Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠦᠭᠡ ᠬᠡᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠨᠡ ᠡᠳᠦᠷ ᠦᠳ ᠲᠥ ᠠᠮᠧᠷᠢᠺᠠ ᠢᠢᠨ ᠨᠢᠭᠡᠳᠦᠭᠰᠡᠨ ᠤᠯᠤᠰ ᠤᠨ ᠨᠢᠶᠤᠢ‍- ᠶᠤᠷᠺ ᠬᠣᠲᠠᠨ᠎ᠠ ᠪᠣᠯᠵᠤ ᠪᠠᠢᠢᠭ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠳᠤ ᠣᠷᠣᠯᠴᠠᠵᠤ ᠪᠠᠢᠢᠨ᠎ᠠ᠃

》ᠢᠲᠡᠭᠡᠯᠴᠡᠯ ᠢ ᠰᠡᠷᠭᠦᠭᠡᠵᠦ᠂ ᠳᠡᠯᠡᠬᠡᠢ ᠢᠢᠨ ᠡᠪ ᠨᠢᠭᠡᠳᠦᠯ ᠢ ᠳᠡᠪᠵᠢᠭᠡᠬᠦ ᠨᠢ᠄ ᠲᠣᠭᠲᠠᠪᠤᠷᠢᠲᠠᠢ ᠬᠥᠭ᠍ᠵᠢᠯ ᠦᠨ 2030 ᠬᠥᠲᠥᠯᠪᠦᠷᠢ ᠪᠣᠯᠤᠨ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠤᠨ ᠬᠡᠷᠡᠭᠵᠢᠯᠲᠡ ᠢᠢ ᠪᠦᠬᠦ ᠨᠡᠢᠢᠲᠡ ᠢᠢᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ᠂ ᠠᠬᠢᠴᠠ ᠳᠡᠪᠰᠢᠯ ᠦᠨ ᠲᠥᠯᠥᠭᠡ ᠡᠷᠴᠢᠮᠵᠢᠭᠦᠯᠬᠦ ᠨᠢ》 ᠰᠡᠳᠦᠪ ᠦᠨ ᠳᠣᠣᠷ᠎ᠠ ᠪᠣᠯᠵᠤ ᠪᠠᠢᠢᠭ᠎ᠠ ᠴᠢᠭᠤᠯᠭᠠᠨ ᠳᠤ ᠳᠡᠯᠡᠬᠡᠢ ᠢᠢᠨ 100 ᠭᠠᠷᠤᠢ ᠣᠷᠣᠨ ᠤ ᠲᠥᠷᠥ ᠢᠢᠨ ᠲᠡᠷᠢᠭᠦᠨ ᠪᠡᠶᠡᠴᠢᠯᠡᠨ ᠣᠷᠣᠯᠴᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 09 ᠳ᠋ᠤᠭᠡᠷ ᠰᠠᠷ᠎ᠠ ᠢᠢᠨ 20 ᠍ ᠤ ᠡᠳᠦᠷ 78 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠳᠡᠭᠡᠷ ᠡ ᠬᠥ ᠰᠡᠳᠦᠪ ᠢᠶᠡᠷ ᠦᠭᠡ ᠬᠡᠯᠡᠵᠦ᠂ ᠮᠣᠩ᠋ᠭᠣᠯ ᠤᠯᠤᠰ ᠤᠨ ᠪᠠᠢᠢᠷᠢ ᠰᠠᠭᠤᠷᠢ ᠢᠢ ᠢᠯᠡᠷᠬᠡᠢᠢᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄


《ᠡᠷᠬᠢᠮ ᠬᠦᠨᠳᠦᠳᠥ ᠴᠢᠭᠤᠯᠭᠠᠨ ᠤ ᠳᠠᠷᠤᠭ᠎ᠠ ᠠ᠂

ᠡᠷᠬᠢᠮ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠ᠂

ᠬᠦᠨᠳᠦᠳᠥ ᠵᠣᠴᠢᠳ᠂ ᠲᠥᠯᠥᠭᠡᠯᠡᠭᠴᠢᠳ ᠡ᠂

ᠬᠠᠲᠤᠭᠲᠠᠢ᠂ ᠨᠣᠶᠠᠳ ᠠ᠋᠂

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠤ ᠳᠠᠷᠤᠭ᠎ᠠ ᠳᠧᠨᠨᠢᠰ ᠹᠷᠡᠨᠰᠢᠰ ᠲᠠᠨ ᠳ᠋ᠤ ᠴᠢᠨᠭ᠌ ᠰᠡᠳᠬᠢᠯ ᠦᠨ ᠲᠠᠯᠠᠷᠬᠠᠯ ᠢᠯᠡᠷᠬᠡᠢᠢᠯᠡᠵᠦ᠂ ᠴᠢᠭᠤᠯᠭᠠᠨ ᠤ ᠦᠢᠯᠡ ᠠᠵᠢᠯᠯᠠᠭᠠᠨ ᠳᠤ ᠥᠨᠳᠥᠷ ᠠᠮᠵᠢᠯᠲᠠ ᠬᠦᠰᠡᠶ᠎ᠡ᠃

ᠲᠠᠨ ᠤ ᠤᠳᠤᠷᠢᠳᠤᠯᠭ᠎ᠠ ᠳᠣᠣᠷ᠎ᠠ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠳᠡᠯᠡᠬᠡᠢ ᠨᠡᠢᠢᠲᠡ ᠢᠢᠨ ᠡᠮᠦᠨ᠎ᠡ ᠲᠤᠯᠭᠠᠷᠠᠵᠤ ᠪᠤᠢ ᠣᠯᠠᠨ ᠠᠰᠠᠭᠤᠳᠠᠯ ᠢᠶᠠᠷ ᠥᠷᠭᠡᠨ ᠬᠡᠯᠡᠯᠴᠡᠭᠦᠯᠭᠡ ᠥᠷᠨᠢᠭᠦᠯᠵᠦ᠂ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ᠂ ᠲᠣᠭᠲᠠᠪᠤᠷᠢᠲᠠᠢ ᠪᠠᠢᠢᠳᠠᠯ ᠤᠨ ᠠᠰᠠᠭᠤᠳᠠᠯ ᠢᠶᠠᠷ ᠪᠣᠳᠠᠲᠤ ᠰᠢᠢᠳᠦᠯ ᠦᠳ ᠢ ᠭᠠᠷᠭᠠᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠳᠡᠯᠡᠬᠡᠢ ᠨᠡᠢᠢᠲᠡ ᠪᠡᠷ ᠢᠶᠡᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢᠲᠠᠢ ᠬᠥᠭ᠍ᠵᠢᠯ ᠦᠨ ᠲᠥᠯᠥᠭᠡ ᠬᠦᠰᠡᠯ ᠲᠡᠮᠡᠦᠯᠦᠯ ᠲᠡᠢ ᠪᠠᠢᠢᠵᠤ᠂ ᠡᠯ᠎ᠡ ᠪᠠᠢᠢᠳᠠᠯ ᠢ ᠲᠡᠳᠬᠦᠭ᠍ᠴᠢ ᠤᠯᠤᠰ ᠲᠥᠷᠥ᠂ ᠡᠳ᠋ ᠍ ᠦᠨ ᠵᠠᠰᠠᠭ᠂ ᠪᠠᠢᠢᠭᠠᠯᠢ ᠣᠷᠴᠢᠨ᠂ ᠨᠡᠢᠢᠭᠡᠮ ᠰᠤᠶᠤᠯ ᠤᠨ ᠬᠥᠷᠦᠰᠥ ᠰᠠᠭᠤᠷᠢ ᠢᠢ ᠪᠠᠲᠤᠳᠬᠠᠨ ᠪᠡᠬᠢᠵᠢᠭᠦᠯᠵᠦ᠂ ᠬᠦᠴᠦ᠂ ᠬᠥᠷᠥᠩ᠋ᠭᠡ ᠵᠠᠷᠤᠴᠠᠭᠤᠯᠤᠭᠰᠠᠨ ᠢᠶᠠᠷ ᠪᠢᠳᠡ ᠠᠮᠤᠷ ᠠᠮᠤᠭᠤᠯᠠᠩ ᠠᠵᠤ ᠲᠥᠷᠥᠬᠦ ᠲᠡᠳᠦᠢ ᠦᠭᠡᠢ ᠢᠷᠡᠭᠡᠳᠦᠢ ᠬᠣᠢᠢᠴᠢ ᠦᠶ᠎ᠡ ᠳ᠋ᠥ ᠪᠡᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢ ᠴᠣᠭᠴᠠᠯᠠᠭᠠᠭᠰᠠᠨ ᠳᠡᠯᠡᠬᠡᠢ ᠶᠢᠷᠲᠢᠨᠴᠦ ᠢᠢ ᠦᠯᠡᠳᠡᠭᠡᠵᠦ ᠴᠢᠳᠠᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠳᠡᠯᠡᠬᠡᠢ ᠢᠢᠨ ᠤᠯᠤᠰ ᠣᠷᠣᠨ ᠨᠤᠭᠤᠳ ᠴᠠᠷ᠎ ᠲᠠᠬᠤᠯ ᠤᠨ ᠠᠶᠤᠯ ᠢ ᠳᠠᠪᠠᠨ ᠭᠠᠷᠤᠭᠰᠠᠨ ᠬᠡᠳᠦᠢ ᠴᠤ ᠭᠧᠣᠰᠲ᠋ᠷᠠᠲ᠋ᠧᠭᠢ᠂ ᠭᠧᠣᠫᠣᠯᠢᠲ᠋ᠢᠺ ᠤᠨ ᠰᠥᠷᠭᠡᠯᠳᠦᠭᠡᠨ᠂ ᠨᠡᠢᠢᠭᠡᠮ ᠡᠳ᠋ ᠍ ᠦᠨ ᠵᠠᠰᠠᠭ ᠤᠨ ᠬᠢᠮᠤᠷᠠᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠲᠧᠭᠨᠣᠯᠣᠭᠢ ᠢᠢᠨ ᠬᠤᠷᠳᠤᠴᠠ ᠲᠠᠢ ᠳᠡᠪᠰᠢᠯ ᠵᠡᠷᠭᠡ ᠡᠴᠡ ᠡᠭᠦᠳᠦᠭᠰᠡᠨ ᠬᠦᠨᠳᠦᠷᠡᠯ᠂ ᠪᠡᠷᠬᠡᠰᠢᠶᠡᠯ ᠦᠳ ᠲᠤᠯᠭᠠᠷᠠᠭᠰᠠᠨ ᠬᠡᠪ ᠢᠶᠡᠷ ᠪᠠᠢᠢᠨ᠎ᠠ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠲᠡᠭᠦᠨ ᠦ ᠳᠦᠷᠢᠮ᠂ ᠣᠯᠠᠨ ᠤᠯᠤᠰ ᠤᠨ ᠡᠷᠬᠡ ᠵᠦᠢ ᠢᠢᠨ ᠲᠣᠭᠲᠠᠯᠴᠠᠭ᠎ᠠ ᠨᠢ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ᠃

ᠥᠨᠥ ᠢᠢᠨ ᠳᠡᠯᠡᠬᠡᠢ ᠶᠢᠷᠲᠢᠨᠴᠦ ᠢᠢᠨ ᠡᠮᠦᠨ᠎ᠡ ᠲᠤᠯᠭᠠᠷᠠᠭᠠᠳ ᠪᠤᠢ ᠠᠯᠢᠪᠠ ᠬᠦᠨᠳᠦᠷᠡᠯ ᠪᠡᠷᠬᠡᠰᠢᠶᠡᠯ᠂ ᠵᠥᠷᠢᠴᠡᠯ ᠮᠥᠷᠭᠥᠯᠳᠦᠭᠡᠨ᠂ ᠳᠠᠢᠢᠨ ᠲᠤᠯᠤᠭᠠᠨ᠂ ᠦᠯᠦ ᠢᠲᠡᠭᠡᠯᠴᠡᠯ ᠢ ᠬᠠᠮᠲᠤ ᠢᠢᠨ ᠬᠦᠴᠥ ᠪᠡᠷ ᠳᠠᠪᠠᠨ ᠲᠤᠭᠤᠯᠬᠤ ᠢᠢᠨ ᠲᠥᠯᠥᠭᠡ ᠳᠡᠯᠡᠬᠡᠢ ᠢᠢᠨ ᠤᠯᠤᠰ ᠣᠷᠣᠨ ᠨᠤᠭᠤᠳ ᠤᠯᠠᠮ ᠪᠦᠷᠢ ᠨᠢᠭᠡᠳᠦᠨ ᠨᠢᠬᠲᠠᠷᠠᠴᠤ᠂ ᠢᠲᠡᠭᠡᠯᠴᠡᠯ᠂ ᠬᠦᠨᠳᠦᠯᠡᠯ᠂ ᠨᠥᠬᠥᠷᠯᠡᠯ ᠢ ᠡᠷᠬᠢᠮᠯᠡᠨ ᠳᠡᠭᠡᠳᠦᠯᠡᠵᠦ᠂ ᠬᠦᠮᠦᠨ ᠲᠥᠷᠥᠯᠬᠢᠲᠡᠨ ᠦ ᠡᠪ ᠰᠠᠨᠠᠭᠠᠨ ᠤ ᠬᠠᠮᠲᠤ ᠢᠢᠨ ᠨᠡᠢᠢᠭᠡᠮᠯᠢ᠌ᠭ ᠪᠣᠯᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠭᠦᠷᠭᠡ ᠣᠷᠣᠯᠴᠠᠭ᠎ᠠ᠂ ᠪᠠᠢᠢᠷᠢ ᠰᠠᠭᠤᠷᠢ ᠢᠢ ᠤᠯᠠᠮ ᠪᠦᠷ ᠪᠡᠬᠢᠵᠢᠭᠦᠯᠬᠦ ᠶᠠᠪᠤᠳᠠᠯ ᠴᠢᠬᠤᠯᠠ ᠪᠠᠢᠢᠨ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠰᠠᠨᠠᠭᠠᠴᠢᠯᠠᠭᠰᠠᠨ 《ᠪᠢᠳᠡᠨ ᠦ ᠨᠡᠢᠢᠲᠡᠯᠢᠭ ᠵᠣᠷᠢᠯᠭ᠎ᠠ》 ᠢᠯᠡᠳᠬᠡᠯ ᠦᠨ ᠰᠠᠨᠠᠭᠠᠴᠢᠯᠠᠭ᠎ᠠ ᠨᠤᠭᠤᠳ᠂ ᠲᠡᠭᠦᠨ ᠦ ᠳᠣᠲᠣᠷ᠎ᠠ ᠰᠠᠶ᠋ᠢᠬᠠᠨ ᠲᠠᠨᠢᠯᠴᠠᠭᠤᠯᠤᠭᠰᠠᠨ 《ᠡᠩᠬᠡ ᠲᠠᠢᠢᠪᠤᠩ ᠤᠨ ᠰᠢᠨ᠎ᠡ ᠬᠥᠲᠥᠯᠪᠦᠷᠢ》 ᠍ ᠳᠥ ᠣᠯᠠᠨ ᠤᠯᠤᠰ ᠤᠨ ᠬᠠᠷᠢᠯᠴᠠᠭᠠᠨ ᠳᠤ ᠲᠤᠯᠭᠠᠮᠳᠠᠵᠤ ᠪᠤᠢ ᠠᠰᠠᠭᠤᠳᠠᠯ ᠢ ᠤᠷᠢᠳᠴᠢᠯᠠᠨ ᠰᠡᠷᠭᠡᠢᠢᠯᠡᠬᠦ ᠳ᠋ᠢᠫᠯᠣᠮᠠᠲ ᠠᠵᠢᠯᠯᠠᠭ᠎ᠠ ᠢᠢ ᠡᠷᠴᠢᠮᠵᠢᠭᠦᠯᠵᠦ᠂ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠶᠠᠷᠢᠶ᠎ᠠ ᠬᠡᠯᠡᠯᠴᠡᠭᠡ ᠢᠢ ᠰᠡᠷᠭᠦᠭᠡᠬᠦ ᠵᠠᠮ ᠢᠶᠠᠷ ᠰᠢᠢᠳᠪᠦᠷᠢᠯᠡᠬᠦ ᠢᠢ ᠤᠷᠢᠶᠠᠯᠠᠭᠰᠠᠨ ᠢ ᠮᠣᠩ᠋ᠭᠣᠯ ᠤᠯᠤᠰ ᠲᠠᠯᠠᠷᠬᠠᠨ ᠳᠡᠮᠵᠢᠵᠦ ᠪᠠᠢᠢᠨ᠎ᠠ᠃

