Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ ᠳᠤ ᠣᠷᠣᠯᠴᠠᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 10 ᠳ᠋ᠤᠭᠠᠷ ᠰᠠᠷ᠎ᠠ ᠢᠢᠨ 17-20 ᠍ ᠤ ᠡᠳᠦᠷ ᠦᠳ ᠲᠥ ᠪᠡᠭᠡᠵᠢᠩ ᠬᠣᠲᠠᠨ᠎ᠠ ᠪᠣᠯᠬᠤ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠ ᠳ᠋ᠠᠬᠢ ᠤᠳᠠᠭ᠎ᠠ ᠢᠢᠨ ᠠᠭᠤᠯᠵᠠᠯᠲᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠦ ᠤᠷᠢᠯᠭ᠎ᠠ ᠪᠠᠷ ᠣᠷᠣᠯᠴᠠᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠴᠢᠭᠤᠯᠭ᠎ᠠ ᠠᠭᠤᠯᠵᠠᠯᠲᠠ ᠢᠢᠨ 《ᠨᠣᠭᠣᠭᠠᠨ ᠲᠣᠷᠭᠠᠨ ᠤ ᠵᠠᠮ ᠢ ᠬᠠᠮᠲᠤ ᠳᠤ ᠪᠠᠨ ᠪᠦᠲᠦᠭᠡᠵᠦ᠂ ᠬᠦᠮᠦᠨ ᠪᠠ ᠪᠠᠢᠢᠭᠠᠯᠢ ᠤᠨ ᠡᠪ ᠵᠣᠬᠢᠰᠲᠠᠢ ᠣᠷᠣᠰᠢᠬᠤᠢ ᠢᠢ ᠤᠷᠤᠭᠰᠢᠯᠠᠭᠤᠯᠤᠶ᠎ᠠ》 ᠬᠡᠯᠡᠯᠴᠡᠭᠦᠯᠭᠡ ᠲᠥ ᠣᠷᠣᠯᠴᠠᠵᠤ ᠦᠭᠡ ᠬᠡᠯᠡᠨ᠎ᠡ᠃

ᠮᠥᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠠᠨ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ ᠸ᠂ ᠫᠦ᠋ᠲ᠋ᠢᠨ ᠨᠠᠷ ᠲᠠᠢ ᠬᠣᠶᠠᠷ ᠲᠠᠯ᠎ᠠ ᠢᠢᠨ ᠠᠭᠤᠯᠵᠠᠯᠲᠠ ᠬᠢᠵᠦ᠂ ᠮᠣᠩ᠋ᠭᠣᠯ᠂ ᠬᠢᠲᠠᠳ ᠪᠣᠯᠤᠨ ᠮᠣᠩ᠋ᠭᠣᠯ᠂ ᠣᠷᠣᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