠲᠡᠮᠡᠴᠡᠬᠦ ᠡᠴᠡ ᠭᠠᠳᠠᠨ᠎ᠠ ᠭᠠᠵᠠᠷ ᠤᠰᠤᠨ ᠤ ᠳᠣᠷᠣᠢᠢᠲᠠᠯ᠂ ᠪᠡᠯᠴᠢᠭᠡᠷ ᠪᠣᠯᠤᠨ ᠪᠡᠯᠴᠢᠭᠡᠷ ᠦᠨ ᠮᠠᠯ ᠠᠵᠤ ᠠᠬᠤᠢ ᠢᠢ ᠬᠠᠮᠠᠭᠠᠯᠠᠬᠤ ᠳᠤ ᠴᠢᠬᠤᠯᠠ ᠠᠴᠢ ᠬᠣᠯᠪᠣᠭᠳᠠᠯ ᠲᠠᠢ ᠢᠢ ᠲᠡᠮᠳᠡᠭᠯᠡᠪᠡ᠃

ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠢᠪᠷᠠᠾᠢᠮ ᠲᠢᠤ‍ 2024 ᠣᠨ ᠳᠤ ᠮᠣᠩ᠋ᠭᠣᠯ ᠤᠯᠤᠰ ᠲᠤ ᠠᠢᠢᠯᠴᠢᠯᠠᠨ᠎ᠠ᠃