Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠹᠷᠠᠨ᠋ᠼ ᠤᠯᠤᠰ ᠤᠨ ᠰᠧᠨᠠᠲ ᠤᠨ ᠶᠡᠷᠦᠩᠬᠡᠢᠢᠯᠡᠭᠴᠢ ᠵᠧᠷᠠᠷ ᠯᠠᠷᠱᠧ ᠪᠠᠷᠠᠭᠠᠯᠬᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠹᠷᠠᠨ᠋ᠼ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠲᠥᠷᠥ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠹᠷᠠᠨ᠋ᠼ ᠤᠯᠤᠰ ᠤᠨ ᠰᠧᠨᠠᠲ ᠤᠨ ᠲᠠᠩᠬᠢᠮ ᠤᠨ ᠶᠡᠷᠦᠩᠬᠡᠢᠢᠯᠡᠭᠴᠢ ᠵᠧᠷᠠᠷ ᠯᠠᠷᠱᠧ 10 ᠳ᠋ᠤᠭᠠᠷ ᠰᠠᠷ᠎ᠠ ᠢᠢᠨ 11 ᠍ ᠦ ᠡᠳᠦᠷ ᠪᠠᠷᠠᠭᠠᠯᠬᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠰᠠᠶ᠋ᠢᠬᠠᠨ ᠪᠣᠯᠤᠭᠰᠠᠨ ᠫᠠᠷᠯᠠᠮᠧᠨ᠋ᠲ ᠤᠨ ᠰᠣᠩ᠋ᠭᠣᠭᠤᠯᠢ ᠳᠤ ᠢᠯᠠᠯᠲᠠ ᠪᠠᠢᠢᠭᠤᠯᠤᠨ ᠰᠧᠨᠠᠲ ᠤᠨ ᠶᠡᠷᠦᠩᠬᠡᠢᠢᠯᠡᠭᠴᠢ ᠪᠡᠷ ᠳ᠋ᠠᠬᠢᠨ ᠰᠣᠩ᠋ᠭᠣᠭᠳᠠᠭᠰᠠᠨ ᠵᠧᠷᠠᠷ ᠯᠠᠷᠱᠧ ᠳ᠋ᠤ ᠪᠠᠶᠠᠷ ᠬᠦᠷᠭᠡᠵᠦ᠂ ᠠᠮᠵᠢᠯᠲᠠ ᠬᠦᠰᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠣᠩ᠋ᠭᠣᠯ᠂ ᠹᠷᠠᠨ᠋ᠼ ᠤᠨ ᠬᠠᠷᠢᠯᠴᠠᠭ᠎ᠠ ᠬᠣᠶᠠᠷ ᠲᠠᠯ᠎ᠠ ᠢᠢᠨ ᠬᠦᠴᠦ ᠴᠢᠷᠮᠠᠢᠢᠯᠲᠠ ᠢᠢᠨ ᠳ᠋ᠦᠩ ᠳᠥ ᠥᠷᠭᠡᠵᠢᠨ ᠬᠥᠭ᠍ᠵᠢᠵᠦ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠤᠢ ᠢᠢ ᠪᠠᠨ ᠢᠯᠡᠷᠬᠡᠢᠢᠯᠡᠯ᠎ᠡ᠃

ᠬᠠᠮᠲᠤ ᠢᠢᠨ ᠠᠵᠢᠯᠯᠠᠭ᠎ᠠ ᠢᠢ ᠬᠠᠷᠢᠯᠴᠠᠨ ᠰᠣᠨᠢᠷᠬᠠᠭᠰᠠᠨ ᠰᠠᠯᠪᠤᠷᠢ ᠨᠤᠭᠤᠳ ᠲᠤ ᠥᠷᠭᠡᠵᠢᠭᠦᠯᠬᠦ ᠡᠷᠬᠡ ᠵᠦᠢ ᠢᠢᠨ ᠲᠠᠭᠠᠲᠠᠢ ᠣᠷᠴᠢᠨ ᠢ ᠪᠤᠢ ᠪᠣᠯᠭᠠᠬᠤ ᠳᠤ ᠬᠣᠶᠠᠷ ᠤᠯᠤᠰ ᠤᠨ ᠬᠠᠤᠯᠢ ᠲᠣᠭᠲᠠᠭᠠᠬᠤ ᠪᠠᠢᠢᠭᠤᠯᠤᠯᠭ᠎ᠠ ᠬᠣᠭᠣᠷᠣᠨᠳᠣ ᠪᠤᠢ ᠪᠣᠯᠤᠭᠰᠠᠨ ᠣᠢᠢᠷ᠎ᠠ ᠳᠣᠲᠣᠨᠣ ᠬᠠᠮᠲᠤ ᠢᠢᠨ ᠠᠵᠢᠯᠯᠠᠭ᠎ᠠ ᠴᠢᠬᠤᠯᠠ ᠡᠭᠦᠷᠭᠡ ᠭᠦᠢᠴᠡᠳᠭᠡᠵᠦ ᠪᠠᠢᠢᠭ᠎ᠠ ᠢᠢ ᠣᠨᠴᠠᠯᠠᠪᠠ᠃

