Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ 《ᠪᠥᠰᠡ ᠪᠠ ᠵᠠᠮ》 ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠪᠡᠭᠡᠵᠢᠩ ᠬᠣᠲᠠ ᠳ᠋ᠤ ᠬᠦᠷᠦᠯᠴᠡᠨ ᠢᠷᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 10 ᠳ᠋ᠤᠭᠠᠷ ᠰᠠᠷ᠎ᠠ ᠢᠢᠨ 17-20 ᠍ ᠤ ᠡᠳᠦᠷ ᠦᠳ ᠲᠥ ᠪᠣᠯᠬᠤ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠ ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠨᠡᠢᠢᠰᠯᠡᠯ ᠪᠡᠭᠡᠵᠢᠩ ᠬᠣᠲᠠ ᠳ᠋ᠤ ᠬᠦᠷᠦᠯᠴᠡᠨ ᠢᠷᠡᠯ᠎ᠡ᠃


ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠣᠯᠤᠨ ᠳᠠᠭᠠᠯᠳᠤᠨ ᠶᠠᠪᠤᠭ᠎ᠠ ᠲᠥᠯᠥᠭᠡᠯᠡᠭᠴᠢᠳ ᠢ ᠪᠡᠭᠡᠵᠢᠩ ᠬᠣᠲᠠ ᠢᠢᠨ 《ᠺᠠᠫᠢᠲ᠋ᠠᠯ》 ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠠᠤᠯᠢ ᠵᠦᠢ ᠢᠢᠨ ᠰᠠᠢᠢᠳ ᠬᠥ ᠷᠦᠨ᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲ᠂ ᠪᠠᠳᠠᠷᠠᠯ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠱᠡᠨᠢ ᠮᠢᠨᠢᠵᠤᠸᠠᠨ ᠨᠠᠷ ᠤᠭᠲᠤᠨ ᠠᠪᠤᠪᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠦ ᠤᠷᠢᠯᠭ᠎ᠠ ᠪᠠᠷ ᠤᠷᠤᠯᠴᠠᠬᠤ ᠶᠤᠮ᠃

ᠲᠡᠷᠡ ᠪᠡᠷ ᠠᠭᠤᠯᠵᠠᠯᠲᠠ ᠢᠢᠨ 《ᠨᠣᠭᠣᠭᠠᠨ ᠲᠣᠷᠭᠠᠨ ᠤ ᠵᠠᠮ ᠢ ᠬᠠᠮᠲᠤ ᠳᠤ ᠪᠠᠨ ᠪᠦᠲᠦᠭᠡᠵᠦ᠂ ᠬᠦᠮᠦᠨ ᠪᠠ ᠪᠠᠢᠢᠭᠠᠯᠢ ᠤᠨ ᠡᠪ ᠵᠣᠬᠢᠰᠲᠠᠢ ᠣᠷᠣᠰᠢᠬᠤᠢ ᠢᠢ ᠤᠷᠤᠭᠰᠢᠯᠠᠭᠤᠯᠤᠶ᠎ᠠ》 ᠬᠡᠯᠡᠯᠴᠡᠭᠦᠯᠭᠡ ᠲᠥ ᠣᠷᠣᠯᠴᠠᠵᠤ ᠦᠭᠡ ᠬᠡᠯᠡᠨ᠎ᠡ᠃
ᠮᠥᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠠᠨ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ ᠸ᠂ ᠫᠦᠲ᠋ᠢᠨ ᠨᠠᠷ ᠲᠠᠢ ᠬᠣᠶᠠᠷ ᠲᠠᠯ᠎ᠠ ᠢᠢᠨ ᠠᠭᠤᠯᠵᠠᠯᠲᠠ ᠬᠢᠵᠦ᠂ ᠮᠣᠩ᠋ᠭᠣᠯ᠂ ᠬᠢᠲᠠᠳ ᠪᠣᠯᠤᠨ ᠮᠣᠩ᠋ᠭᠣᠯ᠂ ᠣᠷᠣᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