Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠮᠣᠩ᠋ᠭᠣᠯ-ᠹᠷᠠᠨ᠋ᠼ ᠤᠨ ᠪᠢᠽᠢᠨ᠋᠋ᠧᠰ ᠹᠣᠷᠣᠮ ᠳᠤ ᠦᠭᠡ ᠬᠡᠯᠡᠯ᠎ᠡ

ᠪᠦᠭᠦᠳᠡ ᠨᠠᠢᠢᠷᠠᠮᠳᠠᠬᠤ ᠹᠷᠠᠨ᠋ᠼ  ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ-ᠹᠷᠠᠨ᠋ᠼ  ᠤᠨ ᠪᠢᠽᠢᠨ᠋᠋ᠧᠰ ᠹᠣᠷᠣᠮ ᠳᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄


ᠮᠣᠩ᠋ᠭᠣᠯ᠂ ᠹᠷᠠᠨ᠋ᠼ  ᠤᠨ ᠪᠢᠽᠢᠨ᠋᠋ᠧᠰ ᠵᠥᠪᠯᠡᠯ ᠦᠨ ᠳᠠᠷᠤᠭ᠎ᠠ ᠨᠣᠶᠠᠨ ᠺᠯᠣᠳ᠋ ᠢᠮᠣᠸᠧᠨ᠂

ᠡᠷᠬᠢᠮ ᠬᠦᠨᠳᠦᠳᠥ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠡ᠂

ᠡᠷᠬᠢᠮ ᠬᠦᠨᠳᠦᠳᠥ ᠵᠣᠴᠢᠳ ᠲᠥᠯᠥᠭᠡᠯᠡᠭᠴᠢᠳ ᠡ᠂

ᠡᠷᠬᠢᠮᠰᠦᠭ ᠬᠠᠲᠤᠭᠲᠠᠢ᠂ ᠨᠣᠶᠠᠳ ᠠ᠋᠂

ᠮᠣᠩ᠋ᠭᠣᠯ-ᠹᠷᠠᠨ᠋ᠼ  ᠬᠣᠶᠠᠷ ᠤᠯᠤᠰ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠵᠣᠷᠢᠯᠭ᠎ᠠ ᠲᠠᠢ ᠥᠨᠥᠳᠥᠷ ᠦᠨ ᠪᠢᠽᠢᠨ᠋᠋ᠧᠰ ᠦᠨ ᠹᠣᠷᠣᠮ ᠳᠤ ᠬᠦᠷᠦᠯᠴᠡᠨ ᠢᠷᠡᠭᠰᠡᠨ ᠮᠣᠩ᠋ᠭᠣᠯ᠂ ᠹᠷᠠᠨ᠋ᠼ  ᠤᠨ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠲᠠ ᠪᠦᠬᠦᠨ ᠳᠥ ᠡᠨᠡ ᠰᠠᠢᠢᠬᠠᠨ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ᠎ᠡ᠃

ᠡᠨᠡ ᠲᠠᠰᠢᠷᠠᠮ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠹᠷᠠᠨ᠋ᠼ  ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠬᠦᠷᠢᠶᠡᠨ ᠳᠥ ᠡᠨᠡ ᠤᠳᠠᠭ᠎ᠠ ᠢᠢᠨ ᠪᠢᠽᠢᠨ᠋᠋ᠧᠰ ᠹᠣᠷᠣᠮ ᠢ ᠬᠠᠮᠲᠤᠷᠠᠨ ᠵᠣᠬᠢᠶᠠᠨ ᠪᠠᠢᠢᠭᠤᠯᠵᠤ ᠪᠤᠢ ᠬᠣᠶᠠᠷ ᠣᠷᠣᠨ ᠤ ᠲᠥᠷᠥ᠂ ᠵᠠᠰᠠᠭ ᠤᠨ ᠪᠠᠢᠢᠭᠤᠯᠤᠯᠭ᠎ᠠ ᠨᠤᠭᠤᠳ᠂ ᠮᠣᠩ᠋ᠭᠣᠯ᠂ ᠹᠷᠠᠨ᠋ᠼ  ᠤᠨ ᠬᠤᠳᠠᠯᠳᠤᠭᠠᠨ ᠤ ᠲᠠᠩᠬᠢᠮ ᠤᠳ ᠪᠣᠯᠤᠨ ᠥᠨᠥᠳᠥᠷ ᠦᠨ ᠠᠷᠭ᠎ᠠ ᠬᠡᠮᠵᠢᠶᠡᠨ ᠳᠥ ᠬᠦᠷᠦᠯᠴᠡᠨ ᠢᠷᠡᠭᠰᠡᠨ ᠬᠣᠶᠠᠷ ᠣᠷᠣᠨ ᠤ ᠪᠢᠽᠢᠨ᠋᠋ᠧᠰ ᠦᠨ ᠲᠥᠯᠥᠭᠡᠯᠡᠯ᠂ ᠬᠠᠮᠲᠤᠷᠠᠭᠴᠢ᠂ ᠳᠡᠮᠵᠢᠭᠴᠢ ᠪᠠᠢᠢᠭᠤᠯᠤᠯᠭ᠎ᠠ ᠨᠤᠭᠤᠳ ᠲᠠ ᠪᠦᠬᠦᠨ ᠳᠥ ᠭᠦᠨ ᠲᠠᠯᠠᠷᠬᠠᠯ ᠢᠯᠡᠷᠬᠡᠢᠢᠯᠡᠶ᠎ᠡ᠃

