Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ᠂ ᠹᠷᠠᠨ᠋ᠼ ᠤᠨ ᠲᠥᠷᠥ ᠢᠢᠨ ᠲᠡᠷᠢᠭᠦᠨ ᠨᠠᠷ ᠬᠡᠪᠯᠡᠯ ᠳᠥ ᠮᠡᠳᠡᠭᠡᠯᠡᠯ ᠬᠢᠯ᠎ᠡ

ᠪᠦᠭᠦᠳᠡ ᠨᠠᠢᠢᠷᠠᠮᠳᠠᠬᠤ ᠹᠷᠠᠨ᠋ᠼ  ᠤᠯᠤᠰ ᠤᠨ ᠶᠡᠷᠦᠩᠬᠡᠢᠢᠯᠡᠭᠴᠢ ᠡᠮᠮᠠᠨᠤᠢᠡᠯ ᠮᠠᠺᠷᠣᠨ ᠤ ᠤᠷᠢᠯᠭ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠤᠰ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠲᠥᠷᠥ ᠢᠢᠨ ᠲᠡᠷᠢᠭᠦᠨ ᠨᠠᠷ ᠬᠡᠪᠯᠡᠯ ᠳᠥ ᠮᠡᠳᠡᠭᠡᠯᠡᠯ ᠬᠢᠯ᠎ᠡ᠃

ᠲᠥᠷᠥ ᠢᠢᠨ ᠲᠡᠷᠢᠭᠦᠨ ᠨᠠᠷ ᠤᠨ ᠬᠡᠯᠡᠯᠴᠡᠭᠡᠨ ᠦ ᠡᠮᠦᠨ᠎ᠡ ᠪᠣᠯᠤᠭᠰᠠᠨ ᠤᠭ ᠠᠷᠭ᠎ᠠ ᠬᠡᠮᠵᠢᠶᠡᠨ ᠦ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄


ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠡᠨᠳᠡ ᠬᠦᠷᠦᠯᠴᠡᠨ ᠢᠷᠡᠭᠰᠡᠨ ᠬᠡᠪᠯᠡᠯ ᠦᠨ ᠲᠥᠯᠥᠭᠡᠯᠡᠭᠴᠢᠳ ᠡ᠂

ᠬᠠᠲᠤᠭᠲᠠᠢ᠂ ᠨᠣᠶᠠᠳ ᠠ᠋᠂

ᠲᠠ ᠪᠦᠬᠦᠨ ᠳᠥ ᠡᠨᠡ ᠡᠳᠦᠷ ᠦᠨ ᠮᠡᠨᠳᠦ ᠬᠦᠷᠭᠡᠶ᠎ᠡ᠃

ᠥᠨᠢ ᠡᠷᠲᠡᠨ ᠦ ᠲᠡᠦᠬᠡᠲᠦ᠂ ᠥᠪ ᠰᠤᠶᠤᠯ ᠤᠨ ᠥᠯᠥᠭᠡᠢ ᠪᠣᠯᠤᠭᠰᠠᠨ ᠦᠵᠡᠰᠬᠦᠯᠡᠩᠲᠦ ᠰᠠᠢᠢᠬᠠᠨ ᠡᠬᠡ ᠣᠷᠣᠨ ᠳᠤ ᠪᠠᠨ ᠬᠠᠯᠠᠭᠤᠨ ᠳᠣᠲᠣᠨᠣ ᠪᠠᠷ ᠬᠦᠯᠢᠶᠡᠨ ᠠᠪᠴᠤ ᠪᠠᠢᠢᠭ᠎ᠠ ᠡᠷᠬᠢᠮᠰᠦᠭ ᠨᠣᠶᠠᠨ ᠶᠡᠷᠦᠩᠬᠡᠢᠢᠯᠡᠭᠴᠢ ᠡᠮᠮᠠᠨᠤᠢᠡᠯ ᠮᠠᠺᠷᠣᠨ ᠲᠠᠨ ᠳᠤ ᠪᠣᠯᠤᠨ ᠹᠷᠠᠨ᠋ᠼ  ᠤᠨ ᠨᠠᠢᠢᠷᠰᠠᠭ ᠠᠷᠠᠳ ᠲᠦᠮᠡᠨ ᠳᠥ ᠴᠢᠨᠭ᠌ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

ᠡᠷᠲᠡᠨ ᠦ ᠲᠡᠦᠬᠡᠲᠦ ᠮᠣᠩ᠋ᠭᠣᠯ᠂ ᠹᠷᠠᠨ᠋ᠼ  ᠬᠣᠶᠠᠷ ᠣᠷᠣᠨ ᠤ ᠲᠡᠦᠬᠡᠨ ᠬᠠᠷᠢᠯᠴᠠᠭ᠎ᠠ ᠲᠡᠷᠲᠡᠭᠡᠬᠢ 13 ᠳ᠋ᠤᠭᠠᠷ ᠵᠠᠭᠤᠨ ᠠᠴᠠ ᠡᠬᠢ ᠲᠡᠢ ᠪᠤᠶᠤ 1253 ᠣᠨ ᠳᠤ IX ᠯᠢᠶᠳᠦᠸᠢᠺ ᠬᠠᠭᠠᠨ ᠤ ᠡᠯᠴᠢ ᠾᠢᠶᠣᠮ ᠳᠥ‍᠂ ᠷᠦᠪᠷᠤᠢᠺ ᠶᠡᠬᠡ ᠮᠣᠩ᠋ᠭᠣᠯ ᠤᠯᠤᠰ ᠤᠨ ᠨᠡᠢᠢᠰᠯᠡᠯ ᠬᠠᠷᠠᠬᠣᠷᠣᠮ ᠬᠣᠲᠠ ᠳ᠋ᠤ ᠬᠦᠷᠦᠯᠴᠡᠨ ᠢᠷᠡᠵᠦ᠂ ᠴᠢᠩ᠋ᠭᠢᠰ ᠬᠠᠭᠠᠨ ᠤ ᠠᠴᠢ ᠮᠥᠩᠬᠡ ᠬᠠᠭᠠᠨ ᠳᠤ ᠪᠠᠷᠠᠭᠠᠯᠬᠠᠨ ᠲᠡᠭᠦᠨ ᠦ ᠣᠷᠳᠣᠨ ᠳᠤ ᠠᠮᠢᠳᠤᠷᠠᠵᠤ ᠪᠠᠢᠢᠭᠰᠠᠨ ᠲᠡᠦᠬᠡ ᠲᠡᠢ᠃