ᠴᠠᠬᠢᠮ ᠲᠧᠭᠨᠣᠯᠣᠭᠢ ᠢᠢᠨ ᠬᠤᠷᠳᠤᠴᠠ ᠲᠠᠢ ᠬᠥᠭ᠍ᠵᠢᠯ ᠨᠢ ᠳᠡᠯᠡᠬᠡᠢ ᠨᠡᠢᠢᠲᠡ ᠢᠢᠨ ᠬᠥᠭ᠍ᠵᠢᠯ ᠳᠡᠪᠰᠢᠯ ᠳᠥ ᠰᠢᠨ᠎ᠡ ᠪᠣᠯᠤᠮᠵᠢ ᠨᠤᠭᠤᠳ ᠢ ᠨᠡᠭᠡᠵᠦ ᠪᠠᠢᠢᠭ᠎ᠠ ᠪᠣᠯᠪᠠᠴᠤ ᠨᠥᠭᠥᠭᠡ ᠲᠠᠯ᠎ᠠ ᠪᠠᠷ ᠢᠶᠠᠨ ᠲᠧᠷᠷᠣᠷᠰᠲ ᠬᠠᠯᠳᠠᠯᠭ᠎ᠠ ᠦᠢᠯᠡᠳᠬᠦ᠂ ᠲᠡᠭᠦᠨ ᠢ ᠰᠠᠩᠬᠦᠵᠢᠭᠦᠯᠬᠦ᠂ ᠮᠥᠩ᠋ᠭᠥ ᠤᠬᠢᠶᠠᠬᠤ᠂ ᠦᠢ ᠣᠯᠠᠨ ᠢᠶᠠᠷ ᠬᠥᠨᠥᠭᠡᠬᠦ ᠵᠡᠪᠰᠡᠭ ᠳᠡᠯᠭᠡᠷᠡᠭᠦᠯᠬᠦ ᠵᠡᠷᠭᠡ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠳᠤ ᠠᠶᠤᠯ ᠵᠠᠨᠤᠯ ᠤᠴᠠᠷᠠᠭᠤᠯᠳᠠᠭ ᠭᠡᠮᠲᠦ ᠦᠢᠯᠡᠳᠦᠯ ᠦᠳ ᠢ ᠬᠤᠪᠢᠰᠬᠠᠨ ᠥᠭᠡᠷᠡᠴᠢᠯᠡᠵᠦ ᠪᠠᠢᠢᠨ᠎ᠠ᠃

ᠡᠢᠢᠮᠦ ᠡᠴᠡ ᠳᠡᠯᠡᠬᠡᠢ ᠢᠢᠨ ᠤᠯᠤᠰ ᠣᠷᠣᠨ ᠨᠤᠭᠤᠳ ᠪᠣᠯᠤᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠡᠳᠡᠭᠡᠷ ᠭᠡᠮᠲᠦ ᠬᠡᠷᠡᠭ ᠲᠡᠢ ᠦᠷ᠎ᠡ ᠳ᠋ᠦᠩ ᠲᠡᠢ ᠲᠡᠮᠡᠴᠡᠬᠦ ᠢᠢᠨ ᠲᠤᠯᠠᠳᠠ ᠪᠦᠬᠦ ᠲᠠᠯ᠎ᠠ ᠪᠠᠷ ᠬᠠᠮᠲᠤᠷᠠᠨ ᠠᠵᠢᠯᠯᠠᠵᠤ᠂ ᠬᠠᠷᠢᠯᠴᠠᠨ ᠮᠡᠳᠡᠭᠡᠯᠡᠯ ᠰᠣᠯᠢᠯᠴᠠᠵᠤ᠂ ᠣᠯᠠᠨ ᠤᠯᠤᠰ ᠤᠨ ᠡᠷᠬᠡ ᠵᠦᠢ ᠢᠢᠨ ᠣᠷᠴᠢᠨ ᠢ ᠲᠣᠳᠣᠷᠬᠠᠢ ᠪᠣᠯᠭᠠᠬᠤ ᠱᠠᠭᠠᠷᠳᠠᠯᠭ᠎ᠠ ᠲᠠᠢ ᠪᠠᠢᠢᠨ᠎ᠠ᠃

ᠡᠯ᠎ᠡ ᠴᠢᠭᠯᠡᠯ ᠳᠥ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠲᠡᠭᠦᠨ ᠦ ᠰᠢᠰᠲ᠋ᠧᠮ ᠦᠨ ᠪᠠᠢᠢᠭᠤᠯᠤᠯᠭ᠎ᠠ ᠨᠤᠭᠤᠳ ᠤᠨ ᠰᠠᠨᠠᠭᠠᠴᠢᠯᠠᠭ᠎ᠠ᠂ ᠦᠢᠯᠡ ᠠᠵᠢᠯᠯᠠᠭ᠎ᠠ ᠢᠢ ᠪᠦᠷᠢᠨ ᠳᠡᠮᠵᠢᠵᠦ᠂ 《ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠢᠢ ᠭᠡᠮᠲᠦ ᠬᠡᠷᠡᠭ ᠦᠨ ᠵᠣᠷᠢᠯᠭ᠎ᠠ ᠪᠠᠷ ᠠᠰᠢᠭᠯᠠᠬᠤ ᠲᠠᠢ ᠲᠡᠮᠡᠴᠡᠬᠦ ᠣᠯᠠᠨ ᠤᠯᠤᠰ ᠤᠨ ᠢᠵᠢ ᠪᠦᠷᠢᠨ ᠺᠣᠨᠸᠧᠨᠼ》 ᠍ ᠢ ᠪᠣᠯᠪᠠᠰᠤᠷᠠᠭᠤᠯᠬᠤ ᠳᠤ ᠢᠳᠡᠪᠬᠢᠲᠡᠢ ᠣᠷᠣᠯᠴᠠᠵᠤ ᠪᠠᠢᠢᠨ᠎ᠠ᠃
ᠡᠷᠬᠢᠮ ᠴᠢᠭᠤᠯᠭᠠᠨ ᠤ ᠳᠠᠷᠤᠭ᠎ᠠ ᠠ᠂

ᠭᠧᠣᠫᠣᠯᠢᠲ᠋ᠢᠺ ᠤᠨ ᠬᠤᠷᠴᠠᠳᠤᠮᠠᠯ᠂ ᠡᠭᠡᠳᠡᠷᠡᠭᠡ ᠲᠡᠢ ᠨᠥᠬᠥᠴᠡᠯ ᠪᠠᠢᠢᠳᠠᠯ ᠨᠢ ᠳᠡᠯᠡᠬᠡᠢ ᠨᠡᠢᠢᠲᠡ᠂ ᠪᠥᠰᠡ ᠨᠤᠲᠤᠭ ᠤᠨ ᠠᠶᠤᠯ ᠦᠭᠡᠢ ᠪᠠᠢᠢᠳᠠᠯ ᠳᠤ ᠰᠥᠷᠭᠥ ᠪᠡᠷ᠎ ᠨᠥᠯᠥᠭᠡᠯᠡᠨ᠂ ᠤᠯᠤᠰ ᠬᠣᠭᠣᠷᠣᠨᠳᠣ ᠢᠢᠨ ᠦᠯᠦ ᠣᠢᠢᠯᠠᠭᠠᠯᠴᠠᠯ ᠢ ᠰᠡᠳᠡᠷᠡᠭᠡᠵᠦ ᠪᠠᠢᠢᠭ᠎ᠠ ᠡᠨᠡ ᠴᠠᠭ ᠦᠶ᠎ᠡ ᠳᠥ ᠠᠯᠢᠪᠠ ᠠᠰᠠᠭᠤᠳᠠᠯ ᠢ ᠵᠥᠪᠬᠡᠨ ᠡᠪ ᠢ ᠡᠷᠬᠢᠮᠯᠡᠭᠰᠡᠨ᠂ ᠡᠩᠬᠡᠲᠠᠢᠢᠪᠤᠩᠴᠢ ᠶᠠᠷᠢᠶ᠎ᠠ ᠬᠡᠯᠡᠯᠴᠡᠭᠡᠨ ᠦ ᠵᠠᠮ ᠢᠶᠠᠷ ᠰᠢᠢᠳᠪᠦᠷᠢᠯᠡᠬᠦ ᠨᠢ ᠬᠠᠮᠤᠭ ᠤᠨ ᠣᠨᠣᠪᠴᠢᠲᠠᠢ ᠰᠢᠢᠳᠦᠯ ᠮᠥᠨ᠃

ᠮᠣᠩ᠋ᠭᠣᠯ ᠤᠯᠤᠰ ᠥᠪᠡᠷ ᠦᠨ ᠨᠤᠲᠤᠭ ᠳᠡᠪᠢᠰᠬᠡᠷ ᠦᠨ ᠴᠥᠮ᠎ᠡ ᠢᠢᠨ ᠵᠡᠪᠰᠡᠭ ᠦᠭᠡᠢ ᠰᠲ᠋ᠠᠲ᠋ᠦ᠋ᠰ ᠢ ᠵᠠᠷᠯᠠᠭᠠᠳ 30 ᠭᠠᠷᠤᠢ ᠵᠢᠯ ᠪᠣᠯᠵᠤ ᠪᠠᠢᠢᠭ᠎ᠠ ᠪᠥᠭᠡᠳ ᠴᠥᠮ᠎ᠡ ᠢᠢᠨ ᠵᠡᠪᠰᠡᠭ ᠢ ᠬᠤᠷᠢᠶᠠᠬᠤ᠂ ᠦᠯᠦ ᠳᠡᠯᠭᠡᠷᠡᠭᠦᠯᠬᠦ ᠢᠢᠨ ᠲᠥᠯᠦᠭᠡᠬᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦᠨ ᠴᠢᠷᠮᠠᠢᠢᠯᠲᠠ ᠢᠢ ᠪᠦᠬᠦ ᠲᠠᠯ᠎ᠠ ᠪᠠᠷ ᠳᠡᠮᠵᠢᠭᠰᠡᠭᠡᠷ ᠢᠷᠡᠭᠰᠡᠨ᠃

ᠮᠣᠩ᠋ᠭᠣᠯ ᠤᠯᠤᠰ ᠪᠥᠰᠡ ᠨᠤᠲᠤᠭ ᠤᠨ ᠢᠶᠠᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠡᠬᠢᠵᠢᠭᠦᠯᠬᠦ ᠳᠥ ᠬᠤᠪᠢ ᠨᠡᠮᠡᠷᠢ ᠪᠡᠨ ᠤᠷᠤᠭᠤᠯᠬᠤ ᠡᠭᠦᠳᠡᠨ ᠡᠴᠡ ᠡᠨᠡ ᠣᠨ ᠤ ᠵᠢᠷᠭᠤᠭᠠᠳᠤᠭᠠᠷ ᠰᠠᠷ᠎ᠠ ᠳᠤ ᠵᠡᠭᠦᠨ ᠬᠣᠢᠢᠳᠤ ᠠᠽᠢ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯᠠᠷᠠᠬᠢ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠣᠯᠠᠨ ᠤᠯᠤᠰ ᠤᠨ ᠪᠠᠭ᠎ᠠ ᠬᠤᠷᠠᠯ ᠢ ᠨᠠᠢᠮᠠ ᠳ᠋ᠠᠬᠢ ᠤᠳᠤᠭ᠎ᠠ ᠪᠠᠨ ᠠᠮᠵᠢᠯᠲᠠᠲᠠᠢ ᠵᠣᠬᠢᠶᠠᠨ ᠪᠠᠢᠢᠭᠤᠯᠤᠯ᠎ᠠ᠃

ᠲᠤᠰ ᠬᠤᠷᠠᠯ ᠳᠤ ᠣᠷᠣᠯᠴᠠᠭᠰᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠵᠡᠪᠰᠡᠭ ᠬᠤᠷᠢᠶᠠᠬᠤ ᠠᠰᠠᠭᠤᠳᠠᠯ ᠡᠷᠬᠢᠯᠡᠭᠰᠡᠨ ᠣᠷᠣᠯᠠᠭᠴᠢ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠽᠤᠢᠮᠢ ᠨᠠᠺᠠᠮᠢᠴᠤ 《ᠵᠡᠭᠦᠨ ᠬᠣᠢᠢᠳᠤ ᠠᠽᠢ ᠳ᠋ᠠᠬᠢ ᠪᠥᠰᠡ ᠨᠤᠲᠤᠭ ᠲᠤ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠲᠣᠭᠲᠠᠭᠠᠬᠤ᠂ ᠢᠲᠡᠭᠡᠯᠴᠡᠯ ᠢ ᠪᠡᠬᠢᠵᠢᠭᠦᠯᠬᠦ ᠳᠥ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠮᠧᠾᠠᠨᠢᠽᠮ ᠣᠨᠴᠤᠭᠤᠢ ᠴᠢᠬᠤᠯᠠ ᠲᠠᠯᠠᠪᠤᠷ ᠪᠣᠯᠵᠤ ᠪᠠᠢᠢᠨ᠎ᠠ》 ᠬᠡᠮᠡᠨ ᠣᠨᠴᠠᠯᠠᠨ ᠳᠤᠷᠠᠳᠤᠭᠰᠠᠨ ᠪᠢᠯᠡ᠃

