Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠲᠡᠢ ᠠᠭᠤᠯᠵᠠᠪᠠ

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠡᠭᠡᠵᠢᠩ ᠬᠣᠲᠠᠨ᠎ᠠ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠ ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠪᠣᠯᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 10 ᠳ᠋ᠤᠭᠠᠷ ᠰᠠᠷ᠎ᠠ ᠢᠢᠨ 19 ᠍ ᠦ ᠡᠳᠦᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠲᠡᠢ ᠬᠢᠲᠠᠳ ᠤᠨ ᠠᠷᠠᠳ ᠤᠨ ᠶᠡᠬᠡ ᠬᠤᠷᠠᠯ ᠤᠨ ᠣᠷᠳᠣᠨ ᠳᠤ ᠠᠭᠤᠯᠵᠠᠪᠠ᠃

ᠬᠣᠶᠠᠷ ᠤᠯᠤᠰ ᠤᠨ ᠲᠥᠷᠥ ᠢᠢᠨ ᠲᠡᠷᠢᠭᠦᠨ ᠮᠣᠩ᠋ᠭᠣᠯ᠂ ᠬᠢᠲᠠᠳ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠰᠠᠯᠪᠤᠷᠢ ᠲᠤ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ᠃

ᠮᠣᠩ᠋ᠭᠣᠯ᠂ ᠬᠢᠲᠠᠳ ᠤᠨ ᠬᠠᠷᠢᠯᠴᠠᠭ᠎ᠠ ᠨᠢ ᠲᠤᠬᠠᠢ ᠢᠢᠨ ᠤᠯᠤᠰ ᠤᠨ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠴᠢᠭᠯᠡᠯ ᠭᠡᠳᠡᠭ ᠢ ᠲᠠᠯ᠎ᠠ ᠨᠤᠭᠤᠳ ᠳ᠋ᠠᠬᠢᠨ ᠨᠣᠲᠠᠯᠠᠵᠤ᠂ ᠪᠡᠶ᠎ᠡ ᠪᠡᠶ᠎ᠡ ᠢᠢᠨ ᠲᠤᠰᠠᠭᠠᠷ ᠲᠣᠭᠲᠠᠨᠢᠯ᠂ ᠪᠥᠷᠢᠨ ᠡᠷᠬᠡ᠂ ᠭᠠᠵᠠᠷ ᠨᠤᠲᠤᠭ ᠤᠨ ᠪᠥᠷᠢᠨ ᠪᠦᠲᠦᠨ ᠪᠠᠢᠢᠳᠠᠯ᠂ ᠬᠣᠶᠠᠷ ᠤᠯᠤᠰ ᠪᠣᠯᠤᠨ ᠠᠷᠠᠳ ᠢᠷᠭᠡᠳ ᠦᠨ ᠰᠣᠩ᠋ᠭᠣᠭᠰᠠᠨ ᠬᠥᠭ᠍ᠵᠢᠯ ᠦᠨ ᠵᠠᠮ ᠢ ᠬᠠᠷᠢᠯᠴᠠᠨ ᠬᠦᠨᠳᠦᠳᠬᠡᠵᠦ᠂ ᠢᠵᠠᠭᠤᠷ ᠡᠷᠬᠡ ᠠᠰᠢᠭ᠂ ᠴᠢᠬᠤᠯᠠᠴᠢᠯᠠᠨ ᠦᠵᠡᠵᠦ ᠪᠤᠢ ᠠᠰᠠᠭᠤᠳᠠᠯ ᠢᠶᠠᠷ ᠬᠠᠷᠢᠯᠴᠠᠨ ᠪᠡᠶ ᠡ ᠪᠡᠢ ᠡ ᠪᠡᠨ ᠳᠡᠮᠵᠢᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠦᠨ ᠬᠥᠭ᠍ᠵᠢᠭᠦᠯᠵᠦ ᠪᠤᠢ ᠢᠢ ᠰᠠᠨᠠᠯ ᠨᠢᠭᠡᠲᠡᠢ ᠲᠡᠮᠳᠡᠭᠯᠡᠪᠡ᠃
ᠴᠢᠨᠠᠭᠰᠢᠳᠠ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠢᠢᠯᠴᠢᠯᠠᠯ ᠤᠨ ᠳᠠᠪᠲᠠᠮᠵᠢ ᠢᠢ ᠬᠠᠳᠠᠭᠠᠯᠠᠬᠤ᠂ ᠬᠥᠭ᠍ᠵᠢᠯ ᠦᠨ ᠰᠲ᠋ᠷᠠᠲ᠋ᠧᠭᠢ ᠢᠢ ᠬᠠᠷᠢᠯᠴᠠᠨ ᠤᠶᠠᠯᠳᠤᠭᠤᠯᠬᠤ᠂ ᠬᠤᠳᠠᠯᠳᠤᠭᠠᠨ ᠤ ᠬᠡᠮᠵᠢᠶ᠎ᠡ ᠢᠢ ᠣᠢᠢᠷ᠎ᠠ ᠢᠢᠨ ᠬᠤᠭᠤᠴᠠᠭᠠᠨ ᠳᠤ 20 ᠲᠡᠷᠪᠤᠮ ᠠᠮ᠂ ᠳ᠋ᠣᠯᠯᠠᠷ ᠲᠤ ᠬᠦᠷᠭᠡᠬᠦ᠂ ᠬᠤᠳᠠᠯᠳᠤᠭᠠᠨ ᠤ ᠪᠦᠲᠦᠴᠡ ᠢᠢ ᠲᠥᠷᠦᠯᠵᠢᠭᠦᠯᠬᠦ᠂ ᠬᠢᠯᠢ ᠢᠢᠨ ᠪᠣᠭᠣᠮᠲᠠ ᠢᠢ ᠬᠠᠷᠢᠯᠴᠠᠨ ᠬᠤᠯᠪᠤᠬᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠬᠦ᠂ ᠳᠡᠳ᠋ ᠪᠦᠲᠦᠴᠡ ᠢᠢᠨ ᠲᠣᠮᠣᠬᠠᠨ ᠲᠥᠰᠥᠯ ᠦᠳ ᠦᠨ ᠶᠠᠪᠤᠴᠠ ᠢᠢ ᠲᠦᠷᠭᠡᠳᠭᠡᠬᠦ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠭᠦᠯᠬᠦ ᠲᠥᠰᠥᠯ᠂ ᠬᠥᠲᠥᠯᠪᠦᠷᠢ ᠢᠢᠨ ᠬᠡᠷᠡᠭᠵᠢᠯᠲᠡ ᠢᠢ ᠡᠷᠴᠢᠮᠵᠢᠭᠦᠯᠬᠦ᠂ ᠨᠡᠢᠢᠰᠯᠡᠯ ᠦᠨ ᠠᠦ᠋ᠲ᠋ᠣᠵᠠᠮ ᠤᠨ ᠲᠦᠭᠵᠢᠷᠡᠯ ᠢ ᠪᠠᠭᠤᠷᠠᠭᠤᠯᠬᠤ ᠴᠢᠭᠯᠡᠯ ᠢᠶᠡᠷ ᠬᠠᠮᠲᠤᠷᠠᠬᠤ᠂ ᠪᠠᠢᠢᠭᠠᠯᠢ ᠣᠷᠴᠢᠨ᠂ ᠡᠷᠡᠭᠦᠯ ᠮᠡᠨᠳᠦ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠢᠨᠨᠣᠸᠠᠼ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠵᠡᠷᠭᠡ ᠴᠢᠭᠯᠡᠯ ᠳᠥ ᠨᠢᠬᠲᠠ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃

ᠬᠣᠶᠠᠷ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠪᠤᠰᠤᠳ ᠣᠯᠠᠨ ᠤᠯᠤᠰ ᠤᠨ ᠪᠠᠢᠢᠭᠤᠯᠤᠯᠭ᠎ᠠ ᠤᠨ ᠬᠦᠷᠢᠶᠡᠨ ᠳᠥ ᠬᠠᠮᠲᠤᠷᠠᠨ ᠠᠵᠢᠯᠯᠠᠵᠤ ᠢᠷᠡᠭᠰᠡᠨ ᠪᠥᠭᠡᠳ ᠣᠯᠠᠨ ᠤᠯᠤᠰ ᠤᠨ ᠲᠠᠪᠴᠠᠩ ᠳ᠋ᠠᠬᠢ ᠬᠠᠷᠢᠯᠴᠠᠨ ᠪᠡᠶ᠎ᠡ ᠪᠡᠶ᠎ᠡ ᠪᠡᠨ ᠳᠡᠮᠵᠢᠳᠡᠭ ᠤᠯᠠᠮᠵᠢᠯᠠᠯᠲᠤ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠲᠥᠯᠥᠭᠡ ᠪᠠᠢᠢᠭ᠎ᠠ ᠪᠠᠨ ᠢᠯᠡᠷᠬᠡᠢᠢᠯᠡᠪᠡ᠃

ᠲᠠᠯ ᠠ ᠤᠳ ᠠᠭᠤᠯᠵᠠᠯᠲᠠ ᠢᠢᠨ ᠦᠶ᠎ᠡ ᠪᠡᠷ ᠣᠯᠠᠨ ᠤᠯᠤᠰ ᠤᠨ ᠬᠠᠷᠢᠯᠴᠠᠭᠠᠨ ᠤ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠮᠥᠨ ᠰᠠᠨᠠᠯ ᠰᠣᠯᠢᠯᠴᠠᠯ᠎ᠠ᠃