Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠲᠡᠢ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠨᠡ ᠡᠳᠦᠷ ᠦᠳ ᠲᠥ ᠠᠮᠧᠷᠢᠺᠠ ᠢᠢᠨ ᠨᠢᠭᠡᠳᠦᠭᠰᠡᠨ ᠤᠯᠤᠰ ᠤᠨ ᠨᠢᠶᠤ‍-ᠢᠣᠷᠺ ᠬᠣᠲᠠᠨ᠎ᠠ ᠪᠣᠯᠵᠤ ᠪᠠᠢᠢᠭ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠳᠤ ᠣᠷᠣᠯᠴᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ 2023 ᠣᠨ ᠤ 09 ᠳ᠋ᠤᠭᠡᠷ ᠰᠠᠷ᠎ᠠ ᠢᠢᠨ 21 ᠍ ᠦ ᠡᠳᠦᠷ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠤᠨ ᠶᠡᠷᠦᠩᠬᠡᠢᠢᠯᠡᠭᠴᠢ ᠨᠠᠲ᠋ᠠᠱᠠ ᠮᠤᠢᠰᠠᠷ ᠲᠠᠢ ᠠᠭᠤᠯᠵᠠᠯ᠎ᠠ᠃

ᠲᠠᠯ ᠠ ᠤᠳ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠡᠨᠡ ᠬᠦᠷᠢᠶᠡᠨ ᠳᠥ ᠬᠤᠳᠠᠯᠳᠤᠭ᠎ᠠ᠂ ᠡᠳ᠋ ᠍ ᠦᠨ ᠵᠠᠰᠠᠭ᠂ ᠰᠤᠶᠤᠯ᠂ ᠬᠦᠮᠦᠨᠯᠢᠭ᠂ ᠠᠶᠠᠯᠠᠯ ᠵᠢᠭᠤᠯᠴᠢᠯᠠᠯ᠂ ᠪᠠᠢᠢᠭᠠᠯᠢ ᠣᠷᠴᠢᠨ ᠢ ᠬᠠᠮᠠᠭᠠᠯᠠᠬᠤ ᠴᠢᠭᠯᠡᠯ ᠢᠶᠡᠷ ᠬᠠᠮᠲᠤᠷᠠᠭᠰᠠᠨ ᠲᠥᠰᠥᠯ᠂ ᠬᠥᠲᠥᠯᠪᠦᠷᠢ ᠬᠡᠷᠡᠭᠵᠢᠭᠦᠯᠬᠦ ᠪᠣᠯᠤᠮᠵᠢ ᠢᠢᠨ ᠲᠠᠯ᠎ᠠ ᠪᠠᠷ ᠰᠠᠨᠠᠯ ᠰᠤᠯᠢᠯᠴᠠᠪᠠ᠃

ᠮᠥᠨ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠲᠡᠭᠦᠨ ᠦ ᠳᠣᠲᠣᠷ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠢᠯᠡᠭᠡᠬᠦ ᠴᠡᠷᠢᠭ ᠦᠨ ᠪᠠᠭ ᠪᠦᠷᠢᠯᠳᠦᠬᠦᠨ ᠦ ᠴᠢᠳᠠᠪᠬᠢ ᠢᠢ ᠪᠡᠬᠢᠵᠢᠭᠦᠯᠬᠦ᠂ ᠡᠮᠡᠭᠲᠡᠢ ᠡᠩᠬᠡ ᠢᠢ ᠰᠠᠬᠢᠭᠤᠯᠤᠭᠴᠢᠳ ᠤᠨ ᠲᠣᠭ᠎ᠠ ᠢᠢ ᠨᠡᠮᠡᠭᠳᠡᠭᠦᠯᠬᠦ ᠴᠢᠭᠯᠡᠯ ᠢᠶᠡᠷ ᠬᠠᠮᠲᠤᠷᠠᠬᠤ ᠲᠠᠯ᠎ᠠ ᠪᠠᠷ ᠶᠠᠷᠢᠯᠴᠠᠪᠠ᠃

