Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ 《ᠪᠦᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ ᠢᠢᠨ ᠨᠡᠭᠡᠭᠡᠯᠲᠡ ᠢᠢᠨ ᠠᠵᠢᠯᠯᠠᠭᠠᠨ ᠳᠤ ᠣᠷᠣᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠪᠡᠭᠡᠵᠢᠩ ᠬᠣᠲᠠᠨ᠎ᠠ ᠪᠣᠯᠵᠤ ᠪᠤᠢ 《ᠪᠦᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠ ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠢᠢᠨ ᠨᠡᠭᠡᠭᠡᠯᠲᠡ ᠢᠢᠨ ᠠᠵᠢᠯᠯᠠᠭᠠᠨ ᠳᠤ ᠣᠷᠣᠯᠴᠠᠪᠠ᠃ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ 《ᠪᠦᠰᠡ ᠪᠠ ᠵᠠᠮ ᠤᠨ ᠥᠨᠳᠦᠷ ᠴᠢᠨᠠᠷ ᠤᠨ ᠬᠠᠮᠲᠤ ᠢᠢᠨ ᠠᠵᠢᠯᠯᠠᠭ᠎ᠠ᠄ ᠬᠠᠮᠲᠤ ᠢᠢᠨ ᠬᠥᠭ᠍ᠵᠢᠯ᠂ ᠴᠡᠴᠡᠭᠯᠡᠯᠲᠡ ᠢᠢᠨ ᠲᠥᠯᠦᠭᠡ》 ᠶᠡᠷᠦᠩᠬᠡᠢ ᠰᠡᠳᠦᠪ ᠦᠨ ᠳᠣᠣᠷ᠎ᠠ ᠶᠠᠪᠤᠭᠳᠠᠵᠤ ᠪᠠᠢᠢᠨ᠎ᠠ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠠᠨ ᠴᠢᠭᠤᠯᠭ᠎ᠠ ᠠᠭᠤᠯᠵᠠᠯᠲᠠ ᠢᠢᠨ ᠨᠡᠭᠡᠭᠡᠯᠲᠡ ᠳᠥ ᠬᠡᠯᠡᠭᠰᠡᠨ ᠦᠭᠡᠨ ᠳᠥ ᠪᠡᠨ 《ᠡᠷᠲᠡᠨ ᠦ᠂ ᠬᠠᠭᠤᠴᠢᠨ ᠲᠣᠷᠭᠠᠨ ᠤ ᠵᠠᠮ ᠢ ᠰᠡᠷᠭᠦᠭᠡᠵᠦ᠂ ᠤᠯᠤᠰ ᠲᠦᠮᠡᠨ ᠦ ᠪᠣᠳᠣᠯᠭ᠎ᠠ ᠢᠢᠨ᠂ ᠬᠤᠳᠠᠯᠳᠤᠭᠠᠨ ᠤ᠂ ᠰᠠᠩᠬᠦᠦ ᠢᠢᠨ᠂ ᠨᠥᠬᠥᠷᠯᠡᠯ ᠦᠨ ᠬᠣᠯᠪᠣᠯᠲᠠ ᠢᠢ ᠪᠦᠲᠦᠭᠡᠨ ᠪᠠᠢᠢᠭᠤᠯᠤᠭᠰᠠᠨ ᠢᠶᠠᠷ ᠳᠡᠯᠡᠬᠡᠢ ᠢᠢᠨ ᠡᠳ᠋ ᠍ ᠦᠨ ᠵᠠᠰᠠᠭ ᠤᠨ ᠬᠥᠭ᠍ᠵᠢᠯ ᠳ᠋ᠦ ᠰᠢᠨ᠎ᠡ ᠡᠷᠴᠢ ᠬᠦᠴᠥ ᠢᠢ ᠨᠡᠮᠡᠬᠦ ᠵᠣᠷᠢᠯᠭ᠎ᠠ ᠲᠠᠢ》 ᠍ ᠢ ᠣᠨᠴᠠᠯᠠᠪᠠ᠃

ᠮᠥᠨ ᠲᠡᠷᠡ ᠪᠡᠷ ᠢᠷᠡᠬᠦ 10 ᠵᠢᠯ ᠳᠥ ᠳᠡᠯᠡᠬᠡᠢ ᠢᠢᠨ 150 ᠭᠠᠷᠤᠢ ᠣᠷᠣᠨ᠂ ᠣᠯᠠᠨ ᠤᠯᠤᠰ ᠤᠨ 20 ᠭᠠᠷᠤᠢ ᠪᠠᠢᠢᠭᠤᠯᠤᠯᠭ᠎ᠠ ᠢᠢ ᠬᠠᠮᠤᠷᠤᠭᠤᠯᠤᠨ ᠭᠤᠷᠪᠠᠨ ᠬᠡᠮᠵᠢᠶᠡᠰᠦᠳᠦ ᠳᠡᠳ᠋ ᠪᠦᠲᠦᠴᠡ ᠢᠢ ᠪᠦᠲᠦᠭᠡᠨ ᠪᠠᠢᠢᠭᠤᠯᠵᠤ᠂ ᠨᠡᠭᠡᠭᠡᠯᠲᠡᠲᠡᠢ ᠡᠳ᠋ ᠍ ᠦᠨ ᠵᠠᠰᠠᠭ ᠤᠨ ᠬᠥᠭ᠍ᠵᠢᠯ ᠳ᠋ᠦ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ᠂ ᠠᠵᠢᠯ ᠬᠡᠷᠡᠭᠴᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠨᠣᠭᠣᠭᠠᠨ ᠬᠥᠭ᠍ᠵᠢᠯ ᠢ ᠴᠣᠭᠴᠠᠯᠠᠭᠠᠬᠤ᠂ ᠲᠧᠭᠨᠢᠭ᠂ ᠲᠧᠭᠨᠣᠯᠣᠭᠢ ᠢᠢᠨ ᠰᠢᠨᠡᠴᠢᠯᠡᠯ ᠢ ᠡᠷᠴᠢᠮᠵᠢᠭᠦᠯᠬᠦ᠂ ᠬᠦᠮᠦᠨᠯᠢᠭ ᠦᠨ ᠰᠣᠯᠢᠯᠴᠠᠭ᠎ᠠ ᠢᠢ ᠥᠷᠭᠡᠵᠢᠭᠦᠯᠬᠦ᠂ ᠰᠢᠳᠤᠷᠭᠤ ᠶᠣᠰᠣ ᠢᠢ ᠪᠡᠬᠢᠵᠢᠭᠦᠯᠬᠦ᠂ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠮᠧᠾᠠᠨᠢᠽᠮ ᠢ ᠪᠣᠯᠪᠠᠰᠤᠷᠠᠩ᠋ᠭᠤᠢ ᠪᠣᠯᠭᠠᠬᠤ ᠵᠡᠷᠭᠡ 8 ᠰᠢᠨ᠎ᠡ ᠰᠠᠨᠠᠯ ᠢ ᠳᠡᠪᠰᠢᠭᠦᠯᠪᠡ᠃