ᠬᠣᠶᠠᠷ ᠲᠠᠯ᠎ᠠ ᠢᠢᠨ ᠬᠠᠷᠢᠯᠴᠠᠭ᠎ᠠ ᠢᠢ ᠴᠢᠨᠠᠭᠰᠢᠳᠠ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠪᠣᠳᠠᠲᠤ ᠠᠭᠤᠯᠭ᠎ᠠ ᠪᠠᠷ ᠪᠠᠶᠠᠵᠢᠭᠤᠯᠤᠨ ᠥᠷᠭᠡᠵᠢᠭᠦᠯᠵᠦ᠂ ᠰᠲ᠋ᠷᠠᠲ᠋ᠧᠭᠢ ᠢᠢᠨ ᠲᠦᠩᠰᠢᠯᠡᠯ ᠳᠥ ᠬᠦᠷᠭᠡᠬᠦ ᠬᠣᠶᠠᠷ ᠲᠠᠯ᠎ᠠ ᠢᠢᠨ ᠨᠡᠢᠢᠲᠡᠯᠢᠭ ᠵᠣᠷᠢᠯᠲᠠ ᠢᠢ ᠪᠡᠶᠡᠯᠡᠭᠦᠯᠬᠦ ᠳᠥ ᠬᠠᠮᠲᠤᠷᠠᠨ ᠠᠵᠢᠯᠯᠠᠵᠤ᠂ ᠳᠡᠮᠵᠢᠯᠭᠡ ᠦᠵᠡᠭᠦᠯᠬᠦ ᠲᠠᠯ᠎ᠠ ᠪᠠᠷ ᠲᠠᠯ᠎ᠠ ᠨᠤᠭᠤᠳ ᠳᠡᠯᠭᠡᠷᠡᠩ᠋ᠭᠦᠢ ᠰᠠᠨᠠᠯ ᠰᠤᠯᠢᠯᠴᠠᠪᠠ᠃
ᠰᠧᠨᠠᠲ ᠤᠨ ᠲᠠᠩᠬᠢᠮ ᠤᠨ ᠶᠡᠷᠦᠩᠬᠡᠢᠢᠯᠡᠭᠴᠢ ᠵᠧᠷᠠᠷ ᠯᠠᠷᠱᠧ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠹᠷᠠᠨ᠋ᠼ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠳᠤ ᠠᠮᠵᠢᠯᠲᠠ ᠬᠦᠰᠡᠯ᠎ᠡ᠃

ᠬᠣᠶᠠᠷ ᠤᠯᠤᠰ ᠤᠨ ᠫᠠᠷᠯᠠᠮᠧᠨ᠋ᠲ ᠳ᠋ᠠᠬᠢ ᠨᠠᠢᠢᠷᠠᠮᠳᠠᠯ ᠤᠨ ᠪᠦᠯᠦᠭ ᠦᠨ ᠬᠠᠮᠲᠤ ᠢᠢᠨ ᠠᠵᠢᠯᠯᠠᠭᠠᠨ ᠳᠤ ᠲᠡᠳᠦᠢ ᠦᠭᠡᠢ ᠮᠣᠩ᠋ᠭᠣᠯ᠂ ᠹᠷᠠᠨ᠋ᠼ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠦᠬᠦᠢ ᠯᠠ ᠦᠢᠯᠡᠰ ᠲᠥ ᠳᠡᠮᠵᠢᠯᠭᠡ ᠦᠵᠡᠭᠦᠯᠦᠨ ᠠᠵᠢᠯᠯᠠᠬᠤ ᠪᠠᠨ ᠢᠯᠡᠷᠬᠡᠢᠢᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠰᠧᠨᠠᠲ ᠤᠨ ᠲᠠᠩᠬᠢᠮ ᠤᠨ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠵᠤ᠂ ᠳᠤᠷᠠᠰᠬᠠᠯ ᠤᠨ ᠦᠭᠡ ᠦᠯᠡᠳᠡᠭᠡᠪᠡ᠃