ᠮᠥᠨ ᠲᠡᠷᠡ ᠪᠡᠷ ᠮᠣᠩ᠋ᠭᠣᠯ ᠤᠨ ᠡᠵᠡᠨᠲᠦ ᠭᠦᠷᠦᠨ ᠳᠡᠯᠡᠬᠡᠢ ᠢᠢ ᠥᠭᠡᠷᠡᠴᠢᠯᠡᠭᠰᠡᠨ ᠲᠤᠬᠠᠢ ᠭᠠᠢᠢᠬᠠᠮᠰᠢᠭᠲᠤ ᠲᠡᠦᠬᠡ ᠢᠢ ᠪᠢᠴᠢᠵᠦ ᠦᠯᠡᠳᠡᠭᠡᠭ᠍ᠰᠡᠨ ᠪᠠᠢᠢᠳᠠᠭ᠃

ᠲᠡᠭᠦᠨ ᠡᠴᠡ ᠬᠣᠢᠢᠰᠢ ᠢᠯ ᠬᠠᠭᠠᠨᠲᠤ ᠤᠯᠤᠰ ᠤᠨ ᠠᠷᠭᠤᠨ ᠬᠠᠭᠠᠨ᠂ ᠥᠯᠵᠡᠢᠢᠲᠦ ᠬᠠᠭᠠᠨ ᠨᠠᠷ ᠹᠷᠠᠨ᠋ᠼ  ᠤᠨ ᠭᠣᠸ᠎ᠠ ᠹᠢᠯᠢᠫᠫ ᠬᠠᠭᠠᠨ ᠲᠠᠢ ᠬᠠᠷᠢᠯᠴᠠᠵᠤ ᠪᠠᠢᠢᠭᠰᠠᠨ ᠵᠠᠬᠢᠳᠠᠯ ᠤᠳ ᠥᠨᠥᠳᠥᠷ ᠢ ᠬᠦᠷᠲᠡᠯ᠎ᠡ ᠬᠠᠳᠠᠭᠠᠯᠠᠭᠳᠠᠨ ᠢᠷᠡᠭᠰᠡᠨ ᠨᠢ ᠲᠡᠦᠬᠡ ᠢᠢᠨ ᠴᠢᠬᠤᠯᠠ ᠡᠬᠢ ᠰᠤᠷᠪᠤᠯᠵᠢ ᠪᠣᠯᠳᠠᠭ ᠪᠥᠭᠡᠳ ᠮᠣᠩ᠋ᠭᠣᠯ᠂ ᠹᠷᠠᠨ᠋ᠼ  ᠬᠣᠶᠠᠷ ᠣᠷᠣᠨ ᠤ ᠬᠠᠷᠢᠯᠴᠠᠭ᠎ᠠ ᠲᠤᠬᠠᠢ ᠢᠢᠨ ᠦᠶ᠎ᠡ ᠳᠥ ᠶᠠᠮᠪᠠᠷ ᠲᠦᠪᠰᠢᠨ ᠳᠥ ᠬᠦᠷᠦᠭᠰᠡᠨ ᠪᠠᠢᠢᠭᠰᠠᠨ ᠢ ᠭᠡᠷᠡᠴᠢᠯᠡᠨ ᠬᠠᠷᠠᠭᠤᠯᠳᠠᠭ᠃

ᠲᠡᠭᠦᠨᠴᠢᠯᠡᠨ ᠹᠷᠠᠨ᠋ᠼ  ᠤᠨ ᠤᠷᠠᠨ ᠳᠠᠷᠬᠠᠨ ᠾᠢᠶᠣᠮ ᠳᠥ‍᠂ ᠪᠤᠱᠧ ᠢᠢᠨ ᠤᠷᠠᠯᠠᠭᠰᠠᠨ ᠠᠯᠳᠠᠷᠲᠤ ᠮᠥᠩ᠋ᠭᠥᠨ ᠮᠣᠳᠣ ᠮᠣᠩ᠋ᠭᠣᠯ ᠤᠨ ᠡᠵᠡᠨ ᠬᠠᠭᠠᠨ ᠤ ᠣᠷᠳᠣᠨ ᠳᠤ ᠰᠦᠨᠳᠡᠷᠯᠡᠵᠦ᠂ ᠶᠡᠬᠡ ᠮᠣᠩ᠋ᠭᠣᠯ ᠤᠯᠤᠰ ᠤᠨ ᠨᠡᠢᠢᠰᠯᠡᠯ ᠬᠠᠷᠠᠬᠣᠷᠣᠮ ᠬᠣᠲᠠ ᠢᠢᠨ ᠨᠢᠭᠡᠨ ᠭᠠᠢᠢᠬᠠᠮᠰᠢᠭ ᠪᠣᠯᠤᠨ ᠱᠠᠭᠰᠢᠭᠳᠠᠵᠤ ᠪᠠᠢᠢᠭᠰᠠᠨ ᠲᠡᠦᠬᠡ ᠲᠡᠢ᠃