ᠮᠠᠨ ᠤ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠣᠯᠠᠨ ᠵᠠᠭᠤᠨ ᠵᠢᠯ ᠦᠨ ᠲᠡᠦᠬᠡ ᠲᠡᠢ ᠪᠥᠭᠡᠳ 1965 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ 58 ᠵᠢᠯ ᠢ ᠲᠤᠭᠤᠯᠵᠠᠢ᠃

ᠡᠨᠡ ᠬᠦ ᠲᠡᠦᠬᠡᠨ ᠬᠤᠭᠤᠴᠠᠭᠠᠨ ᠳᠤ ᠮᠠᠨ ᠤ ᠬᠣᠶᠠᠷ ᠣᠷᠣᠨ ᠤᠯᠤᠰ ᠲᠥᠷᠥ᠂ ᠬᠤᠳᠠᠯᠳᠤᠭ᠎ᠠ᠂ ᠡᠳ᠋ ᠍ ᠦᠨ ᠵᠠᠰᠠᠭ᠂ ᠰᠤᠶᠤᠯ᠂ ᠪᠣᠯᠪᠠᠰᠤᠷᠠᠯ ᠵᠡᠷᠭᠡ ᠪᠦᠬᠦᠢ ᠯᠠ ᠰᠠᠯᠪᠤᠷᠢ ᠲᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠦᠨ ᠬᠥᠭ᠍ᠵᠢᠭᠦᠯᠵᠦ ᠢᠷᠡᠭᠰᠡᠨ ᠢ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠥᠨᠥᠳᠥᠷ ᠦᠨ ᠪᠠᠢᠢᠳᠠᠯ ᠢᠶᠠᠷ ᠹᠷᠠᠨ᠋ᠼ  ᠤᠨ ᠨᠡᠢᠢᠲᠡ 66 ᠺᠣᠮᠫᠠᠨᠢ ᠮᠠᠨ ᠤ ᠤᠯᠤᠰ ᠲᠤ ᠪᠦᠷᠢᠳᠬᠡᠯ ᠲᠡᠢ ᠪᠠᠢᠢᠭ᠎ᠠ ᠪᠥᠭᠡᠳ ᠲᠡᠳᠡᠨ ᠦ ᠬᠥᠷᠥᠩ᠋ᠭᠡ ᠣᠷᠣᠭᠤᠯᠤᠯᠲᠠ ᠢᠢᠨ 80 ᠣᠷᠴᠢᠮ ᠬᠤᠪᠢ ᠨᠢ ᠠᠭᠤᠯᠠ ᠠᠭᠤᠷᠬᠠᠢ ᠢᠢᠨ ᠰᠠᠯᠪᠤᠷᠢ ᠲᠤ ᠬᠥᠷᠥᠩ᠋ᠭᠡ ᠣᠷᠣᠭᠤᠯᠤᠭᠰᠠᠨ ᠪᠠᠢᠢᠨ᠎ᠠ᠃

ᠴᠢᠨᠠᠭᠰᠢᠳᠠ ᠬᠣᠶᠠᠷ ᠣᠷᠣᠨ ᠤ ᠡᠳ᠋ ᠍ ᠦᠨ ᠵᠠᠰᠠᠭ ᠤᠨ ᠬᠠᠷᠢᠯᠴᠠᠨ ᠠᠰᠢᠭᠲᠠᠢ᠂ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠳᠥ ᠥᠨᠥᠳᠥᠷ ᠦᠨ ᠡᠨᠡ ᠪᠢᠽᠢᠨ᠋᠋ᠧᠰ ᠹᠣᠷᠣᠮ ᠴᠢᠬᠤᠯᠠ ᠠᠴᠢ ᠬᠣᠯᠪᠣᠭᠳᠠᠯ ᠲᠠᠢ ᠭᠡᠵᠦ ᠦᠵᠡᠵᠦ ᠪᠠᠢᠢᠨ᠎ᠠ᠃
ᠡᠷᠬᠢᠮ ᠬᠦᠨᠳᠦᠳᠥ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠡ᠂

ᠬᠠᠲᠤᠭᠲᠠᠢ ᠨᠣᠶᠠᠳ ᠠ᠋᠂

ᠮᠣᠩ᠋ᠭᠣᠯ ᠤᠯᠤᠰ ᠥᠨᠥᠳᠥᠷ ᠪᠥᠰᠡ ᠨᠤᠲᠤᠭ ᠲᠤ ᠪᠠᠨ ᠠᠷᠠᠳᠴᠢᠯᠠᠯ ᠤᠨ ᠪᠠᠶᠠᠨ ᠪᠦᠷᠢᠳᠦ ᠬᠡᠮᠡᠨ ᠨᠡᠷᠡᠯᠡᠭᠳᠡᠵᠦ᠂ ᠮᠥᠩᠬᠡ ᠢᠢᠨ ᠬᠣᠶᠠᠷ ᠬᠥᠷᠰᠢ ᠡᠴᠡ ᠭᠠᠳᠠᠨ᠎ᠠ ᠭᠤᠷᠪᠠᠳᠠᠭᠴᠢ ᠬᠥᠷᠰᠢ ᠢᠢᠨ ᠬᠠᠷᠢᠯᠴᠠᠭ᠎ᠠ ᠪᠠᠨ ᠢᠳᠡᠪᠬᠢᠲᠡᠢ ᠥᠷᠭᠡᠵᠢᠭᠦᠯᠦᠨ ᠬᠥᠭ᠍ᠵᠢᠭᠦᠯᠬᠦ ᠵᠠᠮ ᠢᠶᠠᠷ ᠲᠣᠭᠲᠠᠪᠤᠷᠢᠲᠠᠢ᠂ ᠳᠠᠷᠬᠠᠯᠠᠭ᠎ᠠ ᠲᠠᠢ᠂ ᠬᠦᠷᠲᠡᠭᠡᠮᠵᠢᠲᠡᠢ᠂ ᠨᠣᠭᠣᠭᠠᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠢ ᠴᠣᠭᠴᠠᠯᠠᠭᠠᠬᠤ ᠪᠠᠷ ᠵᠣᠷᠢᠨ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠨᠡᠢᠢᠭᠡᠮ᠂ ᠡᠳ᠋ ᠍ ᠦᠨ ᠵᠠᠰᠠᠭ ᠪᠣᠯᠤᠨ ᠦᠨᠳᠦᠰᠦᠨ ᠦ ᠠᠶᠤᠯ ᠦᠭᠡᠢ ᠪᠠᠢᠢᠳᠠᠯ ᠢᠶᠠᠨ ᠪᠠᠲᠤᠳᠬᠠᠨ ᠪᠡᠬᠢᠵᠢᠭᠦᠯᠬᠦ ᠵᠣᠷᠢᠯᠭ᠎ᠠ ᠪᠠᠷ ᠡᠳ᠋ ᠍ ᠦᠨ ᠵᠠᠰᠠᠭ ᠤᠨ ᠣᠯᠠᠨ ᠴᠢᠬᠤᠯᠠ ᠰᠢᠨᠡᠴᠢᠯᠡᠯ ᠦᠳ ᠢ ᠬᠡᠷᠡᠭᠵᠢᠭᠦᠯᠵᠦ ᠪᠠᠢᠢᠨ᠎ᠠ᠃

ᠡᠨᠡ ᠬᠦᠷᠢᠶᠡᠨ ᠳᠥ 《ᠬᠠᠯᠠᠮᠵᠢ ᠠᠴᠠ ᠬᠥᠳᠡᠯᠮᠦᠷᠢ ᠲᠥ᠂ ᠣᠯᠪᠤᠷᠢᠯᠠᠯᠲᠠ ᠠᠴᠠ ᠪᠣᠯᠪᠠᠰᠤᠷᠠᠭᠤᠯᠤᠯᠲᠠ ᠳᠤ᠂ ᠢᠮᠫᠣᠷᠲ ᠠᠴᠠ ᠡᠺᠰᠫᠣᠷᠲ ᠳ᠋ᠤ》 ᠰᠢᠯᠵᠢᠬᠦ ᠰᠠᠭᠤᠷᠢ ᠰᠢᠨᠡᠴᠢᠯᠡᠯ ᠦᠳ ᠢ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠦᠭ ᠡᠴᠡ ᠳᠡᠯᠡᠬᠡᠢ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠥᠭᠡ ᠢᠢ ᠪᠠᠭᠤᠷᠠᠭᠤᠯᠬᠤ ᠪᠣᠯᠤᠨ ᠳᠡᠯᠡᠬᠡᠢ ᠢᠢᠨ ᠬᠦᠨᠡᠰᠦᠨ ᠦ ᠬᠠᠩ᠋ᠭᠠᠮᠵᠢ ᠳᠤ ᠮᠣᠩ᠋ᠭᠣᠯ ᠤᠯᠤᠰ ᠬᠤᠪᠢ ᠨᠡᠮᠡᠷᠢ ᠪᠡᠨ ᠤᠷᠤᠭᠤᠯᠬᠤ ᠵᠣᠷᠢᠯᠭ᠎ᠠ ᠪᠠᠷ 《ᠲᠡᠷᠪᠤᠮ ᠮᠣᠳᠣ》 ᠪᠣᠯᠤᠨ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠭᠡᠰᠡᠨ ᠦᠨᠳᠦᠰᠦᠨ ᠦ ᠬᠥᠳᠡᠯᠭᠡᠭᠡᠨ ᠨᠦᠭᠦᠳ ᠢ ᠡᠬᠡ ᠣᠷᠣᠨ ᠳᠤ ᠪᠠᠨ ᠰᠠᠨᠠᠭᠠᠴᠢᠯᠠᠨ ᠬᠡᠷᠡᠭᠵᠢᠭᠦᠯᠵᠦ ᠪᠠᠢᠢᠨ᠎ᠠ᠃

ᠮᠥᠨ ᠴᠠᠷ᠎ ᠲᠠᠬᠤᠯ ᠤᠨ ᠳᠠᠷᠠᠭᠠᠬᠢ ᠮᠣᠩ᠋ᠭᠣᠯ ᠤᠯᠤᠰ ᠤᠨ ᠡᠳ᠋ ᠍ ᠦᠨ ᠵᠠᠰᠠᠭ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢ ᠰᠡᠷᠭᠦᠭᠡᠬᠦ ᠳᠥ ᠮᠣᠩ᠋ᠭᠣᠯ ᠤᠯᠤᠰ ᠤᠨ ᠵᠠᠰᠠᠭ ᠤᠨ ᠭᠠᠵᠠᠷ 《ᠰᠢᠨ᠎ᠡ ᠰᠡᠷᠭᠦᠯᠲᠡ ᠢᠢᠨ ᠪᠣᠳᠣᠯᠭ᠎ᠠ》 ᠍ ᠢ ᠳᠡᠪᠰᠢᠭᠦᠯᠦᠨ ᠬᠡᠷᠡᠭᠵᠢᠭᠦᠯᠵᠦ ᠪᠠᠢᠢᠭ᠎ᠠ ᠪᠥᠭᠡᠳ ᠢᠯᠠᠩ᠋ᠭᠤᠶ᠎ᠠ ᠠᠵᠤ ᠦᠢᠯᠡᠳᠪᠦᠷᠢᠯᠡᠯ ᠢ ᠬᠥᠭ᠍ᠵᠢᠭᠦᠯᠬᠦ᠂ ᠬᠥᠷᠥᠩ᠋ᠭᠡ ᠣᠷᠣᠭᠤᠯᠤᠯᠲᠠ ᠢᠢᠨ ᠣᠷᠴᠢᠨ ᠢ ᠰᠠᠢᠢᠵᠢᠷᠠᠭᠤᠯᠬᠤ ᠳᠤ ᠣᠨᠴᠤᠭᠤᠢ ᠠᠩᠬᠠᠷᠴᠤ ᠪᠠᠢᠢᠨ᠎ᠠ᠃

