Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠢᠢᠨ ᠣᠷᠣᠯᠠᠭᠴᠢ ᠲᠠᠢ ᠠᠭᠤᠯᠵᠠᠪᠠ

ᠠᠮᠧᠷᠢᠺᠠ ᠢᠢᠨ ᠨᠢᠭᠡᠳᠦᠭᠰᠡᠨ ᠤᠯᠤᠰ ᠤᠨ ᠨᠢᠶᠤ‍-ᠢᠣᠷᠺ ᠬᠣᠲᠠᠨ᠎ᠠ ᠪᠣᠯᠵᠤ ᠪᠠᠢᠢᠭ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 09 ᠳ᠋ᠤᠭᠡᠷ ᠰᠠᠷ᠎ᠠ ᠢᠢᠨ 21 ᠍ ᠦ ᠡᠳᠦᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠠᠮᠢᠨ᠎ᠠ ᠮᠣᠾᠠᠮᠮᠧᠳ᠋ ᠲᠠᠢ ᠠᠭᠤᠯᠵᠠᠯ᠎ᠠ᠃

ᠥᠩ᠋ᠭᠡᠷᠡᠭᠰᠡᠨ 60 ᠭᠠᠷᠤᠢ ᠵᠢᠯ ᠦᠨ ᠬᠤᠭᠤᠴᠠᠭᠠᠨ ᠳᠤ ᠮᠣᠩ᠋ᠭᠣᠯ ᠤᠯᠤᠰ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠵᠦ ᠢᠷᠡᠭᠰᠡᠨ ᠳᠥ ᠲᠠᠯ᠎ᠠ ᠨᠤᠭᠤᠳ ᠰᠡᠳᠬᠢᠯ ᠬᠠᠩ᠋ᠭᠠᠯᠤᠭᠤᠨ ᠪᠠᠢᠢᠳᠠᠭ ᠢᠶᠠᠨ ᠢᠯᠡᠷᠬᠡᠢᠢᠯᠡᠪᠡ᠃

ᠮᠣᠩ᠋ᠭᠣᠯ ᠤᠯᠤᠰ ᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠦᠷᠢᠶᠡᠨ ᠦ ᠦᠢᠯᠡ ᠠᠵᠢᠯᠯᠠᠭ᠎ᠠ᠂ ᠲᠡᠷᠡ ᠳᠤᠮᠳᠠ ᠪᠠᠨ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠡᠩᠬᠡ ᠢᠢ ᠰᠠᠬᠢᠭᠤᠯᠬᠤ᠂ ᠳᠠᠯᠠᠢ ᠳᠤ ᠭᠠᠷᠤᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠡᠷᠬᠡ ᠠᠰᠢᠭ ᠢ ᠬᠠᠮᠠᠭᠠᠯᠠᠬᠤ ᠴᠢᠭᠯᠡᠯ ᠢᠶᠡᠷ ᠭᠠᠷᠭᠠᠵᠤ ᠪᠤᠢ ᠬᠦᠴᠦᠨ ᠴᠢᠷᠮᠠᠢᠢᠯᠲᠠ᠂ ᠢᠳᠡᠪᠬᠢᠲᠡᠢ ᠣᠷᠣᠯᠴᠠᠭ᠎ᠠ᠂ ᠬᠤᠪᠢ ᠨᠡᠮᠡᠷᠢ ᠢᠢ ᠠᠮᠢᠨ᠎ᠠ ᠮᠣᠾᠠᠮᠮᠧᠳ᠋ ᠳᠡᠮᠵᠢᠵᠦ ᠪᠠᠢᠢᠳᠠᠭ ᠢᠶᠠᠨ ᠢᠯᠡᠷᠬᠡᠢᠢᠯᠡᠪᠡ᠃