ᠲᠡᠭᠡᠪᠡᠯ ᠮᠣᠩ᠋ᠭᠣᠯ᠂ ᠹᠷᠠᠨ᠋ᠼ  ᠤᠨ ᠣᠷᠴᠢᠨ ᠴᠠᠭ ᠤᠨ ᠬᠠᠷᠢᠯᠴᠠᠭ᠎ᠠ 1965 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠦᠶ ᠡ ᠡᠴᠡ ᠡᠬᠢᠯᠡᠯ ᠲᠡᠢ ᠪᠥᠭᠡᠳ ᠮᠣᠩ᠋ᠭᠣᠯ ᠤᠯᠤᠰ ᠹᠷᠠᠨ᠋ᠼ  ᠤᠯᠤᠰ ᠢ ᠮᠠᠨ ᠤ ᠭᠤᠷᠪᠠᠳᠠᠭᠴᠢ ᠬᠥᠷᠰᠢ᠂ ᠧᠦ᠋ᠷᠣᠫᠠ ᠳ᠋ᠠᠬᠢ ᠳᠣᠲᠣᠨ ᠤ ᠢᠲᠡᠭᠡᠯᠲᠦ ᠲᠦᠩᠰᠢ ᠬᠡᠮᠡᠨ ᠦᠵᠡᠳᠡᠭ ᠪᠢᠯᠡ᠃

ᠲᠡᠷᠲᠡᠭᠡᠬᠢ 1253 ᠣᠨ ᠳᠤ ᠹᠷᠠᠨ᠋ᠼ  ᠤᠨ IX ᠯᠢᠶᠳᠦᠸᠢᠺ ᠬᠠᠭᠠᠨ ᠮᠣᠩ᠋ᠭᠣᠯ-ᠹᠷᠠᠨ᠋ᠼ  ᠤᠨ ᠬᠠᠷᠢᠯᠴᠠᠭᠠᠨ ᠤ ᠲᠡᠦᠬᠡ ᠢᠢ ᠡᠬᠢᠯᠡᠭᠦᠯᠵᠦ ᠪᠠᠢᠢᠭᠰᠠᠨ ᠪᠣᠯ 770 ᠵᠢᠯ ᠦᠨ ᠳᠠᠷᠠᠭ᠎ᠠ ᠪᠤᠶᠤ 2023 ᠣᠨ ᠳᠤ ᠪᠦᠭᠦᠳᠡ ᠨᠠᠢᠢᠷᠠᠮᠳᠠᠬᠤ ᠹᠷᠠᠨ᠋ᠼ  ᠤᠯᠤᠰ ᠤᠨ ᠶᠡᠷᠦᠩᠬᠡᠢᠢᠯᠡᠭᠴᠢ ᠡᠮᠮᠠᠨᠤᠢᠡᠯ ᠮᠠᠺᠷᠣᠨ ᠮᠣᠩ᠋ᠭᠣᠯ ᠤᠯᠤᠰ ᠲᠤ ᠠᠩᠬ᠎ᠠ ᠤᠳᠠᠭ᠎ᠠ ᠲᠥᠷᠥ ᠢᠢᠨ ᠠᠢᠢᠯᠴᠢᠯᠠᠯ ᠬᠢᠵᠦ᠂ ᠮᠣᠩ᠋ᠭᠣᠯ᠂ ᠹᠷᠠᠨ᠋ᠼ  ᠤᠨ ᠠᠷᠠᠳ ᠲᠦᠮᠡᠨ ᠦ ᠡᠷᠲᠡᠨ ᠦ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠲᠡᠦᠬᠡᠨ ᠰᠢᠨ᠎ᠡ ᠠᠭᠤᠯᠭ᠎ᠠ ᠪᠠᠷ ᠪᠠᠶᠠᠵᠢᠭᠤᠯᠤᠨ᠂ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠨᠡᠭᠡᠭᠡᠭ᠍ᠰᠡᠨ ᠴᠢᠬᠤᠯᠠ ᠦᠢᠯᠡ ᠶᠠᠪᠤᠳᠠᠯ ᠪᠣᠯᠤᠭᠰᠠᠨ᠃
ᠡᠷᠬᠢᠮ ᠬᠦᠨᠳᠦᠳᠥ ᠶᠡᠷᠦᠩᠬᠡᠢᠢᠯᠡᠭᠴᠢ ᠲᠠᠨ ᠤ ᠮᠣᠩ᠋ᠭᠣᠯ ᠤᠯᠤᠰ ᠲᠤ ᠬᠢᠭ᠍ᠰᠡᠨ ᠠᠢᠢᠯᠴᠢᠯᠠᠯ ᠤᠨ ᠦᠶ᠎ᠡ ᠪᠡᠷ ᠮᠠᠨ ᠤ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥ᠍ᠭᠵᠢᠭᠦᠯᠬᠦ ᠳᠥ ᠴᠢᠭᠯᠡᠭᠰᠡᠨ ᠣᠯᠠᠨ ᠴᠢᠬᠤᠯᠠ ᠠᠰᠠᠭᠤᠳᠠᠯ ᠢᠶᠠᠷ ᠰᠠᠨᠠᠯ ᠪᠣᠳᠣᠯ ᠢᠶᠠᠨ ᠰᠣᠯᠢᠯᠴᠠᠵᠤ᠂ ᠬᠣᠶᠠᠷ ᠤᠯᠤᠰ ᠲᠦᠩᠰᠢᠯᠡᠯ ᠦᠨ ᠲᠦᠪᠰᠢᠨ ᠢᠶᠡᠨ ᠠᠬᠢᠭᠤᠯᠤᠨ᠂ ᠣᠨᠴᠤᠭᠤᠢ ᠡᠷᠬᠡᠲᠦ ᠲᠦᠩᠰᠢᠯᠡᠯ ᠦᠨ ᠬᠠᠷᠢᠯᠴᠠᠭ᠎ᠠ ᠲᠣᠭᠲᠠᠭᠠᠭᠰᠠᠨ ᠢᠶᠠᠨ ᠬᠠᠮᠲᠤᠷᠠᠨ ᠲᠤᠩᠬᠠᠭᠯᠠᠭᠰᠠᠨ ᠪᠢᠯᠡ᠃