ᠮᠣᠩ᠋ᠭᠣᠯ ᠤᠯᠤᠰ ᠤᠨ ᠬᠡᠷᠡᠭᠵᠢᠭᠦᠯᠵᠦ ᠪᠤᠢ ᠳᠡᠭᠡᠷᠡᠬᠢ ᠡᠳ᠋ ᠍ ᠦᠨ ᠵᠠᠰᠠᠭ ᠤᠨ ᠪᠣᠳᠣᠯᠭ᠎ᠠ᠂ ᠰᠠᠨᠠᠯ ᠰᠠᠨᠠᠭᠠᠴᠢᠯᠠᠭ᠎ᠠ ᠪᠣᠯᠤᠨ ᠦᠨᠳᠦᠰᠦᠨ ᠦ ᠬᠥᠳᠡᠯᠭᠡᠭᠡᠨ ᠨᠦᠭᠦᠳ ᠢ ᠠᠮᠵᠢᠯᠲᠠ ᠲᠠᠢ ᠬᠡᠷᠡᠭᠵᠢᠭᠦᠯᠬᠦ ᠳᠥ ᠮᠣᠩ᠋ᠭᠣᠯ᠂ ᠹᠷᠠᠨ᠋ᠼ  ᠤᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ᠂ ᠢᠯᠠᠩ᠋ᠭᠤᠶ᠎ᠠ ᠹᠷᠠᠨ᠋ᠼ  ᠤᠯᠤᠰ ᠤᠨ ᠮᠡᠳᠡᠯᠭᠡ᠂ ᠲᠤᠷᠰᠢᠯᠭ᠎ᠠ᠂ ᠳᠡᠪᠰᠢᠯᠲᠡᠲᠦ ᠲᠧᠭᠨᠢᠭ ᠲᠧᠭᠨᠣᠯᠣᠭᠢ᠂ ᠢᠨᠨᠣᠸᠠᠼ ᠪᠣᠯᠤᠨ ᠬᠥᠷᠥᠩ᠋ᠭᠡ ᠣᠷᠣᠭᠤᠯᠤᠯᠲᠠ ᠣᠨᠴᠤᠭᠤᠢ ᠴᠢᠬᠤᠯᠠ ᠡᠭᠦᠷᠭᠡ ᠲᠡᠢ ᠭᠡᠵᠦ ᠪᠢᠳᠡ ᠦᠵᠡᠵᠦ ᠪᠠᠢᠢᠨ᠎ᠠ᠃

ᠨᠡᠩ ᠢᠯᠠᠩ᠋ᠭᠤᠶ᠎ᠠ ᠬᠣᠶᠠᠷ ᠣᠷᠣᠨ ᠤ ᠬᠤᠪᠢ ᠤᠨ ᠬᠡᠪᠰᠢᠯ᠂ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠦᠨ ᠬᠠᠮᠲᠤ ᠢᠢᠨ ᠠᠵᠢᠯᠯᠠᠭ᠎ᠠ ᠢᠢ ᠰᠢᠨ᠎ᠡ ᠲᠦᠪᠰᠢᠨ ᠳᠥ ᠭᠠᠷᠭᠠᠬᠤ ᠳᠤ ᠥᠨᠥᠳᠥᠷ ᠦᠨ ᠹᠣᠷᠣᠮ ᠤᠨ ᠭᠣᠣᠯ ᠵᠣᠷᠢᠯᠭ᠎ᠠ ᠣᠷᠣᠰᠢᠵᠤ ᠪᠠᠢᠢᠭ᠎ᠠ ᠶᠤᠮ᠃

ᠮᠣᠩ᠋ᠭᠣᠯ ᠤᠯᠤᠰ ᠬᠥᠷᠥᠩ᠋ᠭᠡ ᠣᠷᠣᠭᠤᠯᠤᠯᠲᠠ ᠢᠢᠨ ᠣᠷᠴᠢᠨ ᠢᠶᠠᠨ ᠰᠠᠢᠢᠵᠢᠷᠠᠭᠤᠯᠬᠤ᠂ ᠬᠥᠷᠥᠩ᠋ᠭᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠬᠤ ᠴᠢᠭᠯᠡᠯ ᠳᠥ ᠴᠣᠭᠴᠠ ᠰᠢᠨᠡᠴᠢᠯᠡᠯ ᠬᠢᠵᠦ ᠪᠠᠢᠢᠨ᠎ᠠ᠃

