Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠡᠯᠰᠤᠢᠬᠡ ᠳᠥ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠳᠠᠷᠤᠭ᠎ᠠ ᠪᠠᠷᠠᠭᠠᠯᠬᠠᠪᠠ

ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠤᠢ ᠣᠷᠣᠰ ᠤᠨ ᠬᠣᠯᠪᠣᠭᠠᠨ ᠤ ᠤᠯᠤᠰ ᠤᠨ ᠬᠣᠯᠪᠣᠭᠠᠨ ᠤ ᠬᠤᠷᠠᠯ ᠤᠨ ᠲᠥᠷᠥ ᠢᠢᠨ ᠳ᠋ᠤᠢᠮ ᠤᠨ ᠳᠠᠷᠤᠭ᠎ᠠ ᠸ᠂ ᠸ᠂ ᠸᠣᠯᠣᠳᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠪᠠᠷᠠᠭᠠᠯᠬᠠᠪᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠨᠢ ᠮᠣᠩ᠋ᠭᠣᠯ ᠤᠯᠤᠰ ᠤᠨ ᠭᠠᠳᠠᠭᠠᠳᠤ ᠪᠣᠳᠣᠯᠭ᠎ᠠ ᠢᠢᠨ ᠡᠩ ᠲᠡᠷᠢᠭᠦᠨ ᠦ ᠵᠣᠷᠢᠯᠲᠠ ᠭᠡᠳᠡᠭ ᠢ ᠣᠨᠴᠠᠯᠠᠵᠤ᠂ ᠤᠯᠠᠮᠵᠢᠯᠠᠯᠲᠤ᠂ ᠰᠠᠢᠢᠨ ᠬᠥᠷᠰᠢ ᠢᠢᠨ ᠨᠠᠢᠢᠷᠰᠠᠭ ᠬᠠᠷᠢᠯᠴᠠᠭ᠎ᠠ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠦᠷᠢᠶᠡᠨ ᠳᠥ ᠪᠦᠬᠦ ᠰᠠᠯᠪᠤᠷᠢ ᠲᠤ ᠢᠳᠡᠪᠬᠢᠲᠡᠢ ᠬᠥᠭ᠍ᠵᠢᠵᠦ ᠪᠠᠢᠢᠭ᠎ᠠ ᠢᠢ ᠲᠡᠮᠳᠡᠭᠯᠡᠪᠡ᠃ ᠮᠥᠨ ᠶᠡᠷᠦᠩᠬᠡᠢᠢᠯᠡᠭᠴᠢ ᠸ᠂ ᠸ᠂ ᠫᠦ᠋ᠲ᠋ᠢᠨ ᠳᠥ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠢᠢ ᠤᠯᠠᠮᠵᠢᠯᠠᠬᠤ ᠢᠢ ᠬᠦᠰᠡᠪᠡ᠃

ᠲᠥᠷᠥ ᠢᠢᠨ ᠳ᠋ᠤᠢᠮ ᠤᠨ ᠳᠠᠷᠤᠭ᠎ᠠ ᠸ᠂ ᠸ᠂ ᠸᠣᠯᠣᠳᠢᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ ᠸ᠂ ᠫᠦ᠋ᠲ᠋ᠢᠨ ᠤ ᠮᠡᠨᠳᠦᠴᠢᠯᠡᠭᠡ ᠢᠢ ᠤᠯᠠᠮᠵᠢᠯᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠢᠳᠡᠪᠬᠢᠵᠢᠭᠦᠯᠬᠦ ᠰᠣᠨᠢᠷᠬᠠᠯᠲᠠᠢ ᠪᠠᠢᠢᠭ᠎ᠠ ᠪᠠᠨ ᠢᠯᠡᠷᠬᠡᠢᠢᠯᠡᠪᠡ᠃

ᠮᠥᠨ ᠤᠯᠤᠰ ᠤᠨ ᠶᠡᠬᠡ ᠬᠤᠷᠠᠯ᠂ ᠣᠷᠣᠰ ᠤᠨ ᠬᠣᠯᠪᠣᠭᠠᠨ ᠤ ᠤᠯᠤᠰ ᠤᠨ ᠬᠣᠯᠪᠣᠭᠠᠨ ᠤ ᠬᠤᠷᠠᠯ ᠬᠣᠭᠣᠷᠣᠨᠳᠣ ᠢᠢᠨ ᠬᠠᠮᠲᠤᠷᠠᠭᠰᠠᠨ ᠺᠣᠮᠢᠰᠰ ᠠᠵᠢᠯ ᠢᠶᠠᠨ ᠡᠬᠢᠯᠡᠭᠰᠡᠨ ᠨᠢ ᠬᠣᠶᠠᠷ ᠣᠷᠣᠨ ᠤ ᠬᠠᠤᠯᠢ ᠲᠣᠭᠲᠠᠭᠠᠬᠤ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠭᠠᠷᠭᠠᠵᠤ ᠪᠠᠢᠢᠭ᠎ᠠ ᠢᠢ ᠲᠡᠮᠳᠡᠭᠯᠡᠪᠡ᠃