ᠲᠡᠭᠡᠪᠡᠯ ᠥᠨᠥᠳᠥᠷ ᠲᠠᠨ ᠤ ᠰᠠᠢᠢᠬᠠᠨ ᠣᠷᠣᠨ ᠳᠤ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠡᠨᠡ ᠬᠦ ᠲᠥᠷᠥ ᠢᠢᠨ ᠠᠢᠢᠯᠴᠢᠯᠠᠯ ᠨᠢ 《ᠭᠤᠷᠪᠠᠳᠠᠭᠴᠢ ᠬᠥᠷᠰᠢ》᠍ ᠦᠨ ᠪᠣᠳᠣᠯᠭ᠎ᠠ ᠪᠠᠨ ᠦᠷ᠎ᠡ ᠳ᠋ᠦᠩ ᠲᠡᠢ ᠬᠡᠷᠡᠭᠵᠢᠭᠦᠯᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠠᠭᠤᠯᠭ᠎ᠠ ᠪᠠᠷ ᠪᠠᠶᠠᠵᠢᠭᠤᠯᠵᠤ᠂ 《ᠮᠣᠩ᠋ᠭᠣᠯ᠂ ᠹᠷᠠᠨ᠋ᠼ  ᠤᠨ ᠬᠠᠮᠲᠤᠷᠠᠭᠰᠠᠨ ᠲᠤᠩᠬᠠᠭᠯᠠᠯ》 ᠍ ᠤᠨ ᠬᠦᠷᠢᠶᠡᠨ ᠳᠥ ᠬᠠᠷᠢᠯᠴᠠᠨ ᠲᠣᠬᠢᠷᠠᠯᠴᠠᠭᠰᠠᠨ ᠠᠰᠠᠭᠤᠳᠠᠯ ᠤᠳ ᠢ ᠪᠣᠳᠠᠲᠤ ᠠᠵᠢᠯ ᠬᠡᠷᠡᠭ ᠪᠣᠯᠭᠠᠬᠤ ᠳᠤ ᠴᠢᠭᠯᠡᠭᠳᠡᠵᠦ ᠪᠠᠢᠢᠨ᠎ᠠ᠃

ᠡᠷᠬᠢᠮ ᠬᠦᠨᠳᠦᠳᠥ ᠶᠡᠷᠦᠩᠬᠡᠢᠢᠯᠡᠭᠴᠢ ᠡ᠂

ᠮᠣᠩ᠋ᠭᠣᠯ ᠤᠯᠤᠰ ᠧᠦ᠋ᠷᠣᠫᠠ ᠢᠢᠨ ᠬᠣᠯᠪᠣᠭ᠎ᠠ ᠲᠠᠢ ᠪᠠᠢᠢᠭᠤᠯᠤᠭᠰᠠᠨ ᠲᠦᠩᠰᠢᠯᠡᠯ᠂ ᠬᠠᠮᠲᠤ ᠢᠢᠨ ᠠᠵᠢᠯᠯᠠᠭᠠᠨ ᠤ ᠬᠡᠯᠡᠯᠴᠡᠭᠡᠷ ᠦᠨ ᠬᠦᠷᠢᠶᠡᠨ ᠳᠥ ᠹᠷᠠᠨ᠋ᠼ  ᠤᠯᠤᠰ ᠲᠠᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠲᠡᠯᠡᠬᠦ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢ ᠴᠢᠬᠤᠯᠠᠴᠢᠯᠠᠵᠤ ᠪᠠᠢᠢᠨ᠎ᠠ᠃

ᠡᠨᠡ ᠬᠦᠷᠢᠶᠡᠨ ᠳᠥ ᠰᠢᠨᠵᠢᠯᠡᠬᠦ ᠤᠬᠠᠭᠠᠨ᠂ ᠲᠧᠭᠨᠣᠯᠣᠭᠢ᠂ ᠢᠨᠨᠣᠸᠠᠴ ᠢᠢᠠᠷ ᠳᠡᠯᠡᠬᠡᠢ ᠳᠥ ᠲᠡᠷᠢᠭᠦᠯᠡᠭᠴᠢ ᠤᠯᠤᠰ ᠤᠨ ᠨᠢᠭᠡ ᠪᠣᠯᠬᠤ ᠹᠷᠠᠨ᠋ᠼ  ᠤᠯᠤᠰ ᠲᠠᠢ ᠬᠠᠷᠢᠯᠴᠠᠭ᠎ᠠ ᠬᠣᠯᠪᠣᠭᠠᠨ ᠤ ᠬᠢᠮᠡᠯ ᠳᠠᠭᠠᠭᠤᠯᠢ᠂ ᠴᠡᠪᠡᠷ ᠡᠷᠴᠢᠮ ᠬᠦᠴᠦ᠂ ᠨᠡᠩ ᠴᠢᠬᠤᠯᠠ ᠠᠰᠢᠭᠲᠤ ᠮᠠᠯᠲᠠᠮᠠᠯ᠂ ᠬᠦᠨᠡᠰᠦ᠂ ᠬᠥᠳᠡᠭᠡ ᠠᠵᠤ ᠠᠬᠤᠢ᠂ ᠪᠠᠢᠢᠭᠠᠯᠢ ᠣᠷᠴᠢᠨ᠂ ᠭᠠᠮᠰᠢᠭ ᠲᠠᠢ ᠲᠡᠮᠡᠴᠡᠬᠦ᠂ ᠡᠷᠡᠭᠦᠯ ᠮᠡᠨᠳᠦ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠵᠠᠮ ᠲᠡᠭᠡᠭᠡᠪᠦᠷᠢ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠠᠨ ᠤᠯᠠᠮ ᠥᠷᠭᠡᠵᠢᠭᠦᠯᠦᠨ ᠬᠥᠭ᠍ᠵᠢᠭᠦᠯᠬᠦ ᠳᠥ ᠳᠡᠭᠡᠳᠦ ᠬᠡᠮᠵᠢᠶᠡᠨ ᠦ ᠬᠠᠷᠢᠯᠴᠠᠨ ᠠᠢᠢᠯᠴᠢᠯᠠᠯ ᠤᠳ ᠴᠢᠬᠤᠯᠠ ᠲᠦᠯᠬᠢᠴᠡ ᠦᠵᠡᠭᠦᠯᠵᠦ ᠪᠠᠢᠢᠨ᠎ᠠ᠃