ᠡᠨᠡ ᠬᠦᠷᠢᠶᠡᠨ ᠳᠥ ᠮᠠᠨ ᠤ ᠤᠯᠤᠰ ᠬᠥᠷᠥᠩ᠋ᠭᠡ ᠣᠷᠣᠭᠤᠯᠤᠯᠲᠠ ᠢᠢᠨ ᠪᠣᠳᠣᠯᠭ᠎ᠠ ᠪᠠᠨ ᠤᠯᠠᠮ ᠰᠠᠢᠢᠵᠢᠷᠠᠭᠤᠯᠵᠤ᠂ ᠲᠣᠭᠲᠠᠪᠤᠷᠢᠲᠠᠢ᠂ ᠲᠤᠭᠤᠱᠢᠲᠠᠢ ᠪᠠᠢᠢᠵᠤ᠂ 《ᠢᠲᠡᠭᠡᠯ ᠲᠡᠢ᠂ ᠨᠠᠢᠢᠳᠠᠪᠤᠷᠢ ᠲᠠᠢ᠂ ᠤᠳᠠᠭᠠᠨ ᠬᠤᠭᠤᠴᠠᠭᠠᠨ ᠤ ᠲᠦᠩᠰᠢ》 ᠪᠠᠢᠢᠬᠤ ᠵᠠᠷᠴᠢᠮ ᠢ ᠪᠠᠷᠢᠮᠲᠠᠯᠠᠨ᠂ ᠬᠥᠷᠥᠩ᠋ᠭᠡ ᠣᠷᠣᠭᠤᠯᠤᠯᠲᠠ ᠢᠢᠨ ᠣᠷᠴᠢᠨ ᠢ ᠰᠠᠢᠢᠵᠢᠷᠠᠭᠤᠯᠬᠤ᠂ ᠬᠥᠷᠥᠩ᠋ᠭᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠬᠤ ᠴᠢᠭᠯᠡᠯ ᠢᠶᠡᠷ ᠡᠷᠬᠡ ᠵᠦᠢ ᠢᠢᠨ ᠪᠣᠯᠤᠨ ᠢᠨ᠋ᠰᠲ᠋ᠢᠲ᠋ᠤᠢᠲ ᠦᠨ ᠰᠢᠨᠡᠴᠢᠯᠡᠯ ᠦᠳ ᠢ ᠬᠡᠷᠡᠭᠵᠢᠭᠦᠯᠵᠦ ᠪᠠᠢᠢᠨ᠎ᠠ᠃

ᠲᠤᠬᠠᠢᠢᠯᠠᠪᠠᠯ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠪᠦᠲᠦᠴᠡ ᠳᠥ ᠡᠳ᠋ ᠍ ᠦᠨ ᠵᠠᠰᠠᠭ᠂ ᠬᠥᠭ᠍ᠵᠢᠯ ᠦᠨ ᠶᠠᠮᠤᠨ ᠢ ᠰᠢᠨ᠎ᠡ ᠪᠡᠷ ᠪᠠᠢᠢᠭᠤᠯᠵᠤ᠂ ᠭᠠᠳᠠᠭᠠᠳᠤ ᠢᠢᠨ ᠬᠥᠷᠥᠩ᠋ᠭᠡ ᠣᠷᠣᠭᠤᠯᠤᠯᠲᠠ᠂ ᠬᠤᠳᠠᠯᠳᠤᠭᠠᠨ ᠤ ᠠᠭᠧᠨᠲᠯᠢᠭ᠌ ᠤᠨ ᠦᠢᠯᠡ ᠠᠵᠢᠯᠯᠠᠭ᠎ᠠ ᠢᠢ ᠡᠬᠢᠯᠡᠭᠦᠯᠦᠭᠡᠳ ᠪᠠᠢᠢᠨ᠎ᠠ᠃

ᠴᠢᠨᠠᠭᠰᠢᠳᠠ ᠮᠣᠩ᠋ᠭᠣᠯ ᠤᠯᠤᠰ ᠭᠠᠳᠠᠭᠠᠳᠤ ᠢᠢᠨ ᠬᠥᠷᠥᠩ᠋ᠭᠡ ᠣᠷᠣᠭᠤᠯᠤᠯᠲᠠ ᠢᠢᠨ ᠡᠷᠬᠡ ᠵᠦᠢ ᠢᠢᠨ ᠣᠷᠴᠢᠨ ᠢ ᠰᠠᠢᠢᠵᠢᠷᠠᠭᠤᠯᠬᠤ᠂ ᠬᠥᠷᠥᠩ᠋ᠭᠡ ᠣᠷᠣᠭᠤᠯᠤᠭᠴᠢᠳ ᠲᠣᠭᠲᠠᠪᠤᠷᠢᠲᠠᠢ ᠠᠵᠢᠯᠯᠠᠬᠤ ᠨᠥᠬᠥᠴᠡᠯ ᠢ ᠪᠦᠷᠢᠳᠦᠭᠦᠯᠬᠦ ᠳᠥ ᠮᠠᠨ ᠤ ᠲᠥᠷᠥ᠂ ᠵᠠᠰᠠᠭ ᠣᠨᠴᠤᠭᠤᠢ ᠠᠩᠬᠠᠷᠴᠤ ᠠᠵᠢᠯᠯᠠᠨ᠎ᠠ ᠭᠡᠳᠡᠭ ᠢ ᠲᠠ ᠪᠦᠬᠦᠨ ᠳᠥ ᠬᠡᠯᠡᠬᠦ ᠢᠢ ᠬᠦᠰᠡᠵᠦ ᠪᠠᠢᠢᠨ᠎ᠠ᠃