ᠮᠣᠩ᠋ᠭᠣᠯ ᠤᠯᠤᠰ ᠥᠩ᠋ᠭᠡᠷᠡᠭᠰᠡᠨ 20 ᠵᠢᠯ ᠦᠨ ᠬᠤᠭᠤᠴᠠᠭᠠᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠪᠣᠯᠤᠨ ᠣᠯᠠᠨ ᠤᠯᠤᠰ ᠤᠨ ᠴᠡᠷᠢᠭ ᠦᠨ ᠠᠵᠢᠯᠯᠠᠭᠠᠨ ᠳᠤ 20 ᠭᠠᠷᠤᠢ ᠮᠢᠩ᠋ᠭᠠᠨ ᠴᠡᠷᠢᠭ ᠦᠨ ᠠᠯᠪᠠ ᠬᠠᠭᠠᠭᠴᠢ ᠪᠠᠨ ᠢᠯᠡᠭᠡᠭ᠍ᠰᠡᠨ ᠦ 900 ᠭᠠᠷᠤᠢ ᠨᠢ ᠡᠮᠡᠭᠲᠡᠢᠢᠴᠦᠳ ᠶᠤᠮ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠡᠷᠢᠭ ᠬᠠᠨᠳᠢᠪᠯᠠᠭᠴᠢ ᠣᠷᠣᠨ ᠨᠤᠭᠤᠳ ᠤᠨ ᠳᠤᠮᠳᠠ ᠡᠩᠬᠡ ᠢᠢ ᠰᠠᠬᠢᠭᠤᠯᠤᠭᠴᠢ ᠡᠮᠡᠭᠲᠡᠢᠢᠴᠦᠳ ᠦᠨ ᠢᠶᠡᠨ ᠲᠣᠭ᠎ᠠ ᠪᠠᠷ 20 ᠳ᠋ᠤᠭᠠᠷ ᠲᠤ ᠡᠷᠢᠮᠪᠡᠯᠡᠭᠳᠡᠳᠡᠭ᠃ ᠡᠮᠡᠭᠲᠡᠢ ᠴᠡᠷᠢᠭ ᠦᠨ ᠠᠯᠪᠠ ᠬᠠᠭᠠᠭᠴᠢ ᠢᠢᠨ ᠲᠣᠭ᠎ᠠ ᠢᠢ 15 ᠬᠤᠪᠢ ᠳᠤ ᠬᠦᠷᠭᠡᠬᠦ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠳᠡᠮᠵᠢᠬᠦ ᠠᠵᠢᠯᠯᠠᠭᠠᠨ ᠤ ᠭᠠᠵᠠᠷ ᠤᠨ ᠤᠷᠢᠶᠠᠯᠭ᠎ᠠ ᠢᠢ ᠮᠣᠩ᠋ᠭᠣᠯ ᠤᠯᠤᠰ ᠳᠡᠮᠵᠢᠵᠦ᠂ 2027 ᠣᠨ ᠭᠡᠬᠦ ᠳᠥ ᠴᠡᠷᠢᠭ ᠦᠨ ᠪᠠᠭ ᠤᠨ ᠪᠡᠶ᠎ᠡ ᠪᠦᠷᠢᠯᠳᠦᠬᠦᠨ ᠦ 15᠂ ᠪᠡᠶ᠎ᠡ ᠳᠠᠭᠠᠨ ᠡᠭᠦᠷᠭᠡ ᠭᠦᠢᠴᠡᠳᠭᠡᠬᠦ ᠪᠦᠷᠢᠯᠳᠦᠬᠦᠨ ᠦ 25 ᠬᠤᠪᠢ ᠢᠢ ᠡᠮᠡᠭᠲᠡᠢ ᠴᠡᠷᠢᠭ ᠦᠨ ᠠᠯᠪᠠ ᠬᠠᠭᠠᠭᠴᠢ ᠪᠠᠷ ᠪᠦᠷᠢᠳᠦᠭᠦᠯᠬᠦ ᠶᠤᠮ᠃

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠯᠣᠸᠧᠨᠢ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢ ᠡᠨᠡ ᠵᠢᠯ ᠬᠠᠮᠲᠤᠷᠠᠨ ᠲᠡᠮᠳᠡᠭᠯᠡᠵᠦ ᠪᠠᠢᠢᠨ᠎ᠠ᠃