ᠮᠥᠨ ᠮᠣᠩ᠋ᠭᠣᠯ᠂ ᠹᠷᠠᠨ᠋ᠼ  ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠤᠭᠰᠠᠨ ᠬᠠᠷᠢᠯᠴᠠᠨ ᠠᠰᠢᠭᠲᠠᠢ ᠰᠲ᠋ᠷᠠᠲ᠋ᠧᠭᠢ ᠢᠢᠨ ᠲᠣᠮᠣᠬᠠᠨ ᠲᠥᠰᠥᠯ ᠬᠥᠲᠥᠯᠪᠦᠷᠢ ᠨᠦᠭᠦᠳ ᠢ ᠪᠣᠳᠠᠲᠤ ᠠᠵᠢᠯ ᠬᠡᠷᠡᠭ ᠪᠣᠯᠭᠠᠬᠤ ᠳᠤ ᠡᠨᠡ ᠤᠳᠠᠭ᠎ᠠ ᠢᠢᠨ ᠲᠥᠷᠥ ᠢᠢᠨ ᠠᠢᠢᠯᠴᠢᠯᠠᠯ ᠵᠣᠬᠢᠬᠤ ᠡᠭᠦᠷᠭᠡ ᠭᠦᠢᠴᠡᠳᠭᠡᠵᠦ᠂ ᠮᠠᠨ ᠤ ᠬᠣᠶᠠᠷ ᠣᠷᠣᠨ ᠤ ᠣᠨᠴᠤᠭᠤᠢ ᠡᠷᠬᠡᠲᠦ ᠲᠦᠩᠰᠢᠯᠡᠯ ᠢ ᠪᠠᠲᠤᠳᠬᠠᠨ ᠪᠡᠬᠢᠵᠢᠭᠦᠯᠵᠦ᠂ ᠬᠥᠷᠥᠩ᠋ᠭᠡ ᠣᠷᠣᠭᠤᠯᠤᠯᠲᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠦᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃

ᠮᠠᠨ ᠤ ᠬᠣᠶᠠᠷ ᠤᠯᠤᠰ ᠭᠠᠵᠠᠷᠵᠦᠢ ᠢᠢᠨ ᠪᠠᠢᠢᠷᠢᠰᠢᠯ ᠤᠨ ᠬᠤᠪᠢ ᠳᠤ ᠠᠯᠤᠰ ᠬᠣᠯᠠ ᠣᠷᠣᠰᠢᠳᠠᠭ ᠬᠡᠳᠦᠢ ᠴᠤ ᠪᠢᠳᠡᠨ ᠦ ᠥᠨᠢ ᠡᠷᠲᠡᠨ ᠦ ᠲᠡᠦᠬᠡ᠂ ᠥᠪ ᠰᠤᠶᠤᠯ ᠤᠨ ᠨᠠᠨᠳᠢᠨ ᠬᠠᠷᠢᠯᠴᠠᠭ᠎ᠠ ᠮᠠᠨ ᠤ ᠬᠣᠶᠠᠷ ᠣᠷᠣᠨ ᠤ ᠠᠷᠠᠳ ᠢᠷᠭᠡᠳ ᠢ ᠣᠶᠤᠨ ᠰᠠᠨᠠᠭ᠎ᠠ᠂ ᠵᠢᠷᠦᠬᠡ ᠰᠡᠳᠬᠢᠯ ᠦᠨ ᠬᠤᠪᠢ ᠳᠤ ᠢᠮᠠᠭᠲᠠ ᠬᠣᠯᠪᠣᠵᠤ ᠢᠷᠡᠭᠰᠡᠨ ᠪᠢᠯᠡ᠃

ᠡᠷᠬᠢᠮ ᠬᠦᠨᠳᠦᠳᠥ ᠶᠡᠷᠦᠩᠬᠡᠢᠢᠯᠡᠭᠴᠢ ᠲᠠ ᠪᠢᠳᠡᠨ ᠦ ᠢᠪᠡᠭᠡᠯ ᠳᠣᠣᠷ᠎ᠠ ᠡᠨᠡ ᠤᠳᠠᠭ᠎ᠠ ᠵᠣᠬᠢᠶᠠᠨ ᠪᠠᠢᠢᠭᠤᠯᠤᠭᠳᠠᠵᠤ ᠪᠤᠢ 《ᠴᠢᠩ᠋ᠭᠢᠰ ᠬᠠᠭᠠᠨ – ᠮᠣᠩ᠋ᠭᠣᠯᠴᠤᠳ ᠳᠡᠯᠡᠬᠡᠢ ᠢᠢ ᠥᠭᠡᠷᠡᠴᠢᠯᠡᠭᠰᠡᠨ ᠨᠢ》 ᠲᠡᠦᠬᠡᠨ ᠦᠵᠡᠰᠬᠦᠯᠡᠩ ᠨᠠᠨᠲ ᠬᠣᠲᠠ ᠢᠢᠨ ᠦᠨᠳᠦᠰᠦᠨ ᠦ ᠲᠡᠦᠬᠡ ᠢᠢᠨ ᠮᠦᠽᠧᠢ ᠳᠥ ᠮᠠᠷᠭᠠᠰᠢ ᠨᠡᠭᠡᠭᠡᠯᠲᠡ ᠪᠡᠨ ᠬᠢᠬᠦ ᠭᠡᠵᠦ ᠪᠠᠢᠢᠭ᠎ᠠ ᠨᠢ ᠡᠭᠦᠨ ᠦ ᠨᠢᠭᠡ ᠲᠣᠳᠣ ᠵᠢᠱᠢᠶ᠎ᠡ ᠪᠣᠯᠵᠤ ᠪᠠᠢᠢᠨ᠎ᠠ᠃