ᠮᠥᠨ ᠮᠠᠨ ᠤ ᠤᠯᠤᠰ ᠤᠨ ᠲᠠᠲᠠᠪᠤᠷᠢ ᠢᠢᠨ ᠣᠷᠴᠢᠨ ᠲᠣᠭᠲᠠᠪᠤᠷᠢᠲᠠᠢ᠂ ᠲᠠᠲᠠᠪᠤᠷᠢ ᠢᠢᠨ ᠬᠤᠪᠢ᠂ ᠬᠡᠮᠵᠢᠶ᠎ᠡ ᠪᠥᠰᠡ ᠨᠤᠲᠤᠭ ᠤᠨ ᠣᠷᠣᠨ ᠨᠤᠭᠤᠳ ᠲᠠᠢ ᠬᠠᠷᠢᠴᠠᠭᠤᠯᠬᠤ ᠳᠤ ᠬᠠᠷᠢᠴᠠᠩ᠋ᠭᠤᠢ ᠪᠠᠭ᠎ᠠ ᠭᠡᠳᠡᠭ ᠢ ᠣᠨᠴᠠᠯᠠᠨ ᠲᠡᠮᠳᠡᠭᠯᠡᠵᠦ ᠪᠠᠢᠢᠨ᠎ᠠ᠃

ᠲᠡᠭᠦᠨᠴᠢᠯᠡᠨ ᠮᠣᠩ᠋ᠭᠣᠯ ᠤᠯᠤᠰ ᠥᠨᠥᠳᠥᠷ ᠦᠨ ᠪᠠᠢᠢᠳᠠᠯ ᠢᠶᠠᠷ 26 ᠤᠯᠤᠰ ᠲᠠᠢ 《ᠳᠠᠪᠬᠤᠷ ᠲᠠᠲᠠᠪᠤᠷᠢ ᠠᠴᠠ ᠴᠢᠯᠦᠭᠡᠯᠡᠬᠦ ᠲᠤᠬᠠᠢ ᠬᠡᠯᠡᠯᠴᠡᠭᠡᠷ》᠂ 43 ᠤᠯᠤᠰ ᠲᠠᠢ 《ᠬᠥᠷᠥᠩ᠋ᠭᠡ ᠣᠷᠣᠭᠤᠯᠤᠯᠲᠠ ᠢᠢ ᠬᠥᠬᠢᠬᠥᠯᠥᠨ ᠳᠡᠮᠵᠢᠬᠦ᠂ ᠬᠠᠷᠢᠯᠴᠠᠨ ᠬᠠᠮᠠᠭᠠᠯᠠᠬᠤ ᠲᠤᠬᠠᠢ》 ᠬᠣᠶᠠᠷ ᠲᠠᠯᠠᠲᠤ ᠬᠡᠯᠡᠯᠴᠡᠭᠡᠷ ᠦᠳ ᠢ ᠲᠤᠰ ᠲᠤᠰ ᠪᠠᠢᠢᠭᠤᠯᠤᠭᠠᠳ ᠪᠠᠢᠢᠨ᠎ᠠ᠃

ᠮᠣᠩ᠋ᠭᠣᠯ ᠤᠯᠤᠰ ᠲᠤ ᠦᠢᠯᠡᠳᠪᠦᠷᠢᠯᠡᠭᠰᠡᠨ ᠪᠠᠷᠠᠭ᠎ᠠ᠂ ᠪᠦᠲᠦᠭᠡᠭ᠍ᠳᠡᠬᠦᠨ ᠣᠯᠠᠨ ᠣᠷᠣᠨ ᠳᠤ ᠲᠠᠲᠠᠪᠤᠷᠢ ᠢᠢᠨ ᠬᠥᠩ᠋ᠭᠡᠯᠡᠯᠲᠡ ᠡᠳ᠋ᠯᠡᠬᠦ ᠪᠣᠯᠤᠮᠵᠢ ᠲᠠᠢ ᠶᠤᠮ᠃ ᠲᠤᠬᠠᠢᠢᠯᠠᠪᠠᠯ᠂ ᠧᠦ᠋ᠷᠣᠫᠠ ᠢᠢᠨ ᠬᠣᠯᠪᠣᠭᠠᠨ ᠤ GSP+ ᠬᠥᠲᠥᠯᠪᠦᠷᠢ ᠢᠢᠨ ᠬᠦᠷᠢᠶᠡᠨ ᠳᠥ ᠨᠡᠢᠢᠲᠡ 7200 ᠨᠡᠷ᠎ᠡ ᠲᠥᠷᠥᠯ ᠦᠨ ᠪᠠᠷᠠᠭ᠎ᠠ᠂ ᠪᠦᠲᠦᠭᠡᠭ᠍ᠳᠡᠬᠦᠨ ᠢ ᠧᠦ᠋ᠷᠣᠫᠠ ᠢᠢᠨ ᠬᠣᠯᠪᠣᠭᠠᠨ ᠤ ᠵᠠᠬ᠎ᠠ ᠵᠡᠭᠡᠯᠢ ᠳᠥ ᠭᠠᠢᠢᠯᠢ ᠢᠢᠨ ᠲᠠᠲᠠᠪᠤᠷᠢ ᠦᠭᠡᠢ ᠭᠠᠷᠭᠠᠬᠤ ᠪᠣᠯᠤᠮᠵᠢ ᠲᠠᠢ᠃