ᠡᠩᠬᠡ ᠢᠢ ᠡᠷᠬᠢᠮᠯᠡᠭᠰᠡᠨ᠂ ᠨᠡᠭᠡᠭᠡᠯᠲᠡ ᠲᠡᠢ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠢᠢᠨ ᠢᠶᠠᠨ ᠬᠦᠷᠢᠶᠡᠨ ᠳᠥ ᠪᠥᠰᠡ ᠨᠤᠲᠤᠭ ᠳ᠋ᠠᠬᠢ ᠠᠶᠤᠯ ᠦᠭᠡᠢ ᠪᠠᠢᠢᠳᠠᠯ ᠤᠨ ᠴᠢᠭᠯᠡᠯ ᠢᠶᠡᠷ ᠭᠠᠷᠭᠠᠵᠤ ᠪᠤᠢ ᠮᠣᠩ᠋ᠭᠣᠯ ᠤᠯᠤᠰ ᠤᠨ ᠡᠨᠡ ᠬᠦ ᠬᠦᠴᠦᠨ ᠴᠢᠷᠮᠠᠢᠢᠯᠲᠠ ᠵᠢᠯ ᠡᠴᠡ ᠵᠢᠯ ᠳᠥ ᠥᠷᠭᠡᠵᠢᠨ ᠪᠡᠬᠢᠵᠢᠵᠦ᠂ ᠡᠯ᠎ᠡ ᠰᠠᠨᠠᠭᠠᠴᠢᠯᠠᠭ᠎ᠠ ᠢᠢ ᠤᠷᠤᠭᠰᠢᠯᠠᠭᠤᠯᠬᠤ ᠳᠤ ᠤᠯᠤᠰ ᠣᠷᠣᠨ ᠨᠤᠭᠤᠳ ᠤᠨ ᠣᠷᠣᠯᠴᠠᠭ᠎ᠠ ᠨᠡᠮᠡᠭᠳᠡᠵᠦ ᠪᠠᠢᠢᠭ᠎ᠠ ᠢᠢ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠥᠩ᠋ᠭᠡᠷᠡᠭᠰᠡᠨ ᠵᠢᠯ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍  ᠭᠤᠲ᠋ᠧᠷᠷᠧᠱ ᠮᠠᠨ ᠤ ᠤᠯᠤᠰ ᠲᠤ ᠠᠢᠢᠯᠴᠢᠯᠠᠬᠤ ᠳᠤ ᠪᠠᠨ 《ᠮᠣᠩ᠋ᠭᠣᠯ ᠤᠯᠤᠰ ᠪᠣᠯ ᠵᠥᠷᠢᠴᠡᠯ ᠲᠡᠮᠡᠴᠡᠯ ᠲᠡᠢ ᠳᠡᠯᠡᠬᠡᠢ ᠶᠢᠷᠲᠢᠨᠴᠦ ᠳ᠋ᠤ ᠡᠩᠬᠡ ᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠤᠯᠤᠰ》 ᠬᠡᠮᠡᠨ ᠦᠨᠡᠯᠡᠭᠰᠡᠨ ᠪᠣᠯ ᠰᠠᠶ᠋ᠢᠬᠠᠨ ᠮᠣᠩ᠋ᠭᠣᠯ ᠤᠯᠤᠰ ᠲᠤ ᠠᠢᠢᠯᠴᠢᠯᠠᠭᠰᠠᠨ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨ᠋ᠼᠢᠰ 《ᠣᠶᠤᠨ ᠰᠠᠨᠠᠭ᠎ᠠ᠂ ᠰᠦᠰᠦᠭ ᠪᠢᠰᠢᠷᠡᠯ ᠦᠨ ᠲᠣᠷᠭᠠᠨ ᠮᠡᠳᠡᠷᠡᠮᠵᠢ ᠲᠠᠨ ᠤ ᠰᠤᠶᠤᠯ ᠤᠨ ᠮᠥᠨ ᠴᠢᠨᠠᠷ ᠤᠨ ᠡᠳ᠋ ᠡᠰ ᠪᠦᠬᠦᠨ ᠳᠥ ᠭᠦᠨ ᠭᠦᠨᠵᠡᠭᠡᠢ ᠣᠷᠣᠰᠢᠳᠠᠭ ᠤᠴᠢᠷ ᠠᠴᠠ ᠮᠣᠩ᠋ᠭᠣᠯ ᠤᠯᠤᠰ ᠱᠠᠰᠢᠨ ᠰᠢᠲᠦᠯᠭᠡ ᠢᠢᠨ ᠡᠷᠬᠡ ᠴᠢᠯᠦᠭᠡᠨ ᠦ ᠪᠡᠯᠭᠡ ᠲᠡᠮᠳᠡᠭ ᠪᠣᠯᠤᠭᠰᠠᠨ ᠣᠷᠣᠨ ᠶᠤᠮ》 ᠬᠡᠮᠡᠨ ᠬᠡᠯᠡᠭᠰᠡᠨ ᠢ ᠡᠨᠳᠡ ᠳᠤᠷᠠᠳᠤᠨ ᠬᠡᠯᠡᠬᠦ ᠳᠥ ᠲᠠᠭᠠᠲᠠᠢ ᠪᠠᠢᠢᠨ᠎ᠠ᠃

ᠲᠡᠷᠡ ᠪᠡᠷ 《ᠵᠥᠷᠢᠴᠡᠯ ᠮᠥᠷᠭᠥᠯᠳᠦᠭᠡᠨ ᠳᠥ ᠨᠡᠷᠪᠡᠭ᠍ᠳᠡᠭᠡᠳ ᠪᠠᠢᠢᠭ᠎ᠠ ᠡᠨᠡ ᠳᠡᠯᠡᠬᠡᠢ ᠶᠢᠷᠲᠢᠨᠴᠦ ᠳ᠋ᠥ ᠮᠣᠩ᠋ᠭᠣᠯ ᠤᠨ ᠶᠡᠬᠡ ᠠᠮᠤᠷ ᠠᠮᠤᠭᠤᠯᠠᠩ ᠳᠠᠬᠢᠨ ᠴᠣᠭᠴᠠᠯᠠᠵᠤ᠂ ᠠᠯᠢᠪᠠ ᠵᠥᠷᠢᠴᠡᠯ ᠲᠡᠮᠡᠴᠡᠯ ᠦᠭᠡᠢ ᠪᠣᠯᠤᠭᠰᠠᠨ ᠪᠠᠢᠢᠭᠰᠠᠨ ᠲᠡᠷᠲᠡᠭᠡᠬᠢ ᠴᠠᠭ ᠦᠶ᠎ᠡ ᠰᠢᠭ᠌ ᠣᠯᠠᠨ ᠤᠯᠤᠰ ᠤᠨ ᠬᠠᠤᠯᠢ ᠡᠷᠬᠡ ᠵᠦᠢ᠂ ᠬᠡᠮ ᠬᠡᠮᠵᠢᠶ᠎ᠡ ᠢᠢ ᠬᠦᠨᠳᠦᠳᠬᠡᠨ ᠳᠡᠭᠡᠳᠦᠯᠡᠵᠦ ᠪᠠᠢᠢᠬᠤ ᠪᠣᠯᠲᠤᠭᠠᠢ》 ᠬᠡᠮᠡᠨ ᠳᠡᠯᠡᠬᠡᠢ ᠨᠡᠢᠢᠲᠡ ᠳᠥ ᠤᠷᠢᠶᠠᠯᠠᠭᠰᠠᠨ᠃

ᠡᠷᠬᠢᠮ ᠴᠢᠭᠤᠯᠭᠠᠨ ᠤ ᠳᠠᠷᠤᠭ᠎ᠠ ᠠ᠂

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭ᠎ᠠ ᠨᠢ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠮᠠᠭᠠᠯᠠᠬᠤ ᠴᠢᠬᠤᠯᠠ ᠠᠷᠭ᠎ᠠ ᠵᠠᠮ ᠤᠨ ᠨᠢᠭᠡ ᠪᠥᠭᠡᠳ ᠵᠡᠪᠰᠡᠭᠲᠦ ᠮᠥᠷᠭᠥᠯᠳᠦᠭᠡᠨ ᠢ ᠵᠣᠭᠰᠣᠭᠠᠬᠤ᠂ ᠬᠢᠵᠠᠭᠠᠷᠯᠠᠬᠤ᠂ ᠬᠦᠮᠦᠨᠯᠢᠭ ᠦᠨ ᠭᠠᠮᠰᠢᠭ ᠢ ᠰᠢᠢᠳᠪᠦᠷᠢᠯᠡᠬᠦ᠂ ᠬᠦᠮᠦᠨ ᠲᠥᠷᠥᠯᠬᠢᠲᠡᠨ ᠦ ᠨᠡᠢᠢᠭᠡᠮ ᠤᠨ ᠬᠥᠭ᠍ᠵᠢᠯ ᠢ ᠠᠬᠢᠭᠤᠯᠬᠤ ᠨᠥᠬᠥᠴᠡᠯ ᠪᠣᠯᠤᠮᠵᠢ ᠢᠢ ᠪᠦᠷᠢᠳᠦᠭᠦᠯᠬᠦ ᠳᠥ ᠴᠢᠬᠤᠯᠠ ᠡᠭᠦᠷᠭᠡ ᠭᠦᠢᠴᠡᠳᠭᠡᠭ᠍ᠰᠡᠭᠡᠷ ᠪᠠᠢᠢᠨ᠎ᠠ᠃

ᠡᠨᠡ ᠴᠤ ᠡᠭᠦᠳᠡᠨ ᠡᠴᠡ ᠪᠢᠳᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭ᠎ᠠ ᠢᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠲᠠᠯᠠᠲᠤ ᠬᠠᠮᠲᠤ ᠢᠢᠨ ᠠᠵᠢᠯᠯᠠᠭᠠᠨ ᠳ᠋ᠠᠬᠢ ᠡᠩᠬᠡ ᠢᠢᠨ ᠲᠥᠯᠦᠭᠡᠬᠢ ᠬᠦᠴᠦᠨ ᠴᠢᠷᠮᠠᠢᠢᠯᠲᠠ ᠢᠢᠨ ᠠᠮᠢᠨ ᠴᠢᠬᠤᠯᠠ ᠬᠡᠰᠡᠭ ᠭᠡᠵᠦ ᠦᠵᠡᠳᠡᠭ ᠪᠥᠭᠡᠳ ᠥᠩ᠋ᠭᠡᠷᠡᠭᠰᠡᠨ 20 ᠭᠠᠷᠤᠢ ᠵᠢᠯ ᠦᠨ ᠬᠤᠭᠤᠴᠠᠭᠠᠨ ᠳᠤ ᠮᠣᠩ᠋ᠭᠣᠯ ᠤᠯᠤᠰ ᠥᠪᠡᠷ ᠦᠨ 20 ᠮᠢᠩ᠋ᠭ᠎ᠠ ᠭᠠᠷᠤᠢ ᠡᠩᠬᠡ ᠢᠢ ᠰᠠᠬᠢᠭᠤᠯᠤᠭᠴᠢᠳ ᠢᠶᠠᠨ ᠳᠡᠯᠡᠬᠡᠢ ᠢᠢᠨ ᠬᠠᠯᠠᠭᠤᠨ ᠴᠡᠭ ᠨᠦᠭᠦᠳ ᠲᠥ ᠢᠯᠡᠭᠡᠵᠦ᠂ ᠬᠦᠮᠦᠨ ᠲᠥᠷᠥᠯᠬᠢᠲᠡᠨ ᠦ ᠡᠩᠬᠡ ᠲᠠᠢᠢᠪᠤᠩ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠢᠢᠨ ᠲᠥᠯᠥᠭᠡ ᠳᠡᠯᠡᠬᠡᠢ ᠢᠢᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠥ ᠲᠡᠢ ᠪᠡᠷ ᠪᠡᠶᠡᠯᠡᠭᠦᠯᠵᠦ ᠢᠷᠡᠯ᠎ᠡ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠮᠡᠭᠲᠡᠢᠢᠴᠦᠳ ᠦᠨ ᠦᠷ᠎ᠡ ᠳ᠋ᠦᠩ ᠲᠡᠢ ᠣᠷᠣᠯᠴᠠᠭ᠎ᠠ ᠢᠢ ᠴᠢᠬᠤᠯᠠᠴᠢᠯᠠᠵᠤ᠂ ᠪᠦᠬᠦ ᠲᠦᠪᠰᠢᠨ ᠥᠦ ᠡᠮᠡᠭᠲᠡᠢᠢᠴᠦᠳ ᠦᠨ ᠣᠷᠣᠯᠴᠠᠭ᠎ᠠ ᠨᠡᠮᠡᠭᠳᠡᠬᠦ ᠨᠢ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ ᠳᠤ ᠲᠣᠮᠣᠬᠠᠨ ᠥᠭᠡᠷᠡᠴᠢᠯᠡᠯᠲᠡ ᠠᠪᠴᠢᠷᠠᠵᠤ᠂ ᠮᠥᠷᠭᠥᠯᠳᠦᠭᠡᠨ ᠢ ᠡᠩᠬᠡ ᠢᠢᠨ ᠵᠠᠮ ᠢᠶᠠᠷ ᠰᠢᠢᠳᠪᠦᠷᠢᠯᠡᠬᠦ ᠳᠥ ᠳᠣᠷᠪᠢᠲᠠᠢ ᠨᠥᠯᠥᠭᠡ ᠦᠵᠡᠭᠦᠯᠦᠨ᠎ᠡ ᠭᠡᠵᠦ ᠦᠵᠡᠳᠡᠭ᠃

ᠮᠠᠨ ᠤ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ 《ᠡᠮᠡᠭᠲᠡᠢᠢᠴᠦᠳ᠂ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠤᠬᠠᠢ》 ᠲᠣᠭᠲᠠᠭᠠᠯ ᠢ ᠬᠡᠷᠡᠭᠵᠢᠭᠦᠯᠬᠦ ᠳᠥ ᠬᠤᠪᠢ ᠨᠡᠮᠡᠷᠢ ᠤᠷᠤᠭᠤᠯᠬᠤ ᠡᠭᠦᠳᠡᠨ ᠡᠴᠡ 2022 ᠣᠨ ᠤ ᠵᠢᠷᠭᠤᠭᠠᠳᠤᠭᠠᠷ ᠰᠠᠷ᠎ᠠ ᠳᠤ 《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠮᠡᠭᠲᠡᠢ ᠴᠡᠷᠢᠭ ᠦᠨ ᠠᠯᠪᠠ ᠬᠠᠭᠠᠭᠴᠢ ᠢᠢᠨ ᠣᠷᠣᠯᠴᠠᠭ᠎ᠠ》 ᠣᠯᠠᠨ ᠤᠯᠤᠰ ᠤᠨ ᠪᠠᠭ᠎ᠠ ᠬᠤᠷᠠᠯ ᠢ ᠡᠬᠡ ᠣᠷᠣᠨ ᠳᠤ ᠪᠠᠨ ᠠᠮᠵᠢᠯᠲᠠᠲᠠᠢ ᠵᠣᠬᠢᠶᠠᠨ ᠪᠠᠢᠢᠭᠤᠯᠵᠤ᠂ ᠡᠯ᠎ᠡ ᠲᠠᠯᠠᠪᠤᠷ ᠳ᠋ᠠᠬᠢ ᠰᠣᠷᠢᠯᠲᠠ᠂ ᠪᠡᠷᠬᠡᠰᠢᠶᠡᠯ ᠢ ᠳᠠᠪᠠᠨ ᠲᠤᠭᠤᠯᠬᠤ ᠰᠠᠢᠢᠨ ᠲᠤᠷᠰᠢᠯᠭ᠎ᠠ᠂ ᠰᠢᠯᠢᠳᠡᠭ ᠠᠷᠭ᠎ᠠ ᠵᠠᠮ ᠤᠨ ᠲᠠᠯ᠎ᠠ ᠪᠠᠷ ᠰᠠᠨᠠᠯ ᠰᠣᠯᠢᠯᠴᠠᠭᠰᠠᠨ᠃