ᠡᠨᠡ ᠬᠦ ᠦᠵᠡᠰᠬᠦᠯᠡᠩ ᠨᠢ ᠮᠣᠩ᠋ᠭᠣᠯᠴᠤᠳ ᠪᠢᠳᠡᠨ ᠦ ᠲᠡᠦᠬᠡ᠂ ᠰᠤᠶᠤᠯ᠂ ᠥᠪ ᠤᠯᠠᠮᠵᠢᠯᠠᠯ ᠪᠣᠯᠤᠨ ᠮᠠᠨ ᠤ ᠬᠣᠶᠠᠷ ᠤᠯᠤᠰ ᠤᠨ ᠲᠡᠦᠬᠡᠨ ᠬᠠᠷᠢᠯᠴᠠᠭ᠎ᠠ ᠢᠢ ᠹᠷᠠᠨ᠋ᠼ  ᠤᠯᠤᠰ ᠲᠤ ᠲᠡᠳᠦᠢ ᠦᠭᠡᠢ ᠳᠡᠯᠡᠬᠡᠢ ᠨᠡᠢᠢᠲᠡ ᠳᠥ ᠰᠤᠷᠲᠠᠯᠴᠢᠯᠠᠨ ᠲᠠᠨᠢᠭᠤᠯᠬᠤ ᠳᠤ ᠣᠨᠴᠤᠭᠤᠢ ᠴᠢᠬᠤᠯᠠ ᠠᠴᠢ ᠬᠣᠯᠪᠣᠭᠳᠠᠯ ᠲᠠᠢ ᠶᠤᠮ᠃

ᠮᠥᠨ ᠹᠷᠠᠨ᠋ᠼ  ᠤᠯᠤᠰ ᠤᠨ ᠪᠠᠶᠠᠯᠢᠭ ᠶᠡᠬᠡ ᠲᠡᠦᠬᠡ ᠢᠢᠨ ᠥᠯᠥᠭᠡᠢ ᠪᠣᠯᠬᠤ ᠸᠧᠷᠰᠠᠯ ᠤᠨ ᠣᠷᠳᠣᠨ ᠤ ᠬᠠᠭᠠᠨ ᠤ ᠳᠠᠭᠤᠷᠢ ᠢᠢᠨ ᠲᠢᠶᠠᠲ᠋ᠷ ᠲᠤ ᠮᠣᠩ᠋ᠭᠣᠯ ᠤᠯᠤᠰ ᠤᠨ ᠮᠣᠷᠢᠨ ᠬᠤᠭᠤᠷ ᠤᠨ ᠴᠢᠭᠤᠯᠭ᠎ᠠ ᠢᠢᠨ ᠨᠠᠢᠢᠷᠠᠯ ᠬᠥᠭ᠍ᠵᠢᠮ ᠠᠩᠬ᠎ᠠ ᠤᠳᠠᠭ᠎ᠠ ᠡᠭᠡᠰᠢᠭᠯᠡᠵᠦ᠂ ᠬᠥᠬᠡ ᠲᠩᠷᠢ ᠢᠢᠨ ᠣᠷᠣᠨ᠂ ᠲᠠᠯ᠎ᠠ ᠨᠤᠲᠤᠭ ᠤᠨ ᠠᠶᠠᠯᠭᠤ ᠪᠠᠷ ᠹᠷᠠᠨ᠋ᠼ  ᠠᠨᠳᠠ ᠨᠥᠬᠥᠳ ᠦᠨ ᠢᠶᠡᠨ ᠰᠣᠨᠣᠷ ᠢ ᠮᠢᠯᠢᠶᠠᠨ᠂ ᠰᠡᠳᠬᠢᠯ ᠬᠥᠳᠡᠯᠡᠮ᠎ᠡ ᠰᠠᠢᠢᠬᠠᠨ ᠳᠤᠷᠠᠰᠤᠮᠵᠢ ᠢᠢ ᠬᠠᠮᠲᠤ ᠳᠤ ᠪᠠᠨ ᠪᠦᠲᠦᠭᠡᠵᠦ ᠪᠤᠢ ᠳᠤ ᠪᠠᠶᠠᠷᠲᠠᠢ ᠪᠠᠢᠢᠨ᠎ᠠ᠃

ᠡᠨᠡ ᠬᠦ ᠲᠡᠦᠬᠡ ᠰᠤᠶᠤᠯ ᠤᠨ ᠠᠷᠭ᠎ᠠ ᠬᠡᠮᠵᠢᠶ᠎ᠡ ᠢᠢ ᠲᠠᠯᠠᠷᠬᠠᠨ ᠳᠡᠮᠵᠢᠭᠰᠡᠨ ᠡᠷᠬᠢᠮ ᠬᠦᠨᠳᠦᠳᠥ ᠶᠡᠷᠦᠩᠬᠡᠢᠢᠯᠡᠭᠴᠢ ᠲᠠᠨ ᠳᠤ ᠪᠣᠯᠤᠨ ᠹᠷᠠᠨ᠋ᠼ  ᠤᠯᠤᠰ ᠤᠨ ᠵᠠᠰᠠᠭ ᠤᠨ ᠭᠠᠵᠠᠷ ᠲᠤ ᠴᠢᠨᠭ᠌ ᠰᠡᠳᠬᠢᠯ ᠦᠨ ᠲᠠᠯᠠᠷᠬᠠᠯ ᠢᠯᠡᠷᠬᠡᠢᠢᠯᠡᠶ᠎ᠡ᠃

ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠬᠥᠷᠦᠰᠦᠨ ᠦ ᠳᠣᠷᠣᠢᠢᠲᠠᠯ᠂ ᠲᠡᠭᠦᠨ ᠡᠴᠡ ᠡᠭᠦᠳᠦᠯᠲᠡᠢ ᠬᠦᠨᠡᠰᠦᠨ ᠦ ᠬᠣᠮᠰᠠᠳᠠᠯ ᠵᠡᠷᠭᠡ ᠳᠡᠯᠡᠬᠡᠢ ᠨᠡᠢᠢᠲᠡ ᠳᠥ ᠲᠤᠯᠭᠠᠷᠴᠤ ᠪᠤᠢ ᠰᠣᠷᠢᠯᠲᠠ ᠪᠡᠷᠬᠡᠰᠢᠶᠡᠯ ᠢ ᠰᠢᠢᠳᠪᠦᠷᠢᠯᠡᠬᠦ ᠳᠥ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠤᠯᠤᠰ ᠣᠷᠣᠨ ᠪᠦᠷᠢ ᠢᠢᠨ ᠬᠦᠴᠦᠨ ᠴᠢᠷᠮᠠᠢᠢᠯᠲᠠ᠂ ᠬᠤᠪᠢ ᠨᠡᠮᠡᠷᠢ ᠨᠡᠩ ᠴᠢᠬᠤᠯᠠ ᠶᠤᠮ᠃