ᠡᠭᠦᠨ ᠦ ᠵᠡᠷᠭᠡᠴᠡᠭᠡ ᠮᠣᠩ᠋ᠭᠣᠯ ᠤᠯᠤᠰ 《ᠵᠠᠮ ᠤᠨ-ᠡᠭᠦᠳᠡ》 ᠪᠣᠯᠤᠨ 《ᠠᠯᠲᠠᠨᠪᠤᠯᠠᠭ》 ᠵᠡᠷᠭᠡ ᠬᠡᠳᠦ ᠬᠡᠳᠦᠨ ᠴᠢᠯᠦᠭᠡᠲᠦ ᠪᠥᠰᠡ ᠢᠢ ᠬᠥᠭ᠍ᠵᠢᠭᠦᠯᠬᠦ ᠢᠢᠨ ᠲᠥᠯᠥᠭᠡ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠹᠷᠠᠨ᠋ᠼ  ᠤᠯᠤᠰ ᠲᠠᠢ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠪᠠᠨ ᠥᠷᠭᠡᠵᠢᠭᠦᠯᠦᠨ ᠬᠥᠭ᠍ᠵᠢᠭᠦᠯᠬᠦ ᠰᠠᠭᠤᠷᠢ ᠡᠷᠬᠡ ᠵᠦᠢ ᠢᠢᠨ ᠣᠷᠴᠢᠨ ᠬᠠᠷᠢᠴᠠᠩ᠋ᠭᠤᠢ ᠰᠠᠢᠢᠨ ᠪᠦᠷᠢᠳᠦᠭᠰᠡᠨ ᠪᠥᠭᠡᠳ 1991 ᠣᠨ ᠳᠤ ᠮᠣᠩ᠋ᠭᠣᠯ ᠤᠯᠤᠰ᠂ ᠹᠷᠠᠨ᠋ᠼ  ᠤᠯᠤᠰ ᠤᠨ ᠬᠣᠭᠣᠷᠣᠨᠳᠣ 《ᠬᠥᠷᠥᠩ᠋ᠭᠡ ᠣᠷᠣᠭᠤᠯᠤᠯᠲᠠ ᠢᠢ ᠬᠥᠬᠢᠬᠥᠯᠥᠨ ᠳᠡᠮᠵᠢᠬᠦ᠂ ᠬᠠᠷᠢᠯᠴᠠᠨ ᠬᠠᠮᠠᠭᠠᠯᠠᠬᠤ ᠲᠤᠬᠠᠢ ᠭᠡᠷ᠎ᠡ》᠂ 1996 ᠣᠨ ᠤ 《ᠳᠠᠪᠬᠤᠷ ᠲᠠᠲᠠᠪᠤᠷᠢ ᠠᠴᠠ ᠴᠢᠯᠦᠭᠡᠯᠡᠬᠦ ᠲᠤᠬᠠᠢ ᠭᠡᠷ᠎ᠡ》 ᠵᠡᠷᠭᠡ ᠪᠠᠷᠢᠮᠲᠠ ᠪᠢᠴᠢᠭ᠌ ᠦᠳ ᠢ ᠪᠠᠢᠢᠭᠤᠯᠤᠭᠰᠠᠨ᠃

ᠮᠥᠨ 2013 ᠣᠨ ᠳᠤ ᠧᠦ᠋ᠷᠣᠫᠠ ᠢᠢᠨ ᠬᠣᠯᠪᠣᠭ᠎ᠠ ᠲᠠᠢ ᠲᠦᠩᠰᠢᠯᠡᠯ᠂ ᠬᠠᠮᠲᠤ ᠢᠢᠨ ᠠᠵᠢᠯᠯᠠᠭᠠᠨ ᠤ ᠲᠤᠬᠠᠢ ᠮᠣᠩ᠋ᠭᠣᠯ ᠤᠯᠤᠰ᠂ ᠧᠦ᠋ᠷᠣᠫᠠ ᠢᠢᠨ ᠬᠣᠯᠪᠣᠭᠠᠨ ᠤ ᠬᠣᠭᠣᠷᠣᠨᠳᠣ ᠢᠢᠨ ᠬᠡᠯᠡᠯᠴᠡᠭᠡᠷ ᠢ ᠪᠠᠢᠢᠭᠤᠯᠤᠭᠰᠠᠨ ᠶᠤᠮ᠃
ᠡᠷᠬᠢᠮ ᠬᠦᠨᠳᠦᠳᠥ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠡ᠂

ᠹᠷᠠᠨ᠋ᠼ  ᠤᠯᠤᠰ ᠤᠨ ᠶᠡᠷᠦᠩᠬᠡᠢᠢᠯᠡᠭᠴᠢ ᠡᠮᠮᠠᠨᠤᠢᠡᠯ ᠮᠠᠺᠷᠣᠨ ᠥᠩ᠋ᠭᠡᠷᠡᠭᠰᠡᠨ ᠲᠠᠪᠤᠳᠤᠭᠠᠷ ᠰᠠᠷ᠎ᠠ ᠳᠤ ᠮᠠᠨ ᠤ ᠤᠯᠤᠰ ᠲᠤ ᠲᠥᠷᠥ ᠢᠢᠨ ᠠᠢᠢᠯᠴᠢᠯᠠᠯ ᠬᠢᠭ᠍ᠰᠡᠨ ᠪᠥᠭᠡᠳ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠡᠨᠡ ᠤᠳᠠᠭ᠎ᠠ ᠢᠢᠨ ᠹᠷᠠᠨ᠋ᠼ  ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠨᠢ ᠬᠣᠶᠠᠷ ᠤᠯᠤᠰ ᠤᠨ ᠬᠥᠷᠥᠩ᠋ᠭᠡ ᠣᠷᠣᠭᠤᠯᠤᠯᠲᠠ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠦᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃

ᠹᠷᠠᠨ᠋ᠼ  ᠤᠨ ᠬᠥᠷᠥᠩ᠋ᠭᠡ ᠣᠷᠣᠭᠤᠯᠤᠭᠴᠢᠳ ᠤᠨ ᠢᠲᠡᠭᠡᠯ ᠢ ᠪᠠᠲᠤᠳᠬᠠᠨ ᠪᠡᠬᠢᠵᠢᠭᠦᠯᠵᠦ᠂ ᠪᠣᠳᠠᠲᠤ ᠦᠷ᠎ᠡ ᠳ᠋ᠦᠩ ᠭᠠᠷᠭᠠᠬᠤ ᠢᠢᠨ ᠵᠡᠷᠭᠡᠴᠡᠭᠡ ᠮᠠᠨ ᠤ ᠬᠣᠶᠠᠷ ᠤᠯᠤᠰ ᠤᠨ ᠬᠣᠭᠣᠷᠣᠨᠳᠣ ᠬᠢᠭ᠍ᠳᠡᠬᠦ ᠲᠣᠮᠣᠬᠠᠨ ᠲᠥᠰᠥᠯ᠂ ᠬᠥᠲᠥᠯᠪᠦᠷᠢ ᠨᠦᠭᠦᠳ ᠢ ᠠᠮᠵᠢᠯᠲᠠ ᠲᠠᠢ ᠬᠡᠷᠡᠭᠵᠢᠭᠦᠯᠬᠦ ᠢᠢᠨ ᠲᠥᠯᠥᠭᠡ ᠮᠣᠩ᠋ᠭᠣᠯ ᠤᠯᠤᠰ ᠬᠢᠴᠢᠶᠡᠨ ᠠᠵᠢᠯᠯᠠᠬᠤ ᠪᠣᠯᠤᠨ᠎ᠠ ᠭᠡᠳᠡᠭ ᠢ ᠲᠠ ᠪᠦᠬᠦᠨ ᠳᠥ ᠬᠡᠯᠡᠬᠦ ᠢᠢ ᠬᠦᠰᠡᠵᠦ ᠪᠠᠢᠢᠨ᠎ᠠ᠃

ᠬᠣᠶᠠᠷ ᠤᠯᠤᠰ ᠤᠨ ᠡᠳ᠋ ᠍ ᠦᠨ ᠵᠠᠰᠠᠭ᠂ ᠪᠢᠽᠢᠨ᠋᠋ᠧᠰ ᠦᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠵᠤ᠂ ᠪᠦᠬᠦᠢ ᠯᠠ ᠰᠠᠯᠪᠤᠷᠢ ᠲᠤ ᠥᠷᠭᠡᠵᠢᠨ ᠬᠥᠭ᠍ᠵᠢᠭᠦᠯᠬᠦ ᠳᠥ ᠥᠨᠥᠳᠥᠷ ᠦᠨ ᠪᠢᠽᠢᠨ᠋᠋ᠧᠰ ᠦᠨ ᠹᠣᠷᠣᠮ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ᠃

ᠡᠨᠡ ᠳᠠᠰᠢᠷᠠᠮ ᠳᠤ ᠮᠣᠩ᠋ᠭᠣᠯ ᠤᠯᠤᠰ ᠢᠷᠡᠬᠦ ᠭᠤᠷᠪᠠᠨ ᠵᠢᠯ ᠢ 《ᠮᠣᠩ᠋ᠭᠣᠯ ᠳᠤ ᠵᠣᠴᠢᠯᠠᠬᠤ ᠵᠢᠯ》 ᠪᠣᠯᠭᠠᠨ ᠵᠠᠷᠯᠠᠭᠰᠠᠨ ᠪᠥᠭᠡᠳ ᠲᠠ ᠪᠦᠬᠦᠨ ᠢ ᠮᠥᠩᠬᠡ ᠲᠩᠷᠢ ᠢᠢᠨ ᠣᠷᠣᠨ᠂ ᠶᠡᠬᠡ ᠡᠵᠡᠨᠲᠦ ᠭᠦᠷᠦᠨ ᠦ ᠥᠯᠥᠭᠡᠢ ᠨᠤᠲᠤᠭ᠂ ᠮᠠᠨ ᠤ ᠰᠠᠢᠢᠬᠠᠨ ᠡᠬᠡ ᠣᠷᠣᠨ ᠳᠤ ᠵᠣᠴᠢᠯᠠᠨ ᠢᠷᠡᠬᠦ ᠢᠢ ᠤᠷᠢᠵᠤ ᠪᠠᠢᠢᠨ᠎ᠠ᠃

ᠥᠨᠥᠳᠥᠷ ᠦᠨ ᠪᠢᠽᠢᠨ᠋᠋ᠧᠰ ᠦᠨ ᠹᠣᠷᠣᠮ ᠤᠨ ᠦᠢᠯᠡ ᠠᠵᠢᠯᠯᠠᠭᠠᠨ ᠳᠤ ᠠᠮᠵᠢᠯᠲᠠ ᠬᠦᠰᠡᠶ᠎ᠡ!

ᠮᠣᠩ᠋ᠭᠣᠯ᠂ ᠹᠷᠠᠨ᠋ᠼ  ᠤᠨ ᠠᠷᠠᠳ ᠲᠦᠮᠡᠨ ᠦ ᠭᠠᠩ ᠪᠠᠲᠤ ᠨᠠᠢᠢᠷᠠᠮᠳᠠᠯ ᠤᠯᠠᠮ ᠴᠡᠴᠡᠭᠯᠡᠨ ᠬᠥᠭ᠍ᠵᠢᠬᠦ ᠪᠣᠯᠲᠤᠭᠠᠢ᠃

ᠠᠩᠬᠠᠷᠤᠯ ᠲᠠᠯᠪᠢᠭᠰᠠᠨ ᠳᠤ ᠪᠠᠶᠠᠷᠯᠠᠯ᠎ᠠ》 ᠭᠡᠯ᠎ᠡ᠃