ᠮᠥᠨ ᠪᠢᠳᠡ ᠵᠧᠨᠳᠡᠷ ᠦᠨ ᠡᠷᠬᠡ ᠲᠡᠭᠰᠢ ᠪᠠᠢᠢᠳᠠᠯ ᠢ ᠬᠠᠩ᠋ᠭᠠᠬᠤ ᠪᠣᠳᠣᠯᠭ᠎ᠠ᠂ ᠦᠢᠯᠡ ᠠᠵᠢᠯᠯᠠᠭ᠎ᠠ ᠢᠢ ᠪᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ 《ᠡᠮᠡᠭᠲᠡᠢᠢᠴᠦᠳ᠂ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠬᠥᠲᠥᠯᠪᠦᠷᠢ》 ᠍ ᠲᠡᠢ ᠤᠶᠠᠯᠳᠤᠭᠤᠯᠤᠨ ᠬᠡᠷᠡᠭᠵᠢᠭᠦᠯᠬᠦ ᠢᠢ ᠵᠣᠷᠢᠳᠠᠭ᠃

ᠡᠷᠬᠢᠮ ᠴᠢᠭᠤᠯᠭᠠᠨ ᠤ ᠳᠠᠷᠤᠭ᠎ᠠ ᠠ᠂

ᠤᠯᠤᠰ ᠦᠨᠳᠦᠰᠦᠲᠡᠨ ᠨᠦᠭᠦᠳ ᠪᠢᠳᠡ ᠦᠨᠳᠦᠰᠦ ᠤᠭᠰᠠᠭ᠎ᠠ᠂ ᠠᠷᠠᠰᠤ ᠥᠩ᠋ᠭᠡ᠂ ᠨᠠᠰᠤ᠂ ᠬᠦᠢᠰᠦ᠂ ᠱᠠᠰᠢᠨ ᠰᠢᠲᠦᠯᠭᠡ᠂ ᠰᠤᠶᠤᠯ ᠤᠨ ᠢᠯᠭᠠᠨ ᠠᠴᠠ ᠦᠯᠦ ᠬᠠᠮᠢᠶᠠᠷᠤᠨ ᠡᠬᠡ ᠳᠡᠯᠡᠬᠡᠢ ᠳᠥ ᠪᠡᠨ ᠪᠦᠭᠦᠳᠡ ᠡᠷᠬᠡ ᠲᠡᠭᠰᠢ᠂ ᠠᠮᠤᠷ ᠠᠮᠤᠭᠤᠯᠠᠩ ᠠᠮᠢᠳᠤᠷᠠᠬᠤ ᠤᠴᠢᠷᠲᠠᠢ᠃

ᠭᠡᠪᠡᠴᠦ ᠪᠢᠳᠡᠨ ᠦ ᠳᠡᠪᠰᠢᠭᠦᠯᠦᠭᠰᠡᠨ 《ᠬᠥᠭ᠍ᠵᠢᠯ ᠡᠴᠡ ᠬᠡᠨ ᠢ ᠴᠤ ᠦᠯᠦ ᠣᠷᠬᠢᠭᠳᠠᠭᠤᠯᠬᠤ》 ᠵᠠᠷᠴᠢᠮ ᠥᠨᠥ ᠢᠢ ᠬᠦᠷᠲᠡᠯ᠎ᠡ ᠪᠦᠷᠢᠨ ᠪᠡᠶᠡᠯᠡᠯ ᠢᠶᠡᠨ ᠣᠯᠵᠤ ᠴᠢᠳᠠᠯ ᠦᠭᠡᠢ᠂ ᠤᠯᠤᠰ ᠣᠷᠣᠨ ᠨᠤᠭᠤᠳ ᠤᠨ ᠬᠥᠭ᠍ᠵᠢᠯ ᠦᠨ ᠲᠦᠪᠰᠢᠨ᠂ ᠬᠦᠮᠦᠰ ᠦᠨ ᠠᠮᠢᠳᠤᠷᠠᠬᠤ ᠣᠷᠴᠢᠨ᠂ ᠨᠥᠬᠥᠴᠡᠯ ᠪᠠᠢᠢᠳᠠᠯ ᠬᠠᠷᠢᠯᠴᠠᠨ ᠠᠳᠠᠯᠢ ᠦᠭᠡᠢ ᠬᠡᠪ ᠢᠶᠡᠷ ᠪᠠᠢᠢᠨ᠎ᠠ᠃

ᠰᠡᠭᠦᠯ ᠦᠨ ᠵᠢᠯ ᠦᠳ ᠲᠥ ᠳᠡᠯᠡᠬᠡᠢ ᠨᠡᠢᠢᠲᠡ ᠢᠢ ᠬᠠᠮᠤᠷᠠᠭᠰᠠᠨ ᠴᠠᠷ᠎ ᠲᠠᠬᠤᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠭᠧᠣᠫᠣᠯᠢᠲ᠋ᠢᠺ ᠤᠨ ᠵᠥᠷᠢᠴᠡᠯ᠂ ᠰᠠᠩᠬᠦᠦ ᠪᠣᠯᠤᠨ ᠥᠷᠢ ᠢᠢᠨ ᠠᠰᠠᠭᠤᠳᠠᠯ᠂ ᠶᠠᠳᠠᠭᠤᠷᠠᠯ᠂ ᠥᠯᠥᠰᠬᠦᠯᠡᠩ ᠵᠡᠷᠭᠡ ᠬᠥᠭ᠍ᠵᠢᠯ ᠦᠨ ᠬᠤᠷᠳᠤ ᠢᠢ ᠰᠠᠭᠠᠷᠠᠭᠤᠯᠤᠭᠰᠠᠨ ᠰᠣᠷᠢᠯᠲᠠ᠂ ᠪᠡᠷᠬᠡᠰᠢᠶᠡᠯ ᠦᠳ ᠨᠢ ᠨᠡᠩ ᠢᠯᠠᠩ᠋ᠭᠤᠶ᠎ᠠ ᠬᠥᠭ᠍ᠵᠢᠵᠦ ᠪᠤᠢ ᠤᠯᠤᠰ ᠣᠷᠣᠨ ᠨᠤᠭᠤᠳ ᠲᠤ ᠢᠯᠡᠭᠦᠦ ᠬᠦᠨᠳᠦ ᠪᠡᠷ ᠲᠤᠰᠴᠤ ᠪᠠᠢᠢᠭ᠎ᠠ ᠪᠥᠭᠡᠳ ᠡᠳᠡᠭᠡᠷ ᠤᠯᠤᠰ ᠣᠷᠣᠨ ᠨᠤᠭᠤᠳ ᠲᠤ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠤᠨ ᠬᠡᠷᠡᠭᠵᠢᠯᠲᠡ ᠬᠠᠮᠤᠭ ᠤᠨ ᠰᠤᠯᠠ ᠪᠠᠢᠢᠨ᠎ᠠ᠃

ᠳᠡᠯᠡᠬᠡᠢ ᠨᠡᠢᠢᠲᠡ ᠢᠢᠨ ᠢᠲᠡᠭᠡᠯᠴᠡᠯ᠂ ᠡᠪ ᠨᠢᠭᠡᠳᠦᠯ᠂ ᠬᠥᠭ᠍ᠵᠢᠯ ᠳᠡᠪᠰᠢᠯ ᠦᠨ ᠵᠠᠮ ᠤᠨ ᠵᠢᠷᠤᠭᠯᠠᠯ ᠪᠣᠯᠤᠭᠰᠠᠨ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠤᠨ ᠬᠡᠷᠡᠭᠵᠢᠬᠦ ᠬᠤᠭᠤᠴᠠᠭᠠᠨ ᠤ ᠲᠠᠯ᠎ᠠ ᠨᠢ ᠥᠩ᠋ᠭᠡᠷᠡᠭᠡᠳ ᠪᠠᠢᠢᠬᠤ ᠳᠤ ᠪᠢᠳᠡᠨ ᠦ ᠳᠡᠪᠰᠢᠭᠦᠯᠦᠭᠰᠡᠨ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠤᠨ ᠬᠡᠷᠡᠭᠵᠢᠯᠲᠡ 12 ᠬᠤᠪᠢ ᠨᠢ ᠬᠠᠩ᠋ᠭᠠᠯᠲᠠ ᠲᠠᠢ᠂ 50 ᠬᠤᠪᠢ ᠨᠢ ᠰᠤᠯᠠ᠂ 30 ᠬᠤᠪᠢ ᠨᠢ ᠬᠡᠷᠡᠭᠵᠢᠭᠡ ᠦᠭᠡᠢ ᠲᠠᠯ᠎ᠠ ᠪᠠᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ 2023 ᠣᠨ ᠤ ᠲᠠᠢᠢᠯᠤᠨ ᠢᠯᠡᠳᠬᠡᠯ ᠳᠥ ᠳᠤᠷᠠᠳᠴᠠᠢ᠃

ᠬᠡᠷᠪᠡ ᠪᠢᠳᠡ ᠳᠡᠪᠰᠢᠭᠦᠯᠦᠭᠰᠡᠨ ᠵᠣᠷᠢᠯᠲᠠ ᠪᠠᠨ ᠬᠡᠷᠡᠭᠵᠢᠭᠦᠯᠵᠦ ᠡᠰᠡ ᠴᠢᠳᠠᠬᠤ ᠠᠪᠠᠰᠤ ᠬᠦᠮᠦᠨ ᠲᠥᠷᠥᠯᠬᠢᠲᠡᠨ ᠦ ᠬᠥᠭ᠍ᠵᠢᠯ ᠳᠡᠪᠰᠢᠯ ᠦᠨ ᠴᠢᠨᠠᠬᠰᠢᠳᠠ ᠢᠢᠨ ᠵᠠᠮᠨᠠᠯ ᠳᠠᠷᠳᠠᠨ ᠪᠠᠢᠢᠬᠤ ᠦᠭᠡᠢ ᠨᠢ ᠲᠣᠳᠣᠷᠬᠠᠢ ᠶᠤᠮ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍  ᠭᠤᠲ᠋ᠧᠷᠷᠧᠱᠢ ᠢᠢᠨ ᠬᠡᠯᠡᠭᠰᠡᠨ ᠢᠶᠡᠷ 《ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠢ ᠵᠡᠷᠭᠡᠯᠭᠡ ᠪᠣᠯᠭᠠᠬᠤ ᠡᠰᠡᠬᠦ ᠨᠢ ᠪᠢᠳᠡᠨ ᠦ ᠥᠨᠥ ᠢᠢᠨ ᠬᠦᠴᠦ ᠴᠢᠷᠮᠠᠢᠢᠯᠲᠠ ᠠᠴᠠ ᠬᠠᠮᠢᠶᠠᠷᠬᠤ》 ᠬᠠᠷᠢᠭᠤᠴᠠᠯᠭ᠎ᠠ ᠲᠠᠢ ᠴᠠᠭ ᠨᠢᠭᠡᠨᠲᠡ ᠲᠤᠯᠵᠤ ᠢᠷᠡᠵᠡᠢ᠃

ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠤᠨ ᠰᠠᠩᠬᠦᠵᠢᠯᠲᠡ ᠴᠠᠷ᠎ ᠲᠠᠬᠤᠯ ᠤᠨ ᠡᠮᠦᠨ᠎ᠡ ᠵᠢᠯ ᠳᠥ 2.5 ᠣᠷᠴᠢᠮ ᠶᠡᠬᠡ ᠨᠠᠶᠤᠳ ᠠᠮ᠂ ᠳ᠋ᠣᠯᠯᠠᠷ ᠢᠶᠠᠷ ᠲᠠᠰᠤᠷᠴᠤ ᠪᠠᠢᠢᠭᠰᠠᠨ ᠪᠣᠯ ᠥᠨᠥᠳᠥᠷ 4.2 ᠶᠡᠬᠡ ᠨᠠᠶᠤᠳ ᠠᠮ᠂ ᠳ᠋ᠣᠯᠯᠠᠷ ᠪᠣᠯᠵᠤ ᠨᠡᠮᠡᠭᠳᠡᠨ᠂ ᠪᠠᠭᠤᠷᠠᠢ ᠬᠥᠭ᠍ᠵᠢᠯᠲᠡᠢ 52 ᠤᠯᠤᠰ ᠥᠷᠢ ᠦᠨ ᠳᠧᠹᠤᠯᠲ ᠵᠠᠷᠯᠠᠬᠤ ᠳᠤ ᠣᠢᠢᠷᠠᠬᠠᠨ ᠪᠣᠯᠵᠠᠢ᠃

ᠡᠢᠢᠮᠦ ᠡᠴᠡ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠢ ᠰᠠᠩᠬᠦᠵᠢᠭᠦᠯᠬᠦ ᠳᠡᠯᠡᠬᠡᠢ ᠢᠢᠨ ᠬᠡᠮᠵᠢᠶᠡᠨ ᠦ ᠲᠥᠯᠥᠪᠯᠡᠭᠡ ᠢᠢ ᠶᠠᠭᠠᠷᠠᠯᠲᠠᠢ ᠪᠣᠯᠪᠠᠰᠤᠷᠠᠭᠤᠯᠬᠤ ᠱᠠᠭᠠᠷᠳᠠᠯᠭ᠎ᠠ ᠲᠠᠢ ᠪᠠᠢᠢᠨ᠎ᠠ᠃

ᠮᠣᠩ᠋ᠭᠣᠯ ᠤᠯᠤᠰ ᠥᠩ᠋ᠭᠡᠷᠡᠭᠰᠡᠨ ᠳᠣᠯᠣᠭᠠᠳᠤᠭᠠᠷ ᠰᠠᠷ᠎ᠠ ᠳᠤ ᠨᠢᠶᠤᠢ‍-ᠶᠣᠷᠺ ᠬᠣᠲᠠᠨ᠎ᠠ ᠪᠣᠯᠤᠭᠰᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠳ᠋ ᠍ ᠦᠨ ᠵᠠᠰᠠᠭ᠂ ᠨᠡᠢᠢᠭᠡᠮ ᠤᠨ ᠵᠥᠪᠯᠡᠯ ᠦᠨ ᠲᠣᠭᠲᠠᠪᠤᠷᠢᠲᠠᠢ ᠬᠥᠭ᠍ᠵᠢᠯ ᠦᠨ ᠠᠰᠠᠭᠤᠳᠠᠯᠠᠷᠠᠬᠢ ᠤᠯᠤᠰ ᠲᠥᠷᠥ ᠢᠢᠨ ᠥᠨᠳᠥᠷ ᠲᠦᠪᠰᠢᠨ ᠦ ᠴᠢᠭᠤᠯᠭ᠎ᠠ ᠠᠭᠤᠯᠵᠠᠯᠲᠠ ᠳᠤ ᠦᠨᠳᠦᠰᠦᠨ ᠦ ᠰᠠᠢᠢᠨ ᠳᠤᠷ᠎ᠠ ᠢᠢᠨ ᠢᠯᠡᠳᠬᠡᠯ ᠢᠶᠡᠨ ᠬᠣᠶᠠᠷ ᠳ᠋ᠠᠬᠢ ᠤᠳᠤᠭ᠎ᠠ ᠪᠠᠨ ᠲᠠᠨᠢᠯᠴᠠᠭᠤᠯᠤᠭᠰᠠᠨ᠃