ᠮᠣᠩ᠋ᠭᠣᠯ ᠤᠯᠤᠰ ᠳᠡᠯᠡᠬᠡᠢ ᠨᠡᠢᠢᠲᠡ ᠢᠢᠨ ᠡᠮᠦᠨ᠎ᠡ ᠲᠤᠯᠭᠠᠮᠳᠠᠵᠤ ᠪᠤᠢ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠥᠭᠡ ᠢᠢ ᠪᠠᠭᠤᠷᠠᠭᠤᠯᠬᠤ ᠳᠤ ᠥᠪᠡᠷ ᠦᠨ ᠬᠤᠪᠢ ᠨᠡᠮᠡᠷᠢ ᠪᠡᠨ ᠤᠷᠤᠭᠤᠯᠬᠤ ᠵᠣᠷᠢᠯᠭ᠎ᠠ ᠲᠠᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠹᠷᠠᠨ᠋ᠼ  ᠤᠯᠤᠰ ᠤᠨ 《ᠣᠢ ᠢᠢᠨ ᠳᠡᠭᠡᠳᠦ ᠬᠡᠮᠵᠢᠶᠡᠨ ᠦ ᠠᠭᠤᠯᠵᠠᠯᠲᠠ》 ᠍ ᠠᠴᠠ ᠭᠠᠷᠤᠭᠰᠠᠨ ᠰᠠᠨᠠᠭᠠᠴᠢᠯᠠᠭ᠎ᠠ ᠨᠤᠭᠤᠳ ᠲᠠᠢ ᠤᠶᠠᠯᠳᠤᠭᠤᠯᠵᠤ᠂ ᠬᠠᠮᠲᠤᠷᠠᠨ ᠠᠵᠢᠯᠯᠠᠬᠤ ᠪᠠᠷ ᠲᠣᠬᠢᠷᠠᠭᠰᠠᠨ ᠢ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠮᠥᠨ 2026 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨ᠋ᠼ ᠤᠨ ᠲᠠᠯ ᠠ ᠤᠳ ᠤᠨ 17 ᠍ ᠳᠦᠭᠠᠷ ᠪᠠᠭ᠎ᠠ ᠬᠤᠷᠠᠯ ᠢ ᠮᠣᠩ᠋ᠭᠣᠯ ᠤᠯᠤᠰ ᠡᠬᠡ ᠣᠷᠣᠨ ᠳᠤ ᠪᠠᠨ ᠵᠣᠬᠢᠶᠠᠨ ᠪᠠᠢᠢᠭᠤᠯᠬᠤ ᠪᠠᠷ ᠠᠵᠢᠯᠯᠠᠵᠤ ᠪᠠᠢᠢᠭ᠎ᠠ ᠪᠥᠭᠡᠳ ᠡᠨᠡ ᠬᠦ ᠬᠤᠷᠠᠯ ᠢ ᠠᠮᠵᠢᠯᠲᠠᠲᠠᠢ ᠵᠣᠬᠢᠶᠠᠨ ᠪᠠᠢᠢᠭᠤᠯᠬᠤ ᠳᠤ ᠬᠠᠮᠲᠤᠷᠠᠨ ᠠᠵᠢᠯᠯᠠᠬᠤ ᠪᠠᠷ ᠪᠣᠯᠤᠭᠰᠠᠨ ᠳᠤ ᠲᠠᠯᠠᠷᠬᠠᠵᠤ ᠪᠠᠢᠢᠨ᠎ᠠ᠃

ᠴᠢᠨᠠᠭᠰᠢᠳᠠ ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠲᠦᠪᠰᠢᠨ ᠳᠥ ᠡᠬᠡ ᠳᠡᠯᠡᠬᠡᠢ᠂ ᠬᠦᠮᠦᠨ ᠲᠥᠷᠥᠯᠬᠢᠲᠡᠨ ᠦ ᠰᠠᠢᠢᠨ ᠰᠠᠢᠢᠬᠠᠨ ᠤ ᠲᠥᠯᠦᠭᠡᠬᠢ ᠨᠡᠢᠢᠲᠡᠯᠢᠭ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ ᠢᠢᠨ ᠲᠥᠯᠥᠭᠡ ᠦᠷ᠎ᠡ ᠳ᠋ᠦᠩ ᠲᠡᠢ᠂ ᠨᠢᠬᠲᠠ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠡᠨᠡ ᠳᠠᠰᠢᠷᠠᠮ ᠳᠤ ᠬᠦᠮᠦᠨ ᠲᠥᠷᠥᠯᠬᠢᠲᠡᠨ ᠦ ᠡᠩᠬᠡᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠵᠤᠨ ᠤ ᠣᠯᠢᠮᠫ ᠤᠨ 33 ᠍ ᠳᠤᠭᠠᠷ ᠶᠡᠬᠡ ᠨᠠᠭᠠᠳᠤᠮ ᠫᠠᠷᠢᠰ-2024 ᠍ ᠢ ᠢᠷᠡᠬᠦ ᠣᠨ ᠳᠤ ᠡᠬᠡ ᠣᠷᠣᠨ ᠳᠤ ᠪᠠᠨ ᠬᠦᠯᠢᠶᠡᠨ ᠠᠪᠬᠤ ᠹᠷᠠᠨ᠋ᠼ  ᠤᠯᠤᠰ᠂ ᠹᠷᠠᠨ᠋ᠼ  ᠤᠨ ᠠᠷᠠᠳ ᠲᠦᠮᠡᠨ ᠳᠥ ᠪᠠᠶᠠᠷ ᠬᠦᠷᠭᠡᠵᠦ᠂ ᠠᠮᠵᠢᠯᠲᠠ ᠬᠦᠰᠡᠶ᠎ᠡ᠃