ᠡᠨᠡ ᠤᠳᠠᠭ᠎ᠠ ᠢᠢᠨ ᠳᠡᠭᠡᠳᠦ ᠲᠦᠪᠰᠢᠨ ᠦ ᠴᠢᠭᠤᠯᠭ᠎ᠠ ᠠᠭᠤᠯᠵᠠᠯᠲᠠ ᠢᠢᠨ ᠦᠢ ᠡ ᠪᠡᠷ᠄


ᠨᠡᠭᠡᠭᠡᠯᠲᠡ ᠲᠡᠢ ᠳᠡᠯᠡᠬᠡᠢ ᠢᠢᠨ ᠡᠳ᠋ ᠍ ᠦᠨ ᠵᠠᠰᠠᠭ ᠲᠤ ᠳᠡᠳ᠋ ᠪᠦᠲᠦᠴᠡ ᠪᠡᠷ ᠬᠠᠷᠢᠯᠴᠠᠨ ᠬᠣᠯᠪᠣᠭᠳᠠᠬᠤ᠂
ᠨᠣᠭᠣᠭᠠᠨ ᠲᠣᠷᠭᠠᠨ ᠤ ᠵᠠᠮ ᠢ ᠬᠠᠮᠲᠤ ᠳᠤ ᠪᠠᠨ ᠪᠦᠲᠦᠭᠡᠵᠦ᠂ ᠬᠦᠮᠦᠨ ᠪᠠ ᠪᠠᠢᠢᠭᠠᠯᠢ ᠤᠨ ᠡᠪ ᠵᠣᠬᠢᠰᠲᠠᠢ ᠣᠷᠣᠰᠢᠬᠤᠢ ᠢᠢ ᠤᠷᠤᠭᠰᠢᠯᠠᠭᠤᠯᠬᠤ᠂
ᠥᠰᠦᠯᠲᠡ ᠢᠢᠨ ᠰᠢᠨ᠎ᠡ ᠡᠬᠢ ᠰᠤᠷᠪᠤᠯᠵᠢ ᠴᠠᠬᠢᠮ ᠡᠳ᠋ ᠍ ᠦᠨ ᠵᠠᠰᠠᠭ ᠵᠡᠷᠭᠡ ᠭᠤᠷᠪᠠᠨ ᠰᠡᠳᠦᠪ ᠢᠶᠡᠷ ᠳᠡᠭᠡᠳᠦ ᠲᠦᠪᠰᠢᠨ ᠦ ᠭᠤᠷᠪᠠᠨ ᠬᠡᠯᠡᠯᠴᠡᠭᠦᠯᠭᠡ᠂
ᠮᠥᠨ ᠰᠠᠭᠠᠳ ᠦᠭᠡᠢ ᠬᠤᠳᠠᠯᠳᠤᠭ᠎ᠠ᠂ ᠢᠷᠭᠡᠳ ᠬᠣᠭᠣᠷᠣᠨᠳᠣ ᠢᠢᠨ ᠬᠡᠯᠬᠢᠶ᠎ᠡ ᠬᠣᠯᠪᠣᠭ᠎ᠠ᠂ ᠲᠢᠨ᠋ᠺ ᠲᠠᠨ᠋ᠺ ᠤᠨ ᠰᠣᠯᠢᠯᠴᠠᠭ᠎ᠠ᠂ ᠴᠡᠪᠡᠷ ᠲᠣᠷᠭᠠᠨ ᠤ ᠵᠠᠮ᠂ ᠣᠷᠣᠨ ᠨᠤᠲᠤᠭ ᠤᠨ ᠬᠠᠮᠲᠤ ᠢᠢᠨ ᠠᠵᠢᠯᠯᠠᠭ᠎ᠠ᠂ ᠳᠠᠯᠠᠢ ᠢᠢᠨ ᠬᠠᠮᠲᠤ ᠢᠢᠨ ᠠᠵᠢᠯᠯᠠᠭ᠎ᠠ ᠵᠡᠷᠭᠡ 6 ᠰᠡᠳᠦᠪ ᠢᠶᠡᠷ ᠰᠠᠯᠪᠤᠷᠢ ᠬᠤᠷᠠᠯᠳᠤᠭᠠᠨ ᠪᠣᠯᠵᠤ ᠪᠠᠢᠢᠨ᠎ᠠ᠃

ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ᠂ ᠴᠧᠾ᠂ ᠯᠠᠤᠰ᠂ ᠰᠧᠷᠪᠢ᠂ ᠱᠷᠢ ᠯᠠᠨᠺᠠ ᠵᠡᠷᠭᠡ 23 ᠤᠯᠤᠰ ᠤᠨ ᠲᠥᠷᠦ᠂ ᠵᠠᠰᠠᠭ ᠤᠨ ᠲᠡᠷᠢᠭᠦᠨ ᠨᠠᠷ ᠣᠷᠣᠯᠴᠠᠵᠤ ᠪᠠᠢᠢᠨ᠎ᠠ᠃