ᠤᠭ ᠢᠯᠡᠳᠬᠡᠯ ᠦᠨ ᠰᠤᠳᠤᠯᠭ᠎ᠠ ᠪᠠᠷ ᠮᠠᠨ ᠤ ᠤᠯᠤᠰ ᠤᠨ ᠲᠣᠭᠲᠠᠪᠤᠷᠢᠲᠠᠢ ᠬᠥᠭ᠍ᠵᠢᠯ ᠦᠨ 15 ᠵᠣᠷᠢᠯᠭ᠎ᠠ ᠢᠢᠨ ᠬᠡᠷᠡᠭᠵᠢᠯᠲᠡ ᠠᠬᠢᠴᠠ ᠲᠠᠢ᠂ ᠨᠢᠭᠡ ᠵᠣᠷᠢᠯᠲᠠ ᠢᠢᠨ ᠬᠡᠷᠡᠭᠵᠢᠯᠲᠡ ᠪᠠᠭᠤᠷᠠᠯᠲᠠ ᠲᠠᠢ ᠭᠡᠵᠦ ᠦᠨᠡᠯᠡᠭᠳᠡᠭᠰᠡᠨ᠃

ᠮᠣᠩ᠋ᠭᠣᠯ ᠤᠯᠤᠰ ᠤᠨ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠨᠤᠭᠤᠳ ᠢ ᠬᠡᠷᠡᠭᠵᠢᠭᠦᠯᠬᠦ ᠳᠥ 2030 ᠣᠨ ᠬᠦᠷᠲᠡᠯ᠎ᠡ ᠵᠢᠯ ᠪᠦᠷᠢ ᠳᠤᠮᠳᠠᠵᠢ ᠪᠠᠷ ᠳᠣᠲᠣᠭᠠᠳᠤ ᠶᠢᠨ ᠨᠡᠶᠢᠲᠡ ᠪᠦᠲᠦᠭᠡᠭ᠍ᠳᠡᠬᠦᠨ  ᠦ 18 ᠣᠷᠴᠢᠮ ᠬᠤᠪᠢ ᠲᠠᠢ ᠲᠡᠩᠴᠡᠬᠦ ᠬᠡᠮᠵᠢᠶᠡᠨ ᠦ ᠨᠡᠮᠡᠯᠲᠡ ᠰᠠᠩᠬᠦᠵᠢᠯᠲᠡ ᠱᠠᠭᠠᠷᠳᠠᠯᠭ᠎ᠠ ᠲᠠᠢ ᠪᠣᠯᠬᠤ ᠤᠷᠢᠳᠴᠢᠯᠠᠭᠰᠠᠨ ᠲᠣᠭᠠᠴᠠᠭ᠎ᠠ ᠭᠠᠷᠤᠭᠰᠠᠨ ᠪᠣᠯᠤᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠠᠭᠤᠷ ᠠᠮᠢᠰᠬᠤᠯ ᠤᠨ ᠥᠭᠡᠷᠡᠴᠢᠯᠡᠯᠲᠡ ᠬᠦᠮᠦᠨ ᠲᠥᠷᠥᠯᠬᠢᠲᠡᠨ ᠦ ᠠᠮᠢᠳᠤᠷᠠᠯ ᠳᠤ ᠠᠶᠤᠯ ᠤᠨ ᠬᠠᠷᠠᠩ᠋ᠭ᠎ᠠ ᠳᠡᠯᠡᠳᠴᠦ᠂ ᠡᠬᠡ ᠳᠡᠯᠡᠬᠡᠢ ᠢᠢᠨ ᠣᠷᠣᠰᠢᠨ ᠲᠣᠭᠲᠠᠨᠢᠬᠤᠢ ᠳᠤ ᠲᠦᠭᠰᠢᠭᠦᠷᠢ ᠢᠢᠨ ᠳᠣᠬᠢᠶ᠎ᠠ ᠬᠠᠩ᠋ᠭᠢᠨᠠᠭᠤᠯᠵᠤ ᠪᠠᠢᠢᠨ᠎ᠠ᠃

ᠬᠡᠷᠪᠡ ᠪᠢᠳᠡ ᠡᠬᠡ ᠳᠡᠯᠡᠬᠡᠢ ᠪᠡᠨ ᠬᠠᠮᠠᠭᠠᠯᠠᠬᠤ ᠡᠷᠡᠰ ᠰᠢᠢᠳᠮᠡᠭᠡᠢ ᠵᠠᠮ ᠢ ᠶᠠᠭ ᠣᠳᠣ ᠯᠠ ᠰᠣᠩ᠋ᠭᠣᠬᠤ ᠦᠭᠡᠢ ᠪᠣᠯ ᠡᠬᠡ ᠳᠡᠯᠡᠬᠡᠢ ᠴᠢᠨᠠᠭᠰᠢᠳᠠ ᠲᠠ ᠪᠢᠳᠡᠨ ᠦᠭᠡᠢ ᠪᠡᠷ ᠣᠷᠣᠰᠢᠨ ᠠᠮᠢᠳᠤᠷᠠᠬᠤ ᠥᠪᠡᠷ ᠦᠨ ᠵᠠᠮ ᠢᠶᠠᠨ ᠰᠤᠩ᠋ᠭᠤᠬᠤ ᠪᠣᠯᠤᠨ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ 《ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯᠠᠷᠠᠬᠢ ᠵᠠᠰᠠᠭ ᠤᠨ ᠭᠠᠵᠠᠷ ᠬᠣᠭᠣᠷᠣᠨᠳᠣ ᠢᠢᠨ ᠵᠥᠪᠯᠡᠯ》 ᠍ ᠦᠨ 2023 ᠣᠨ ᠤ ᠢᠯᠡᠳᠬᠡᠯ ᠦᠨ ᠳ᠋ᠦᠩ᠋ ᠢᠢᠡᠷ 《ᠴᠢᠨᠠᠭᠰᠢᠳᠠ ᠳᠡᠯᠡᠬᠡᠢ ᠢᠢᠨ ᠴᠠᠭ ᠠᠭᠠᠷ ᠬᠠᠭᠠᠰ ᠬᠡᠮ ᠢᠶᠡᠷ ᠳᠤᠯᠠᠭᠠᠷᠠᠬᠤ ᠳᠤ ᠯᠠ ᠶᠠᠳᠠᠭᠤᠷᠠᠯ ᠨᠡᠮᠡᠭᠳᠡᠵᠦ᠂ ᠬᠡᠲᠦ ᠬᠠᠯᠠᠯᠲᠠ ᠡᠭᠦᠰᠦᠨ᠂ ᠳᠠᠯᠠᠢ ᠢᠢᠨ ᠲᠦᠪᠰᠢᠨ ᠳᠡᠭᠡᠭ᠍ᠰᠢᠯᠡᠵᠦ᠂ ᠠᠮᠢᠳᠤᠷᠠᠬᠤ ᠣᠷᠴᠢᠨ ᠪᠣᠯᠤᠨ ᠱᠢᠷᠦᠨ ᠬᠠᠳᠠ ᠤᠰᠠᠳᠴᠤ᠂ ᠭᠠᠨ ᠭᠠᠴᠢᠭ ᠨᠢᠭᠤᠷᠯᠠᠬᠤ ᠪᠥᠭᠡᠳ ᠳᠡᠯᠡᠬᠡᠢ ᠢᠢᠨ ᠳᠤᠯᠠᠭᠠᠷᠠᠯ ᠤᠨ ᠥᠴᠥᠬᠡᠨ ᠬᠡᠮᠵᠢᠶ᠎ᠡ ᠪᠦᠬᠦᠨ ᠬᠡᠮᠵᠢᠶᠡᠯᠡᠰᠢ ᠦᠭᠡᠢ ᠶᠡᠬᠡ ᠥᠷᠲᠡᠭ ᠲᠡᠢ ᠪᠠᠢᠢᠬᠤ ᠪᠣᠯᠤᠨ᠎ᠠ》 ᠭᠡᠳᠡᠭ ᠢ ᠣᠨᠴᠠᠯᠠᠨ ᠰᠠᠨᠠᠭᠤᠯᠵᠠᠢ᠃

ᠡᠢᠢᠮᠦ ᠡᠴᠡ ᠳᠡᠯᠡᠬᠡᠢ ᠢᠢᠨ ᠤᠯᠤᠰ ᠣᠷᠣᠨ ᠨᠤᠭᠤᠳ ᠤᠨ ᠵᠠᠰᠠᠭ ᠤᠨ ᠭᠠᠵᠠᠷ ᠤᠳ ᠨᠡᠩ ᠶᠠᠭᠠᠷᠠᠯᠲᠠᠢ ᠠᠷᠭ᠎ᠠ ᠬᠡᠮᠵᠢᠶ᠎ᠡ ᠠᠪᠴᠤ ᠫᠠᠷᠢᠰ ᠤᠨ ᠭᠡᠷ᠎ᠡ ᠢᠢ ᠬᠡᠷᠡᠭᠵᠢᠭᠦᠯᠬᠦ ᠢᠢᠨ ᠲᠥᠯᠥᠭᠡ ᠲᠤᠭᠤᠱᠢᠲᠠᠢ ᠠᠵᠢᠯᠯᠠᠵᠤ᠂ ᠡᠷᠳᠡᠮᠲᠡᠨ ᠰᠤᠳᠤᠯᠤᠭᠠᠴᠢᠳ ᠤᠨ ᠦᠭᠡ ᠢᠢ ᠰᠣᠨᠣᠰᠴᠤ᠂ ᠣᠯᠠᠨ ᠨᠡᠢᠢᠲᠡ ᠢᠢᠨ ᠮᠡᠳᠡᠯᠭᠡ᠂ ᠪᠣᠯᠪᠠᠰᠤᠷᠠᠯ ᠢ ᠰᠠᠢᠢᠵᠢᠷᠠᠭᠤᠯᠬᠤ᠂ ᠪᠦᠬᠦ ᠲᠥᠷᠥᠯ ᠦᠨ ᠨᠥᠭᠡᠴᠡ ᠢᠢᠨ ᠬᠡᠷᠡᠭᠯᠡᠭᠡ ᠪᠡᠨ ᠬᠢᠨᠠᠵᠤ ᠵᠣᠬᠢᠴᠠᠭᠤᠯᠬᠤ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠢ ᠬᠠᠳᠠᠭᠠᠯᠠᠵᠤ᠂ ᠨᠥᠬᠥᠨ ᠰᠡᠷᠭᠦᠭᠡᠬᠦ᠂ ᠰᠡᠷᠭᠡᠭ᠍ᠳᠡᠬᠦ ᠡᠷᠴᠢᠮ ᠬᠦᠴᠦᠨ ᠦ ᠡᠬᠡ ᠡᠭᠦᠰᠪᠦᠷᠢ ᠨᠦᠭᠦᠳ ᠢ ᠠᠰᠢᠭᠯᠠᠬᠤ ᠵᠡᠷᠭᠡ ᠪᠠᠢᠢᠭᠠᠯᠢ ᠡᠺᠣᠯᠣᠭᠢ ᠤᠨ ᠬᠤᠪᠢ ᠳᠤ ᠡᠭᠡᠯᠢᠲᠡᠢ᠂ ᠡᠳ᠋ ᠍ ᠦᠨ ᠵᠠᠰᠠᠭ ᠤᠨ ᠬᠤᠪᠢ ᠳᠤ ᠦᠷ᠎ᠡ ᠠᠰᠢᠭ ᠲᠠᠢ ᠲᠧᠭᠨᠣᠯᠣᠭᠢ ᠢᠢ ᠬᠥᠭ᠍ᠵᠢᠭᠦᠯᠬᠦ᠂ ᠬᠡᠷᠡᠭᠯᠡᠬᠦ᠂ ᠠᠭᠤᠷ ᠠᠮᠢᠰᠬᠤᠯ ᠤᠨ ᠰᠠᠩᠬᠦᠵᠢᠯᠲᠡ ᠢᠢ ᠡᠷᠡᠰ ᠨᠡᠮᠡᠭᠳᠡᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠡᠨᠡ ᠴᠤ ᠡᠭᠦᠳᠡᠨ ᠡᠴᠡ ᠮᠣᠩ᠋ᠭᠣᠯ ᠤᠯᠤᠰ ᠭᠠᠳᠠᠭᠠᠳᠤ᠂ ᠳᠣᠲᠣᠭᠠᠳᠤ ᠢᠢᠨ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ ᠳᠥ ᠴᠢᠭᠯᠡᠭᠰᠡᠨ ᠬᠠᠤᠯᠢ ᠲᠣᠭᠲᠠᠭᠠᠮᠵᠢ ᠢᠢᠨ ᠲᠣᠮᠣᠬᠠᠨ ᠰᠢᠨᠡᠴᠢᠯᠡᠯ ᠬᠢᠭ᠍ᠰᠡᠨ ᠢᠶᠡᠷ 2023 ᠣᠨ ᠳᠤ 《ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠤᠨ ᠰᠠᠩᠬᠦᠵᠢᠯᠲᠡ ᠢᠢᠨ ᠲᠠᠺᠰᠠᠨᠨᠣᠮᠢ》 ᠍ ᠢ ᠪᠠᠲᠤᠯᠠᠵᠤ ᠴᠢᠳᠠᠭᠰᠠᠨ ᠳᠡᠯᠡᠬᠡᠢ ᠢᠢᠨ ᠠᠩᠬᠠᠳᠠᠭᠴᠢ ᠣᠷᠣᠨ ᠨᠤᠭᠤᠳ ᠤᠨ ᠨᠢᠭᠡ ᠪᠣᠯᠤᠭᠰᠠᠨ᠃