ᠮᠣᠩ᠋ᠭᠣᠯ᠂ ᠹᠷᠠᠨ᠋ᠼ  ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠦᠶ᠎ᠡ ᠢᠢᠨ ᠦᠶ᠎ᠡ ᠳᠥ ᠪᠠᠲᠤᠵᠢᠨ ᠪᠡᠬᠢᠵᠢᠵᠦ᠂ ᠥᠨᠢ ᠮᠥᠩᠬᠡᠳᠡ ᠴᠡᠴᠡᠭᠯᠡᠨ ᠬᠥᠭ᠍ᠵᠢᠬᠦ ᠪᠣᠯᠲᠤᠭᠠᠢ᠃

ᠠᠩᠬᠠᠷᠤᠯ ᠬᠠᠨᠳᠤᠭᠤᠯᠤᠭᠰᠠᠨ ᠲᠠ ᠪᠦᠬᠦᠨ ᠳᠥ ᠪᠠᠶᠠᠷᠯᠠᠯ᠎ᠠ》 ᠭᠡᠯ᠎ᠡ᠃

ᠪᠦᠭᠦᠳᠡ ᠨᠠᠢᠢᠷᠠᠮᠳᠠᠬᠤ ᠹᠷᠠᠨ᠋ᠼ  ᠤᠯᠤᠰ ᠤᠨ ᠶᠡᠷᠦᠩᠬᠡᠢᠢᠯᠡᠭᠴᠢ ᠡᠮᠮᠠᠨᠤᠢᠡᠯ ᠮᠠᠺᠷᠣᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠠᠢᠢᠯᠴᠢᠯᠠᠯ ᠤᠨ ᠬᠦᠷᠢᠶᠡᠨ ᠳᠥ ᠭᠡᠷ᠎ᠡ᠂ ᠬᠡᠯᠡᠯᠴᠡᠭᠡᠷ ᠦᠳ ᠢ ᠰᠢᠨ᠎ᠡ ᠪᠡᠷ ᠪᠠᠢᠢᠭᠤᠯᠤᠭᠰᠠᠨ ᠢᠶᠠᠷ ᠬᠠᠮᠲᠤ ᠢᠢᠨ ᠠᠵᠢᠯᠯᠠᠭ᠎ᠠ ᠢᠳᠡᠪᠬᠢᠵᠢᠨ᠎ᠡ ᠭᠡᠳᠡᠭ ᠢ ᠬᠡᠯᠡᠯ᠎ᠡ᠃

ᠲᠡᠭᠦᠨᠴᠢᠯᠡᠨ ᠰᠠᠨᠰᠠᠷ ᠤᠨ ᠬᠣᠯᠪᠣᠭ᠎ᠠ᠂ ᠡᠷᠴᠢᠮ ᠬᠦᠴᠦ᠂ ᠬᠦᠨᠡᠰᠦ᠂ ᠬᠥᠳᠡᠭᠡ ᠠᠵᠤ ᠠᠬᠤᠢ᠂ ᠪᠠᠢᠢᠭᠠᠯᠢ ᠣᠷᠴᠢᠨ ᠤ ᠰᠠᠯᠪᠤᠷᠢ ᠢᠢ ᠣᠨᠴᠠᠯᠠᠨ ᠳᠤᠷᠠᠳᠴᠤ᠂ ᠴᠢᠨᠠᠭᠰᠢᠳᠠ ᠤᠷᠲᠤ ᠬᠤᠭᠤᠴᠠᠭᠠᠨ ᠳᠤ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠬᠤ ᠬᠦᠰᠡᠯ ᠡᠷᠡᠮᠡᠯᠵᠡᠯ ᠳᠦᠭᠦᠷᠡᠩ ᠪᠠᠢᠢᠭ᠎ᠠ ᠢᠢ ᠢᠯᠡᠷᠬᠡᠢᠢᠯᠡᠯ᠎ᠡ᠃

ᠲᠡᠭᠦᠨᠴᠢᠯᠡᠨ 《ᠶᠡᠷᠦᠩᠬᠡᠢᠢᠯᠡᠭᠴᠢ ᠢᠢᠨ ᠢᠯᠡᠭᠡᠯᠲᠡ-2100》 ᠬᠥᠲᠥᠯᠪᠦᠷᠢ ᠢᠢᠨ ᠬᠦᠷᠢᠶᠡᠨ ᠳᠥ ᠹᠷᠠᠨ᠋ᠼ  ᠤᠯᠤᠰ ᠲᠤ ᠰᠤᠷᠤᠯᠴᠠᠬᠤ ᠡᠬᠢᠨ ᠦ ᠡᠭᠡᠯᠵᠢ ᠢᠢᠨ ᠮᠣᠩ᠋ᠭᠣᠯ ᠣᠶᠤᠲᠠᠨ ᠨᠤᠭᠤᠳ ᠢ ᠬᠦᠯᠢᠶᠡᠨ ᠠᠪᠤᠭᠰᠠᠨ ᠲᠤᠬᠠᠢ ᠳᠤᠷᠠᠳᠪᠠ᠃ ᠡᠳᠡᠭᠡᠷ ᠣᠶᠤᠲᠠᠨ ᠨᠤᠭᠤᠳ ᠹᠷᠠᠨ᠋ᠼ ᠂ ᠮᠣᠩ᠋ᠭᠣᠯ ᠤᠨ ᠨᠠᠢᠢᠷᠠᠮᠳᠠᠯᠳᠤ ᠬᠠᠷᠢᠯᠴᠠᠭᠠᠨ ᠳᠤ ᠰᠢᠨ᠎ᠡ ᠥᠩ᠋ᠭᠡ ᠠᠶᠠᠰ ᠨᠡᠮᠡᠵᠦ᠂ ᠦᠷᠭᠦᠯᠵᠢᠯᠡᠭᠦᠯᠦᠨ ᠠᠪᠴᠤ ᠶᠠᠪᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠯ᠎ᠡ᠃