《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠ ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠪᠡᠭᠡᠵᠢᠩ ᠬᠣᠲᠠᠨ᠎ᠠ ᠬᠦᠷᠦᠯᠴᠡᠨ ᠢᠷᠡᠭᠰᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠠᠨ᠂ ᠭᠡᠷᠭᠡᠢ ᠫᠦᠩ ᠯᠢᠶᠤᠸᠠᠨ ᠨᠠᠷ ᠠᠷᠠᠳ ᠤᠨ ᠶᠡᠬᠡ ᠬᠤᠷᠠᠯ ᠤᠨ ᠣᠷᠳᠣᠨ ᠳᠤ ᠤᠭᠲᠤᠨ ᠠᠪᠤᠪᠠ᠃
ᠳᠠᠷᠠᠭ᠎ᠠ ᠨᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ᠂ ᠭᠡᠷᠭᠡᠢ ᠢᠢᠨ ᠬᠠᠮᠲᠤ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠ ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠬᠦᠷᠦᠯᠴᠡᠨ ᠢᠷᠡᠭᠰᠡᠨ ᠲᠥᠯᠥᠭᠡᠯᠡᠭᠴᠢᠳ ᠦᠨ ᠲᠡᠷᠢᠭᠦᠨ ᠨᠠᠷ ᠤᠨ ᠬᠠᠮᠲᠤ ᠳᠤᠷᠠᠰᠬᠠᠯ ᠤᠨ ᠵᠢᠷᠤᠭ ᠠᠪᠬᠠᠭᠤᠯᠪᠠ᠃
《ᠪᠥᠰᠡ ᠪᠠ ᠵᠠᠮ ᠤᠨ ᠥᠨᠳᠥᠷ ᠴᠢᠨᠠᠷ ᠤᠨ ᠬᠠᠮᠲᠤ ᠢᠢᠨ ᠠᠵᠢᠯᠯᠠᠭ᠎ᠠ᠄ ᠬᠠᠮᠲᠤ ᠢᠢᠨ ᠬᠥᠭ᠍ᠵᠢᠯ᠂ ᠴᠡᠴᠡᠭᠯᠡᠯᠲᠡ ᠢᠢᠨ ᠲᠥᠯᠥᠭᠡ》 ᠰᠡᠳᠦᠪ ᠦᠨ ᠳᠣᠣᠷ᠎ᠠ ᠪᠣᠯᠬᠤ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ 140 ᠭᠠᠷᠤᠢ ᠤᠯᠤᠰ᠂ ᠣᠯᠠᠨ ᠤᠯᠤᠰ ᠤᠨ 30 ᠣᠷᠴᠢᠮ ᠪᠠᠢᠢᠭᠤᠯᠤᠯᠭ᠎ᠠ ᠤᠨ ᠨᠡᠢᠢᠲᠡ 4᠂000 ᠭᠠᠷᠤᠢ ᠲᠥᠯᠥᠭᠡᠯᠡᠭᠴᠢ ᠤᠷᠤᠯᠴᠠᠬᠤ ᠶᠤᠮ᠃