ᠮᠠᠨ ᠤ ᠤᠯᠤᠰ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠨᠦᠭᠦᠳ ᠢ ᠠᠮᠵᠢᠯᠲᠠ ᠲᠠᠢ ᠬᠡᠷᠡᠭᠵᠢᠭᠦᠯᠬᠦ ᠢᠢᠨ ᠵᠡᠷᠭᠡᠴᠡᠭᠡ ᠨᠣᠭᠣᠭᠠᠨ᠂ ᠴᠠᠬᠢᠮ᠂ ᠬᠦᠷᠲᠡᠭᠡᠮᠵᠢᠲᠡᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠵᠣᠷᠢᠯᠭ᠎ᠠ ᠪᠠᠷ 《ᠳᠡᠯᠡᠬᠡᠢ ᠢᠢᠨ ᠡᠺᠰᠫᠣᠷᠲ ᠢ ᠳᠡᠮᠵᠢᠬᠦ ᠴᠢᠭᠤᠯᠭ᠎ᠠ ᠠᠭᠤᠯᠵᠠᠯᠲᠠ》 ᠍ ᠢ ᠡᠬᠡ ᠣᠷᠣᠨ ᠳᠤ ᠪᠠᠨ ᠠᠮᠵᠢᠯᠲᠠᠲᠠᠢ ᠵᠣᠬᠢᠶᠠᠨ ᠪᠠᠢᠢᠭᠤᠯᠤᠭᠰᠠᠨ᠃

ᠲᠡᠭᠦᠨᠴᠢᠯᠡᠨ ᠳᠡᠯᠡᠬᠡᠢ ᠢᠢᠨ ᠰᠤᠶᠤᠯ ᠤᠨ ᠥᠪ ᠲᠥ ᠪᠦᠷᠢᠳᠬᠡᠭ᠍ᠳᠡᠭᠰᠡᠨ ᠣᠷᠬᠣᠨ ᠤ ᠬᠥᠨᠳᠡᠢ ᠳᠥ ᠮᠣᠩ᠋ᠭᠣᠯᠴᠤᠳ ᠤᠨ ᠡᠷᠲᠡᠨ ᠦ ᠨᠡᠢᠢᠰᠯᠡᠯ ᠬᠠᠷᠠᠬᠣᠷᠣᠮ ᠬᠣᠲᠠ ᠢᠢ ᠪᠠᠢᠢᠭᠠᠯᠢ ᠤᠷᠴᠢᠨ ᠳᠤ ᠡᠭᠡᠯᠢᠲᠡᠢ᠂ ᠨᠣᠭᠣᠭᠠᠨ ᠬᠥᠭ᠍ᠵᠢᠯ ᠳ᠋ᠦ ᠲᠤᠯᠭᠠᠭᠤᠷᠢᠯᠠᠭᠰᠠᠨ ᠤᠬᠠᠭᠠᠯᠢᠭ ᠡᠺᠣ ᠬᠣᠲᠠ ᠪᠣᠯᠭᠠᠨ ᠰᠡᠷᠭᠦᠭᠡᠨ ᠪᠠᠢᠢᠭᠤᠯᠬᠤ ᠶᠡᠬᠡ ᠪᠦᠲᠦᠭᠡᠨ ᠪᠠᠢᠢᠭᠤᠯᠤᠯᠲᠠ ᠢᠢᠨ ᠠᠵᠢᠯ ᠢ ᠡᠬᠢᠯᠡᠭᠦᠯᠦᠭᠡᠳ ᠪᠠᠢᠢᠨ᠎ᠠ᠃

ᠮᠥᠨ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨ᠋ᠼ ᠤᠨ ᠲᠠᠯ ᠠ ᠤᠳ ᠤᠨ 17 ᠳ᠋ᠤᠭᠠᠷ ᠪᠠᠭ᠎ᠠ ᠬᠤᠷᠠᠯ ᠢ 2026 ᠣᠨ ᠳᠤ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠬᠤ ᠪᠡᠯᠡᠳᠬᠡᠯ ᠠᠵᠢᠯ ᠢ ᠬᠠᠩ᠋ᠭᠠᠵᠤ ᠪᠠᠢᠢᠭ᠎ᠠ ᠪᠠᠨ ᠳᠠᠭᠤᠯᠭᠠᠬᠤ ᠳᠤ ᠲᠠᠭᠠᠲᠠᠢ ᠪᠠᠢᠢᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠦᠷᠢᠶᠡᠨ ᠳᠥ ᠳᠠᠯᠠᠢ ᠳᠤ ᠭᠠᠷᠤᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ (ᠳᠠ‍᠂ ᠭᠠ‍᠂ᠬᠥ᠂ᠤ ) ᠍ ᠤᠨ ᠠᠰᠢᠭ ᠰᠣᠨᠢᠷᠬᠠᠯ ᠢ ᠬᠠᠮᠠᠭᠠᠯᠠᠬᠤ ᠪᠤᠶᠤ ᠲᠤᠰᠬᠠᠢ ᠬᠡᠷᠡᠭᠴᠡᠭᠡ ᠱᠠᠭᠠᠷᠳᠠᠯᠭ᠎ᠠ ᠲᠠᠢ ᠤᠯᠤᠰ ᠣᠷᠣᠨ ᠨᠤᠭᠤᠳ ᠤᠨ ᠣᠨᠴᠠᠯᠢᠭ ᠪᠠᠢᠢᠳᠠᠯ ᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠲᠥ ᠲᠠᠨᠢᠯᠴᠠᠭᠤᠯᠬᠤ᠂ ᠪᠣᠯᠤᠮᠵᠢ ᠢᠢ ᠨᠡᠭᠡᠭᠡᠬᠦ ᠴᠢᠭᠯᠡᠯ ᠢᠶᠡᠷ ᠢᠳᠡᠪᠬᠢᠲᠡᠢ ᠠᠵᠢᠯᠯᠠᠳᠠᠭ᠃

ᠮᠠᠨ ᠤ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳ᠋ᠠᠬᠢ ᠳᠠᠯᠠᠢ ᠳᠤ ᠭᠠᠷᠤᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ ᠤᠨ ᠪᠦᠯᠦᠭ ᠦᠨ ᠳᠡᠳ᠋ ᠳᠠᠷᠤᠭ᠎ᠠ ᠪᠠᠷ ᠠᠵᠢᠯᠯᠠᠵᠤ᠂ ᠳᠡᠯᠡᠬᠡᠢ ᠢᠢᠨ ᠬᠤᠳᠠᠯᠳᠤᠭᠠᠨ ᠤ ᠪᠠᠢᠢᠭᠤᠯᠤᠯᠭ᠎ᠠ᠂ ᠣᠯᠠᠨ ᠤᠯᠤᠰ ᠤᠨ ᠢᠷᠭᠡᠨ ᠦ ᠠᠭᠠᠷ ᠤᠨ ᠲᠡᠭᠡᠭᠡᠪᠦᠷᠢ ᠢᠢᠨ ᠪᠠᠢᠢᠭᠤᠯᠤᠯᠭ᠎ᠠ ᠤᠨ ᠬᠦᠷᠢᠶᠡᠨ ᠳᠤ ᠳᠠᠯᠠᠢ ᠳᠤ ᠭᠠᠷᠤᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ᠍ ᠤᠨ ᠪᠦᠯᠦᠭ ᠢ ᠲᠤᠰ ᠲᠤᠰ ᠪᠠᠢᠢᠭᠤᠯᠬᠤ ᠰᠠᠨᠠᠭᠠᠴᠢᠯᠠᠭ᠎ᠠ ᠢᠢ ᠳᠡᠪᠰᠢᠭᠦᠯᠦᠨ ᠬᠡᠷᠡᠭᠵᠢᠭᠦᠯᠵᠦ ᠪᠠᠢᠢᠨ᠎ᠠ᠃

ᠲᠤᠬᠠᠢᠢᠯᠠᠪᠠᠯ᠂ 2022 ᠣᠨ ᠤ ᠶᠢᠰᠦᠳᠦᠭᠡᠷ ᠰᠠᠷ᠎ᠠ ᠳᠤ ᠺᠠᠨᠠᠳ᠋ ᠤᠯᠤᠰ ᠤᠨ ᠮᠣᠨᠷᠧᠠᠯᠢ ᠬᠣᠲᠠᠨ᠎ᠠ ᠪᠣᠯᠤᠭᠰᠠᠨ ᠣᠯᠠᠨ ᠤᠯᠤᠰ ᠤᠨ ᠢᠷᠭᠡᠨ ᠦ ᠨᠢᠰᠬᠦ ᠢᠢᠨ ᠪᠠᠢᠢᠭᠤᠯᠤᠯᠭ᠎ᠠ ᠤᠨ ᠠᠰᠰᠠᠮᠪᠯᠧᠢ ᠢᠢᠨ 41 ᠳ᠋ᠡᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠢᠢᠨ ᠦᠶ᠎ᠡ ᠪᠡᠷ ᠳᠠᠯᠠᠢ ᠳᠤ ᠭᠠᠷᠤᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠢᠷᠭᠡᠨ ᠦ ᠨᠢᠰᠬᠦ ᠢᠢᠨ ᠰᠠᠯᠪᠤᠷᠢ ᠢᠢ ᠳᠡᠮᠵᠢᠬᠦ ᠲᠤᠬᠠᠢ ᠠᠵᠢᠯ ᠤᠨ ᠪᠠᠷᠢᠮᠲᠠ ᠪᠢᠴᠢᠭ᠌》᠍ ᠢ ᠰᠠᠨᠠᠭᠠᠴᠢᠯᠠᠨ ᠬᠡᠯᠡᠯᠴᠡᠭᠦᠯᠵᠦ᠂ ᠭᠡᠰᠢᠭᠦᠨ ᠤᠯᠤᠰ ᠤᠳ ᠤᠨ ᠥᠷᠭᠡᠨ ᠳᠡᠮᠵᠢᠯᠭᠡ ᠢᠢ ᠬᠦᠯᠢᠶᠡᠭᠰᠡᠨ ᠪᠣᠯᠤᠨ᠎ᠠ᠃

ᠮᠣᠩ᠋ᠭᠣᠯ ᠤᠯᠤᠰ 2017 ᠣᠨ ᠳᠤ ᠤᠯᠠᠭᠠᠨᠪᠠᠭᠠᠲᠤᠷ ᠬᠣᠲᠠᠨ᠎ᠠ ᠰᠠᠨᠠᠭᠠᠴᠢᠯᠠᠨ ᠪᠠᠢᠢᠭᠤᠯᠤᠭᠰᠠᠨ᠂ ᠵᠠᠰᠠᠭ ᠤᠨ ᠭᠠᠵᠠᠷ ᠬᠣᠭᠣᠷᠣᠨᠳᠣ ᠢᠢᠨ ᠪᠠᠢᠢᠭᠤᠯᠤᠯᠭ᠎ᠠ ᠪᠣᠯᠬᠤ ᠳᠠᠯᠠᠢ ᠳᠤ ᠭᠠᠷᠤᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠬᠥᠭ᠍ᠵᠢᠭᠦᠯᠵᠦ ᠪᠡᠬᠢᠵᠢᠭᠦᠯᠬᠦ ᠢᠢ ᠴᠢᠬᠤᠯᠠᠴᠢᠯᠠᠨ ᠠᠩᠬᠠᠷᠳᠠᠭ᠃

ᠢᠷᠡᠬᠦ 2024 ᠣᠨ ᠳᠤ ᠷᠸᠠᠨ᠋ᠳᠠ ᠤᠯᠤᠰ ᠤᠨ ᠺᠢᠭᠠᠯᠢ ᠬᠣᠲᠠᠨ᠎ᠠ ᠪᠣᠯᠬᠤ ᠳᠠᠯᠠᠢ ᠳᠤ ᠭᠠᠷᠤᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ ᠤᠨ ᠠᠰᠠᠭᠤᠳᠠᠯᠠᠷᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠭᠤᠷᠪᠠᠳᠤᠭᠠᠷ ᠪᠠᠭ᠎ᠠ ᠬᠤᠷᠠᠯ ᠨᠢ ᠸᠸᠨ ᠤᠨ ᠦᠢᠯᠡ ᠠᠵᠢᠯᠯᠠᠭᠠᠨ ᠤ ᠬᠥᠲᠥᠯᠪᠦᠷᠢ ᠢᠢᠨ ᠦᠨᠡᠯᠡᠭᠡᠨ ᠦ ᠪᠣᠳᠠᠲᠤ ᠲᠤᠷᠰᠢᠯᠭ᠎ᠠ᠂ ᠰᠤᠷᠭᠠᠮᠵᠢ ᠳᠤ ᠲᠤᠯᠭᠠᠭᠤᠷᠢᠯᠠᠨ ᠳᠠᠯᠠᠢ ᠳᠤ ᠭᠠᠷᠤᠴᠠ ᠦᠭᠡᠢ ᠤᠯᠤᠰ ᠤᠳ ᠤᠨ ᠬᠥᠭ᠍ᠵᠢᠯ ᠦᠨ ᠳᠠᠷᠤᠭ᠎ᠠ ᠢᠢᠨ 10 ᠵᠢᠯ ᠦᠨ ᠲᠥᠯᠥᠪᠯᠡᠭᠡ ᠢᠢ ᠬᠡᠯᠡᠯᠴᠡᠨ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠳᠡᠭ ᠲᠥ ᠪᠢᠳᠡ ᠢᠲᠡᠭᠡᠵᠦ ᠪᠠᠢᠢᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 78 ᠳ᠋ᠤᠭᠠᠷ ᠴᠢᠭᠤᠯᠭᠠᠨ ᠢᠶᠠᠷ ᠡᠷᠡᠭᠦᠯ ᠮᠡᠨᠳᠦ ᠢᠢᠨ ᠠᠰᠠᠭᠤᠳᠠᠯ ᠳᠤ ᠳᠡᠯᠡᠬᠡᠢ ᠨᠡᠢᠢᠲᠡ ᠢᠢᠨ ᠠᠩᠬᠠᠷᠤᠯ ᠢ ᠬᠠᠨᠳᠤᠭᠤᠯᠵᠤ᠂ ᠪᠦᠬᠦ ᠨᠡᠢᠢᠲᠡ ᠢᠢ ᠡᠷᠡᠭᠦᠯ ᠮᠡᠨᠳᠦ ᠢᠢᠨ ᠳᠠᠭᠠᠳᠬᠠᠯ ᠳᠤ ᠬᠠᠮᠤᠷᠤᠭᠤᠯᠬᠤ᠂ ᠴᠠᠷ᠎ ᠲᠠᠬᠤᠯ ᠳᠤ ᠪᠡᠯᠡᠨ ᠪᠠᠢᠢᠬᠤ᠂ ᠤᠷᠢᠳᠴᠢᠯᠠᠨ ᠰᠡᠷᠭᠡᠢᠢᠯᠡᠬᠦ ᠪᠣᠯᠤᠨ ᠬᠠᠷᠢᠭᠤ ᠠᠷᠭ᠎ᠠ ᠬᠡᠮᠵᠢᠶ᠎ᠡ ᠠᠪᠬᠤ᠂ ᠰᠦᠷᠢᠶ᠎ᠡ ᠢᠢᠨ ᠠᠰᠠᠭᠤᠳᠠᠯ ᠢᠶᠠᠷ ᠥᠨᠳᠥᠷ ᠲᠦᠪᠰᠢᠨ ᠦ ᠭᠤᠷᠪᠠᠨ ᠠᠭᠤᠯᠵᠠᠯᠲᠠ ᠵᠣᠬᠢᠶᠠᠨ ᠪᠠᠢᠢᠭᠤᠯᠤᠨ᠂ ᠤᠯᠤᠰ ᠲᠥᠷᠥ ᠢᠢᠨ ᠲᠤᠩᠬᠠᠭᠯᠠᠯ ᠤᠳ ᠪᠠᠲᠤᠯᠠᠵᠤ ᠪᠠᠢᠢᠭ᠎ᠠ ᠨᠢ ᠳᠡᠭᠡᠷ ᠡ ᠬᠥ ᠴᠢᠭᠯᠡᠯ ᠢᠶᠡᠷ ᠭᠠᠷᠭᠠᠵᠤ ᠪᠤᠢ ᠣᠯᠠᠨ ᠤᠯᠤᠰ ᠤᠨ ᠬᠦᠴᠦᠨ ᠴᠢᠷᠮᠠᠢᠢᠯᠲᠠ ᠳᠤ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠲᠥᠯᠪᠦᠷᠢ ᠲᠥ ᠳᠡᠭᠡᠷ ᠡ ᠬᠥ ᠠᠭᠤᠯᠵᠠᠯᠲᠠ ᠨᠤᠭᠤᠳ ᠠᠴᠠ ᠭᠠᠷᠬᠤ ᠵᠣᠷᠢᠯᠲᠠ ᠨᠤᠭᠤᠳ ᠢ ᠲᠤᠰᠬᠠᠨ ᠬᠡᠷᠡᠭᠵᠢᠭᠦᠯᠬᠦ ᠪᠣᠯᠤᠨ᠎ᠠ᠃