ᠮᠥᠨ ᠪᠣᠯᠪᠠᠰᠤᠷᠠᠯ᠂ ᠬᠥᠳᠡᠭᠡ ᠢᠢᠨ ᠡᠮᠡᠭᠲᠡᠢᠢᠴᠦᠳ ᠦᠨ ᠠᠵᠤ ᠪᠠᠢᠢᠳᠠᠯ᠂ ᠬᠣᠷᠰᠢᠶᠠᠯᠠᠯ ᠤᠨ ᠠᠰᠠᠭᠤᠳᠠᠯᠠᠷᠠᠬᠢ ᠲᠣᠭᠲᠠᠭᠠᠯ ᠤᠳ ᠤᠨ ᠠᠴᠢ ᠬᠣᠯᠪᠣᠭᠳᠠᠯ ᠢ ᠥᠨᠳᠥᠷ ᠦᠨᠡᠯᠡᠳᠡᠭ ᠢᠶᠡᠨ ᠬᠡᠯᠡᠪᠡ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠪᠠᠷ 20 ᠣᠷᠴᠢᠮ ᠠᠰᠠᠭᠤᠳᠠᠯ ᠢᠶᠠᠷ 90 ᠭᠠᠷᠤᠢ ᠲᠣᠭᠲᠠᠭᠠᠯ᠂ ᠲᠡᠭᠦᠨ ᠦ ᠳᠣᠲᠣᠷ᠎ᠠ 《ᠬᠥᠳᠡᠭᠡ ᠢᠢᠨ ᠥᠬᠢᠳ᠂ ᠡᠮᠡᠭᠲᠡᠢᠢᠴᠦᠳ ᠦᠨ ᠠᠵᠤ ᠪᠠᠢᠢᠳᠠᠯ ᠢ ᠰᠠᠢᠢᠵᠢᠷᠠᠭᠤᠯᠬᠤ ᠲᠤᠬᠠᠢ》᠂ 《ᠨᠡᠢᠢᠭᠡᠮ ᠤᠨ ᠬᠥᠭ᠍ᠵᠢᠯ ᠳ᠋ᠦ ᠬᠣᠷᠰᠢᠶᠠᠯᠠᠯ ᠤᠨ ᠭᠦᠢᠴᠡᠳᠭᠡᠬᠦ ᠡᠭᠦᠷᠭᠡ ᠢᠢᠨ ᠲᠤᠬᠠᠢ》᠂ 《ᠪᠢᠴᠢᠭ᠌ ᠦᠰᠦᠭ ᠦᠨ ᠪᠣᠯᠪᠠᠰᠤᠷᠠᠯ ᠤᠨ ᠲᠤᠬᠠᠢ》 ᠲᠣᠭᠲᠠᠭᠠᠯ ᠤᠨ ᠲᠥᠰᠥᠯ ᠢ ᠬᠡᠯᠡᠯᠴᠡᠭᠦᠯᠵᠦ ᠪᠠᠲᠤᠯᠠᠭᠤᠯᠤᠭᠰᠠᠨ ᠶᠤᠮ᠃

ᠮᠣᠩ᠋ᠭᠣᠯ ᠤᠯᠤᠰ ᠵᠧᠨᠳᠡᠷ ᠦᠨ ᠲᠡᠭᠰᠢ ᠪᠠᠢᠢᠳᠠᠯ ᠢ ᠬᠠᠩ᠋ᠭᠠᠬᠤ ᠴᠢᠭᠯᠡᠯ ᠢᠶᠡᠷ ᠪᠦᠰᠡ ᠨᠤᠲᠤᠭ ᠲᠤ ᠪᠠᠨ ᠳᠡᠭᠡᠭᠦᠷ ᠪᠠᠢᠢᠷᠢ ᠡᠵᠡᠯᠡᠳᠡᠭ ᠤᠯᠤᠰ ᠤᠨ ᠨᠢᠭᠡ ᠭᠡᠳᠡᠭ ᠢ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠨᠴᠠᠯᠠᠯ᠎ᠠ᠃

ᠲᠤᠬᠠᠢᠢᠯᠠᠪᠠᠯ ᠰᠡᠭᠦᠯ ᠦᠨ ᠵᠢᠯ ᠦᠳ ᠲᠥ ᠡᠮᠡᠭᠲᠡᠢᠢᠴᠦᠳ᠂ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠠᠰᠠᠭᠤᠳᠠᠯᠠᠷᠠᠬᠢ ᠣᠯᠠᠨ ᠤᠯᠤᠰ᠂ ᠪᠦᠰᠡ ᠨᠤᠲᠤᠭ ᠤᠨ ᠲᠦᠪᠰᠢᠨ ᠦ ᠬᠤᠷᠠᠯ᠂ ᠠᠷᠭ᠎ᠠ ᠬᠡᠮᠵᠢᠶ᠎ᠡ ᠵᠣᠬᠢᠶᠠᠨ ᠪᠠᠢᠢᠭᠤᠯᠤᠭᠰᠠᠨ ᠤ ᠵᠡᠷᠭᠡᠴᠡᠭᠡ ᠢᠷᠡᠬᠦ ᠣᠨ ᠳᠤ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ ᠵᠣᠬᠢᠶᠠᠨ ᠪᠠᠢᠢᠭᠤᠯᠬᠤ ᠪᠠᠷ ᠲᠥᠯᠦᠪᠯᠡᠵᠦ ᠪᠠᠢᠢᠭ᠎ᠠ ᠢᠢ ᠬᠡᠯᠡᠪᠡ᠃

ᠡᠨᠡ ᠰᠠᠨᠠᠭᠠᠴᠢᠯᠭ᠎ᠠ ᠢᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠠᠮᠢᠨ᠎ᠠ ᠮᠣᠾᠠᠮᠮᠧᠳ᠋ ᠲᠠᠯᠠᠷᠬᠠᠨ ᠬᠦᠯᠢᠶᠡᠨ ᠠᠪᠴᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠬᠠᠮᠲᠤᠷᠠᠨ ᠵᠣᠬᠢᠶᠠᠨ ᠪᠠᠢᠢᠭᠤᠯᠤᠭᠴᠢ ᠪᠠᠷ ᠣᠷᠣᠯᠴᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠯ᠎ᠡ᠃