ᠮᠣᠩ᠋ᠭᠣᠯ ᠤᠯᠤᠰ ᠳᠡᠯᠡᠬᠡᠢ ᠢᠢᠨ ᠡᠷᠡᠭᠦᠯ ᠮᠡᠨᠳᠦ ᠢᠢᠨ ᠠᠰᠰᠠᠮᠪᠯᠧᠢ ᠢᠢᠨ 2 ᠳ᠋ᠠᠬᠢ ᠲᠤᠰᠬᠠᠢ ᠴᠢᠭᠤᠯᠭᠠᠨ ᠢᠶᠠᠷ ᠭᠠᠷᠭᠠᠭᠰᠠᠨ ᠰᠢᠢᠳᠪᠦᠷᠢ ᠢᠢᠨ ᠳᠠᠭᠠᠭᠤ 《ᠴᠠᠷ᠎ ᠲᠠᠬᠤᠯ ᠠᠴᠠ ᠤᠷᠢᠳᠴᠢᠯᠠᠨ ᠰᠡᠷᠭᠡᠢᠢᠯᠡᠬᠦ᠂ ᠪᠡᠯᠡᠨ ᠪᠠᠢᠢᠳᠠᠯ ᠢ ᠬᠠᠩ᠋ᠭᠠᠬᠤ᠂ ᠬᠠᠷᠢᠭᠤ ᠠᠷᠭ᠎ᠠ ᠬᠡᠮᠵᠢᠶ᠎ᠡ ᠠᠪᠬᠤ ᠲᠤᠬᠠᠢ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ (ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ) ᠍ ᠠᠴᠠ ᠪᠠᠲᠤᠯᠠᠬᠤ ᠣᠯᠠᠨ ᠤᠯᠤᠰ ᠤᠨ ᠡᠷᠬᠡ ᠵᠦᠢ ᠢᠢᠨ ᠪᠠᠷᠢᠮᠲᠠ ᠪᠢᠴᠢᠭ᠌》 ᠍ ᠦᠨ ᠲᠥᠰᠥᠯ ᠢ ᠪᠣᠯᠪᠠᠰᠤᠷᠠᠭᠤᠯᠬᠤ ᠶᠠᠷᠢᠶ᠎ᠠ ᠬᠡᠯᠡᠯᠴᠡᠭᠡ ᠢᠢ ᠪᠦᠷᠢᠨ ᠳᠡᠮᠵᠢᠵᠦ᠂ ᠬᠤᠪᠢ ᠨᠡᠮᠡᠷᠢ ᠪᠡᠨ ᠣᠷᠣᠭᠤᠯᠤᠨ ᠠᠵᠢᠯᠯᠠᠬᠤ ᠪᠠᠨ ᠢᠯᠡᠷᠬᠡᠢᠢᠯᠡᠵᠦ ᠪᠠᠢᠢᠨ᠎ᠠ᠃

ᠣᠯᠠᠨ ᠤᠯᠤᠰ ᠤᠨ ᠡᠷᠬᠡ ᠵᠦᠢ ᠢᠢᠨ ᠡᠨᠡ ᠬᠦ ᠪᠠᠷᠢᠮᠲᠠ ᠪᠢᠴᠢᠭ᠌ ᠢ ᠪᠠᠢᠢᠭᠤᠯᠤᠭᠰᠠᠨ ᠢᠶᠠᠷ ᠲᠠᠬᠤᠯ ᠡᠪᠡᠳᠴᠢᠨ ᠲᠡᠢ ᠲᠡᠮᠡᠴᠡᠬᠦ ᠳᠥ ᠨᠡᠩ ᠱᠠᠭᠠᠷᠳᠠᠯᠭ᠎ᠠ ᠲᠠᠢ ᠸᠠᠺᠼᠢᠨ᠂ ᠡᠮᠴᠢᠯᠡᠭᠡ᠂ ᠣᠨᠣᠰᠢᠯᠠᠭ᠎ᠠ ᠢᠢ ᠳᠡᠯᠡᠬᠡᠢ ᠢᠢᠨ ᠬᠦᠮᠦᠨ ᠠᠮᠠ ᠳᠤ ᠢᠯᠡᠭᠦᠦ ᠲᠡᠭᠰᠢ᠂ ᠬᠦᠷᠲᠡᠭᠡᠮᠵᠢᠲᠡᠢ ᠬᠤᠪᠢᠶᠠᠷᠢᠯᠠᠬᠤ ᠳᠤ ᠴᠢᠬᠤᠯᠠ ᠠᠴᠢ ᠬᠣᠯᠪᠣᠭᠳᠠᠯ ᠲᠠᠢ ᠪᠣᠯᠤᠨ᠎ᠠ ᠭᠡᠳᠡᠭ ᠲᠥ ᠢᠲᠡᠭᠡᠵᠦ ᠪᠠᠢᠢᠨ᠎ᠠ᠃

ᠳᠡᠯᠡᠬᠡᠢ ᠳᠠᠬᠢᠨ ᠢ ᠬᠠᠮᠤᠷᠤᠭᠰᠠᠨ ᠴᠠᠷ᠎ ᠲᠠᠬᠤᠯ ᠤᠨ ᠬᠦᠨᠳᠦ ᠴᠠᠭ ᠦᠶ᠎ᠡ ᠢᠢ ᠬᠦᠮᠦᠨ ᠲᠥᠷᠥᠯᠬᠢᠲᠡᠨ ᠬᠣᠬᠢᠷᠠᠯ ᠪᠠᠭ᠎ᠠ ᠲᠠᠢ ᠳᠠᠪᠠᠨ ᠲᠤᠭᠤᠯᠬᠤ ᠳᠤ ᠣᠨᠴᠤᠭᠤᠢ ᠡᠭᠦᠷᠭᠡ ᠭᠦᠢᠴᠡᠳᠭᠡᠭ᠍ᠰᠡᠨ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠪᠣᠯᠤᠨ ᠳᠡᠯᠡᠬᠡᠢ ᠢᠢᠨ ᠥᠨᠴᠥᠭ ᠪᠤᠯᠤᠨ ᠪᠦᠷᠢ ᠲᠥ ᠬᠦᠮᠦᠨ ᠲᠥᠷᠥᠯᠬᠢᠲᠡᠨ ᠦ ᠠᠮᠢ ᠨᠠᠰᠤ᠂ ᠡᠷᠡᠭᠦᠯ ᠮᠡᠨᠳᠦ ᠢᠢᠨ ᠲᠥᠯᠥᠭᠡ ᠥᠪᠡᠷ ᠦᠨ ᠠᠮᠢ ᠨᠠᠰᠤ ᠪᠠᠨ ᠦᠯᠦ ᠬᠠᠢᠢᠷᠠᠯᠠᠨ ᠬᠦᠴᠦᠨ ᠵᠢᠳᠬᠦᠭ᠍ᠰᠡᠨ ᠲᠤᠰ ᠪᠠᠢᠢᠭᠤᠯᠤᠯᠭ᠎ᠠ ᠤᠨ ᠪᠦᠬᠦ ᠠᠵᠢᠯᠲᠠᠨ᠂ ᠠᠯᠪᠠᠨ ᠬᠠᠭᠠᠭᠴᠢᠳ ᠲᠤ᠂ ᠮᠥᠨ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠤᠨ ᠶᠡᠷᠦᠩᠬᠡᠢ ᠵᠠᠬᠢᠷᠤᠯ᠂ ᠳ᠋ᠣᠺᠲ᠋ᠣᠷ ᠲᠡᠳ᠋ᠷᠣᠰ ᠠ᠊᠂ ᠭᠧᠪᠷᠧᠢᠧᠰᠤᠢᠰ ᠲᠠᠨ ᠳ᠋ᠤ ᠮᠣᠩ᠋ᠭᠣᠯ ᠤᠨ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ᠎ᠡ᠃

ᠴᠢᠨᠠᠭᠰᠢᠳᠠ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠤᠨ ᠡᠭᠦᠷᠭᠡ ᠣᠷᠣᠯᠴᠠᠭ᠎ᠠ᠂ ᠪᠠᠢᠢᠷᠢ ᠰᠠᠭᠤᠷᠢ ᠢᠢ ᠪᠡᠬᠢᠵᠢᠭᠦᠯᠬᠦ᠂ ᠦᠢᠯᠡ ᠠᠵᠢᠯᠯᠠᠭᠠᠨ ᠤ ᠴᠠᠷ ᠬᠦᠷᠢᠢ ᠡ ᠢᠢ ᠨᠢ ᠥᠷᠭᠡᠵᠢᠭᠦᠯᠬᠦ ᠳᠥ ᠪᠦᠬᠦ ᠲᠠᠯ᠎ᠠ ᠪᠠᠷ ᠳᠡᠮᠵᠢᠨ ᠬᠠᠮᠲᠤᠷᠠᠨ ᠠᠵᠢᠯᠯᠠᠬᠤ ᠢᠢ ᠭᠡᠰᠢᠭᠦᠨ ᠤᠯᠤᠰ ᠣᠷᠣᠨ ᠨᠤᠭᠤᠳ ᠲᠤ ᠤᠷᠢᠶᠠᠯᠠᠵᠤ ᠪᠠᠢᠢᠨ᠎ᠠ᠃
ᠡᠷᠬᠢᠮ ᠴᠢᠭᠤᠯᠭᠠᠨ ᠤ ᠳᠠᠷᠤᠭ᠎ᠠ ᠠ᠂

ᠡᠨᠡ ᠵᠢᠯ ᠬᠦᠮᠦᠨ ᠦ ᠡᠷᠬᠡ ᠢᠢᠨ ᠲᠦᠭᠡᠮᠡᠯ ᠲᠤᠩᠬᠠᠭᠯᠠᠯ ᠢ ᠪᠠᠲᠤᠯᠠᠭᠰᠠᠨ ᠤ 75 ᠵᠢᠯ ᠦᠨ ᠣᠢ ᠲᠣᠬᠢᠶᠠᠵᠤ ᠪᠠᠢᠢᠨ᠎ᠠ᠃

ᠬᠦᠮᠦᠨ ᠦ ᠡᠷᠬᠡ᠂ ᠡᠷᠬᠡ ᠴᠢᠯᠦᠭᠡ᠂ ᠰᠢᠳᠤᠷᠭᠤ ᠶᠣᠰᠣ ᠢᠢ ᠡᠷᠬᠢᠮᠯᠡᠭᠴᠢ᠂ ᠠᠷᠠᠳᠴᠢᠯᠠᠭᠰᠠᠨ ᠮᠣᠩ᠋ᠭᠣᠯ ᠤᠯᠤᠰ ᠲᠥᠷᠥ᠂ ᠨᠡᠢᠢᠭᠡᠮ᠂ ᠰᠤᠶᠤᠯ᠂ ᠡᠳ᠋ ᠍ ᠦᠨ ᠵᠠᠰᠠᠭ ᠤᠨ ᠴᠢᠭᠯᠡᠯ ᠢᠶᠡᠷ ᠬᠦᠮᠦᠨ ᠦ ᠡᠷᠬᠡ ᠢᠢ ᠬᠠᠩ᠋ᠭᠠᠬᠤ᠂ ᠵᠧᠨᠳᠡᠷ ᠦᠨ ᠲᠡᠭᠰᠢ ᠡᠷᠬᠡ ᠢᠢ ᠪᠠᠲᠤᠯᠠᠭᠠᠵᠢᠭᠤᠯᠤᠭᠰᠠᠨ ᠵᠠᠷᠴᠢᠮ ᠢ ᠦᠨᠳᠦᠰᠦᠨ ᠬᠠᠤᠯᠢ ᠳ᠋ᠤ ᠪᠡᠨ ᠲᠤᠩᠬᠠᠭᠯᠠᠭᠰᠠᠨ᠃

ᠵᠧᠨᠳᠧᠷ ᠦᠨ ᠲᠡᠭᠰᠢ ᠪᠤᠰᠤ ᠪᠠᠢᠢᠳᠠᠯ ᠠᠴᠠ ᠠᠩ᠋ᠭᠢᠳᠠ ᠳᠡᠯᠡᠬᠡᠢ ᠶᠢᠷᠲᠢᠨᠴᠦ ᠢᠢ ᠪᠤᠢ ᠪᠣᠯᠭᠠᠬᠤ ᠨᠢ ᠪᠢᠳᠡᠨ ᠦ ᠨᠡᠢᠢᠲᠡᠯᠢᠭ ᠵᠣᠷᠢᠯᠭ᠎ᠠ ᠪᠥᠭᠡᠳ ᠡᠭᠦᠨ ᠦ ᠲᠥᠯᠥᠭᠡ ᠬᠠᠮᠲᠤᠷᠠᠨ ᠠᠵᠢᠯᠯᠠᠬᠤ ᠨᠢ ᠪᠢᠳᠡᠨ ᠦ ᠬᠠᠮᠲᠤ ᠢᠢᠨ ᠡᠭᠦᠷᠭᠡ᠂ ᠬᠠᠷᠢᠭᠤᠴᠠᠯᠭ᠎ᠠ ᠶᠤᠮ᠃

ᠠᠯᠢᠪᠠ ᠤᠯᠤᠰ ᠦᠨᠳᠦᠰᠦᠲᠡᠨ ᠦ ᠡᠪ ᠨᠠᠢᠢᠷᠠᠮᠳᠠᠯ᠂ ᠬᠥᠭ᠍ᠵᠢᠯ ᠴᠡᠴᠡᠭᠯᠡᠯᠲᠡ᠂ ᠭᠡᠷ ᠪᠦᠯᠢ ᠢᠢᠨ ᠰᠠᠢᠢᠨ ᠰᠠᠢᠢᠬᠠᠨ ᠪᠦᠬᠦᠨ ᠳᠥ ᠡᠮᠡᠭᠲᠡᠢᠢᠴᠦᠳ ᠦᠨ ᠡᠭᠦᠷᠭᠡ᠂ ᠣᠷᠣᠯᠴᠠᠭ᠎ᠠ ᠣᠨᠴᠤᠭᠤᠢ ᠴᠢᠬᠤᠯᠠ ᠪᠠᠢᠢᠳᠠᠭ ᠤᠨ ᠠᠳᠢᠯᠢ ᠬᠦᠮᠦᠨ ᠲᠥᠷᠥᠯᠬᠢᠲᠡᠨ ᠦ ᠠᠶᠤᠯ ᠦᠭᠡᠢ ᠪᠠᠢᠢᠳᠠᠯ᠂ ᠬᠥᠭ᠍ᠵᠢᠯ ᠳᠡᠪᠰᠢᠯ ᠳᠥ ᠡᠮᠡᠭᠲᠡᠢᠢᠴᠦᠳ᠂ ᠡᠮᠡᠭᠲᠡᠢ ᠤᠳᠤᠷᠢᠳᠤᠭᠴᠢᠳ ᠤᠨ ᠡᠭᠦᠷᠭᠡ ᠣᠷᠣᠯᠴᠠᠭ᠎ᠠ ᠠᠰᠤᠷᠤ ᠴᠢᠬᠤᠯᠠ ᠶᠤᠮ᠃

ᠮᠣᠩ᠋ᠭᠣᠯ ᠤᠯᠤᠰ ᠥᠩ᠋ᠭᠡᠷᠡᠭᠰᠡᠨ ᠵᠢᠷᠭᠤᠭᠠᠳᠤᠭᠠᠷ ᠰᠠᠷ᠎ᠠ ᠳᠤ ᠭᠠᠳᠠᠭᠠᠳᠤ ᠬᠡᠷᠡᠭ ᠦᠨ ᠡᠮᠡᠭᠲᠡᠢ ᠰᠠᠢᠢᠳ ᠨᠠᠷ ᠤᠨ ᠠᠭᠤᠯᠵᠠᠯᠲᠠ ᠢᠢ ᠡᠬᠡ ᠣᠷᠣᠨ ᠳᠤ ᠪᠠᠨ ᠠᠮᠵᠢᠯᠲᠠᠲᠠᠢ ᠵᠣᠬᠢᠶᠠᠨ ᠪᠠᠢᠢᠭᠤᠯᠤᠭᠰᠠᠨ ᠪᠥᠭᠡᠳ ᠬᠦᠮᠦᠨ ᠲᠥᠷᠥᠯᠬᠢᠲᠡᠨ ᠦ ᠡᠮᠦᠨ᠎ᠡ ᠪᠣᠯᠤᠨ ᠣᠯᠠᠨ ᠤᠯᠤᠰ ᠤᠨ ᠬᠠᠷᠢᠯᠴᠠᠭᠠᠨ ᠳᠤ ᠲᠤᠯᠭᠠᠮᠳᠠᠵᠤ ᠪᠤᠢ ᠳᠡᠯᠡᠬᠡᠢ ᠨᠡᠢᠢᠲᠡ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠬᠦᠨᠡᠰᠦᠨ ᠦ ᠠᠶᠤᠯ ᠦᠭᠡᠢ ᠪᠠᠢᠢᠳᠠᠯ ᠵᠡᠷᠭᠡ ᠠᠰᠠᠭᠤᠳᠠᠯ ᠤᠨ ᠰᠢᠢᠳᠦᠯ ᠢ ᠨᠤᠬᠤᠴᠠᠲᠠᠢ ᠬᠡᠯᠡᠯᠴᠡᠵᠦ᠂ 《ᠤᠯᠠᠭᠠᠨᠪᠠᠭᠠᠲᠤᠷ ᠤᠨ ᠲᠤᠩᠬᠠᠭᠯᠠᠯ》 ᠬᠡᠮᠡᠬᠦ ᠲᠡᠭᠦᠰᠬᠡᠯ ᠦᠨ ᠪᠠᠷᠢᠮᠲᠠ ᠪᠢᠴᠢᠭ᠌ ᠢ ᠪᠠᠲᠤᠯᠠᠭᠰᠠᠨ᠃

ᠪᠢᠳᠡ ᠡᠨᠡ ᠬᠦ ᠠᠮᠵᠢᠯᠲᠠ ᠪᠠᠨ ᠠᠬᠢᠭᠤᠯᠵᠤ᠂ 2024 ᠣᠨ ᠳᠤ 《ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ》 ᠍ ᠢᠢ ᠮᠣᠩ᠋ᠭᠣᠯ ᠤᠯᠤᠰ ᠲᠤ ᠵᠣᠬᠢᠶᠠᠨ ᠪᠠᠢᠢᠭᠤᠯᠬᠤ ᠰᠠᠨᠠᠯ ᠢ ᠳᠡᠪᠰᠢᠭᠦᠯᠦᠨ ᠠᠵᠢᠯᠯᠠᠵᠤ ᠪᠠᠢᠢᠨ᠎ᠠ᠃

ᠤᠭ ᠰᠠᠨᠠᠭᠠᠴᠢᠯᠠᠭ᠎ᠠ ᠢᠢ ᠳᠡᠮᠵᠢᠨ ᠬᠠᠮᠲᠤᠷᠠᠨ ᠠᠵᠢᠯᠯᠠᠬᠤ ᠢᠢ ᠳᠡᠯᠡᠬᠡᠢ ᠢᠢᠨ ᠤᠯᠤᠰ ᠣᠷᠣᠨ ᠨᠤᠭᠤᠳ ᠲᠤ ᠤᠷᠢᠶᠠᠯᠠᠵᠤ ᠪᠠᠢᠢᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠣᠯᠠᠨ ᠤᠯᠤᠰ ᠤᠨ ᠬᠠᠷᠢᠯᠴᠠᠭᠠᠨ ᠤ ᠳᠢᠭ᠌ ᠵᠢᠷᠤᠮ᠂ ᠬᠡᠮ ᠬᠡᠮᠵᠢᠶ᠎ᠡ ᠡᠷᠡᠰ ᠥᠭᠡᠷᠡᠴᠢᠯᠡᠭᠳᠡᠵᠦ ᠪᠤᠢ ᠡᠨᠡ ᠴᠠᠭ ᠦᠶ᠎ᠡ ᠳᠥ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠭᠦᠢᠴᠡᠳᠭᠡᠬᠦ ᠡᠭᠦᠷᠭᠡ ᠣᠷᠣᠯᠴᠠᠭ᠎ᠠ᠂ ᠠᠴᠢ ᠬᠣᠯᠪᠣᠭᠳᠠᠯ ᠤᠯᠠᠮ ᠪᠦᠷᠢ ᠨᠡᠮᠡᠭᠳᠡᠵᠦ ᠪᠠᠢᠢᠨ᠎ᠠ᠃

ᠡᠢᠢᠮᠦ ᠡᠴᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠰᠢᠨᠡᠴᠢᠯᠡᠯ ᠢ ᠡᠷᠴᠢᠮᠵᠢᠭᠦᠯᠬᠦ᠂ ᠢᠯᠠᠩ᠋ᠭᠤᠶ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ ᠰᠢᠨᠡᠴᠢᠯᠡᠯ ᠦᠨ ᠶᠠᠷᠢᠶ᠎ᠠ ᠬᠡᠯᠡᠯᠴᠡᠭᠡ ᠢᠢ ᠤᠷᠤᠭᠰᠢᠯᠠᠭᠤᠯᠬᠤ ᠳᠤ ᠭᠡᠰᠢᠭᠦᠨ ᠤᠯᠤᠰ ᠣᠷᠣᠨ ᠨᠤᠭᠤᠳ ᠢᠳᠡᠪᠬᠢ ᠰᠠᠨᠠᠭᠠᠴᠢᠯᠭ᠎ᠠ ᠲᠠᠢ ᠤᠷᠤᠯᠴᠠᠬᠤ ᠨᠢ ᠴᠢᠬᠤᠯᠠ ᠬᠡᠮᠡᠨ ᠮᠣᠩ᠋ᠭᠣᠯ ᠤᠯᠤᠰ ᠦᠵᠡᠵᠦ ᠪᠠᠢᠢᠨ᠎ᠠ᠃

ᠢᠷᠡᠬᠦ 2024 ᠣᠨ ᠤ ᠶᠢᠰᠦᠳᠦᠭᠡᠷ ᠰᠠᠷ᠎ᠠ ᠳᠤ 《ᠰᠠᠢᠢᠨ ᠰᠠᠢᠢᠬᠠᠨ ᠢᠷᠡᠭᠡᠳᠦᠢ ᠢᠢᠨ ᠲᠥᠯᠦᠭᠡᠬᠢ ᠣᠯᠠᠨ ᠲᠠᠯᠠᠲᠤ ᠬᠠᠮᠲᠤ ᠢᠢᠨ ᠠᠵᠢᠯᠯᠠᠭᠠᠨ ᠤ ᠰᠢᠢᠳᠦᠯ ᠦᠳ》 ᠰᠡᠳᠦᠪ ᠦᠨ ᠳᠣᠣᠷ᠎ᠠ ᠪᠣᠯᠬᠤ ᠢᠷᠡᠭᠡᠳᠦᠢ ᠢᠢᠨ ᠠᠰᠠᠭᠤᠳᠠᠯᠠᠷᠠᠬᠢ ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ ᠨᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠦᠷᠢᠮ ᠦᠨ ᠵᠠᠷᠴᠢᠮ ᠤᠳ ᠢ ᠪᠠᠲᠤᠳᠬᠠᠬᠤ᠂ ᠣᠯᠠᠨ ᠲᠠᠯᠠᠲᠤ ᠬᠠᠮᠲᠤ ᠢᠢᠨ ᠠᠵᠢᠯᠯᠠᠭᠠᠨ ᠤ ᠦᠵᠡᠯ ᠰᠠᠨᠠᠭ᠎ᠠ ᠢᠢ ᠰᠡᠷᠭᠦᠭᠡᠬᠦ᠂ ᠠᠪᠤᠭᠰᠠᠨ ᠠᠮᠠᠯᠠᠯᠲᠠ ᠨᠤᠭᠤᠳ ᠢ ᠪᠡᠶᠡᠯᠡᠭᠦᠯᠬᠦ᠂ ᠳᠡᠯᠡᠬᠡᠢ ᠨᠡᠢᠢᠲᠡ ᠢᠢᠨ ᠡᠮᠦᠨ᠎ᠡ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠠᠷᠭ᠎ᠠ ᠵᠠᠮ ᠢ ᠡᠷᠦᠯᠬᠢᠯᠡᠬᠦ᠂ ᠭᠡᠰᠢᠭᠦᠨ ᠣᠷᠣᠨ ᠨᠤᠭᠤᠳ ᠤᠨ ᠳᠤᠮᠳᠠ ᠢᠲᠡᠭᠡᠯᠴᠡᠯ ᠢ ᠪᠡᠬᠢᠵᠢᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠠᠷᠭ᠎ᠠ ᠬᠡᠮᠵᠢᠶ᠎ᠡ ᠪᠣᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠥᠨᠥ ᠴᠠᠭ ᠲᠤ ᠤᠯᠤᠰ᠂ ᠦᠨᠳᠦᠰᠦᠲᠡᠨ ᠦ ᠪᠡᠨ ᠬᠤᠪᠢ ᠵᠠᠶᠠᠭ᠎ᠠ᠂ ᠬᠥᠭ᠍ᠵᠢᠯ ᠴᠡᠴᠡᠭᠯᠡᠯᠲᠡ ᠢᠢ ᠴᠢᠭᠯᠡᠭᠦᠯᠦᠨ ᠵᠠᠯᠠᠵᠤ ᠶᠠᠪᠤᠭ᠎ᠠ ᠤᠳᠤᠷᠢᠳᠤᠭᠴᠢ ᠲᠠ ᠪᠦᠬᠦᠨ ᠦ ᠢᠷᠡᠭᠡᠳᠦᠢ ᠬᠣᠢᠢᠴᠢ ᠦᠶ᠎ᠡ ᠢᠢᠨ ᠬᠢᠨ ᠦ ᠡᠷᠬᠡ ᠠᠰᠢᠭ ᠲᠤ ᠨᠡᠢᠢᠴᠡᠭᠰᠡᠨ᠂ ᠳᠡᠯᠡᠬᠡᠢ ᠳᠠᠬᠢᠨ ᠤ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠬᠦᠷᠢᠶᠡᠯᠡᠩ ᠪᠤᠢ ᠤᠷᠴᠢᠨ ᠳᠤ ᠡᠭᠡᠯᠢᠲᠡᠢ᠂ ᠠᠯᠤᠰ ᠢ ᠬᠠᠷᠠᠭᠰᠠᠨ ᠤᠬᠠᠭᠠᠯᠢᠭ ᠪᠣᠳᠣᠯᠭ᠎ᠠ᠂ ᠰᠠᠨᠠᠯ ᠰᠠᠨᠠᠭᠠᠴᠢᠯᠠᠭ᠎ᠠ ᠢᠢ ᠬᠦᠮᠦᠨ ᠲᠥᠷᠥᠯᠬᠢᠲᠡᠨ ᠬᠦᠯᠢᠶᠡᠵᠦ ᠪᠠᠢᠢᠭ᠎ᠠ ᠨᠢ ᠳᠠᠮᠵᠢᠭ ᠦᠭᠡᠢ᠃

ᠬᠦᠮᠦᠨ ᠲᠥᠷᠥᠯᠬᠢᠲᠡᠨ ᠦ ᠠᠮᠤᠷ ᠠᠮᠤᠭᠤᠯᠠᠩ᠂ ᠳᠠᠶᠠᠩ ᠳᠡᠯᠡᠬᠡᠢ ᠢᠢᠨ ᠡᠩᠬᠡ ᠲᠠᠢᠢᠪᠤᠩ᠂ ᠢᠷᠡᠭᠡᠳᠦᠢ ᠬᠣᠢᠢᠴᠢ ᠦᠶ᠎ᠡ ᠢᠢᠨ ᠢᠶᠡᠨ ᠰᠠᠢᠢᠨ ᠰᠠᠢᠢᠬᠠᠨ ᠤ ᠲᠥᠯᠥᠭᠡ ᠬᠠᠮᠲᠤ ᠳᠤ ᠪᠠᠨ ᠬᠦᠴᠦᠨ ᠵᠢᠳᠬᠦᠴᠡᠭᠡᠶ᠎ᠡ᠃

ᠮᠥᠩᠬᠡ ᠬᠥᠬᠡ ᠲᠩᠷᠢ ᠬᠦᠮᠦᠨ ᠲᠥᠷᠥᠯᠬᠢᠲᠡᠨ ᠪᠢᠳᠡᠨ ᠢ ᠥᠨᠢ ᠮᠥᠩᠬᠡᠳᠡ ᠢᠪᠡᠭᠡᠬᠦ ᠪᠣᠯᠲᠤᠭᠠᠢ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ》ᠭᠡᠯ᠎ᠡ᠃