Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠪᠠᠢᠢᠷᠢᠨ ᠳᠤ ᠵᠣᠴᠢᠯᠠᠯ᠎ᠠ

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠡᠳᠦᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠪᠠᠢᠢᠷᠢᠨ ᠳᠤ ᠠᠩᠬ᠎ᠠ ᠤᠳᠠᠭ᠎ᠠ ᠵᠣᠴᠢᠯᠠᠵᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠲᠠᠢ ᠠᠭᠤᠯᠵᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠬᠦᠷᠦᠯᠴᠡᠨ ᠢᠷᠡᠬᠦ ᠳᠥ ᠮᠣᠩ᠋ᠭᠣᠯ ᠤᠯᠤᠰ ᠳ᠋ᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠤᠭᠲᠤᠪᠠ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠤ ᠲᠥᠯᠦᠭᠡᠯᠡᠯ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠲᠡᠭᠦᠨ ᠦ ᠲᠥᠷᠦᠯᠵᠢᠭᠰᠡᠨ ᠪᠠᠢᠢᠭᠤᠯᠤᠯᠭ᠎ᠠ ᠨᠤᠭᠤᠳ ᠤᠨ ᠮᠣᠩ᠋ᠭᠣᠯ ᠤᠯᠤᠰ ᠲᠤ ᠶᠠᠪᠤᠭᠤᠯᠵᠤ ᠪᠤᠢ ᠦᠢᠯᠡ ᠠᠵᠢᠯᠯᠠᠭᠠᠨ ᠤ ᠲᠠᠯ᠎ᠠ ᠪᠠᠷ ᠲᠠᠨᠢᠯᠴᠠᠭᠤᠯᠪᠠ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠬᠦᠷᠦᠯᠴᠡᠨ ᠢᠷᠡᠬᠦ ᠲᠡᠢ ᠬᠣᠯᠪᠣᠭᠳᠠᠭᠤᠯᠤᠨ ᠨᠡᠭᠡᠭᠡᠭ᠍ᠰᠡᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠦᠨᠳᠦᠲᠦ ᠵᠣᠴᠢᠨ ᠤ ᠳᠡᠪᠲᠡᠷ ᠲᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠠᠷ ᠤᠨ ᠦᠰᠦᠭ ᠢᠶᠡᠨ ᠵᠢᠷᠤᠯ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠳᠤ ᠬᠠᠨᠳᠤᠨ ᠬᠡᠯᠡᠭᠰᠡᠨ ᠦᠭᠡᠨ ᠳᠥ ᠪᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ 《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯ ᠮᠣᠩ᠋ᠭᠣᠯ ᠤᠯᠤᠰ ᠤᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠢ ᠤᠷᠤᠭᠰᠢᠯᠠᠭᠤᠯᠬᠤ᠂ ᠬᠦᠷᠢᠶᠡᠯᠡᠨᠭ᠌ ᠪᠤᠢ ᠣᠷᠴᠢᠨ ᠢ ᠬᠠᠮᠠᠭᠠᠯᠠᠬᠤ᠂ ᠠᠷᠠᠳᠴᠢᠯᠠᠯ᠂ ᠰᠠᠢᠢᠨ ᠵᠠᠰᠠᠭᠯᠠᠯ ᠢ ᠪᠡᠬᠢᠵᠢᠭᠦᠯᠬᠦ ᠵᠡᠷᠭᠡ ᠮᠠᠨ ᠤ ᠤᠯᠤᠰ ᠤᠨ ᠬᠥᠭ᠍ᠵᠢᠯ ᠳᠡᠪᠰᠢᠯ ᠳᠥ ᠪᠦᠬᠦ ᠲᠠᠯ᠎ᠠ ᠢᠢᠨ ᠲᠤᠰᠠᠯᠠᠯᠴᠠᠭ᠎ᠠ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠵᠤ ᠪᠤᠢ ᠮᠠᠨ ᠤ ᠴᠢᠬᠤᠯᠠ ᠲᠦᠩᠰᠢ》 ᠬᠡᠮᠡᠨ ᠣᠨᠴᠠᠯᠠᠯ᠎ᠠ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠰᠠᠨᠠᠭᠠᠴᠢᠯᠠᠭᠰᠠᠨ ᠰᠢᠨᠡᠴᠢᠯᠡᠯ ᠦᠨ ᠪᠣᠳᠣᠯᠭ᠎ᠠ ᠢᠢ ᠪᠦᠷᠢᠨ ᠳᠦᠭᠦᠷᠡᠩ ᠳᠡᠮᠵᠢᠵᠦ ᠪᠠᠢᠢᠭ᠎ᠠ ᠪᠥᠭᠡᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠢ ᠲᠣᠭᠲᠠᠭᠠᠭᠰᠠᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠠᠢᠢᠭ᠎ᠠ ᠢᠢ ᠢᠯᠡᠷᠬᠡᠢᠢᠯᠡᠯ᠎ᠡ᠃
ᠮᠥᠨ ᠮᠣᠩ᠋ᠭᠣᠯ ᠤᠯᠤᠰ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠠᠷᠠᠳᠴᠢᠯᠠᠯ᠂ ᠬᠦᠮᠦᠨ ᠦ ᠡᠷᠬᠡ᠂ ᠡᠳ᠋ ᠍ ᠦᠨ ᠵᠠᠰᠠᠭ᠂ ᠨᠡᠢᠢᠭᠡᠮ᠂ ᠬᠦᠮᠦᠨᠯᠢᠭ ᠵᠡᠷᠭᠡ 20 ᠣᠷᠴᠢᠮ ᠠᠰᠠᠭᠤᠳᠠᠯ ᠢᠶᠠᠷ ᠨᠡᠢᠢᠲᠡ 90 ᠭᠠᠷᠤᠢ ᠲᠣᠭᠲᠠᠭᠠᠯ ᠢ ᠰᠠᠨᠠᠭᠠᠴᠢᠯᠠᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠪᠠᠷ ᠬᠡᠯᠡᠯᠴᠡᠭᠦᠯᠵᠦ ᠪᠠᠲᠤᠯᠠᠭᠤᠯᠤᠭᠰᠠᠨ ᠤ ᠵᠡᠷᠭᠡᠴᠡᠭᠡ ᠣᠯᠠᠨ ᠰᠠᠨᠠᠯ ᠰᠠᠨᠠᠭᠠᠴᠢᠯᠭ᠎ᠠ ᠳᠡᠪᠰᠢᠭᠦᠯᠦᠨ ᠠᠵᠢᠯᠯᠠᠵᠤ ᠪᠠᠢᠢᠭ᠎ᠠ ᠢᠢ ᠬᠡᠯᠡᠯ᠎ᠡ᠃

ᠮᠣᠩ᠋ᠭᠣᠯ ᠤᠯᠤᠰ 2024 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠢ ᠬᠠᠮᠲᠤᠷᠠᠨ ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ᠂ 2026 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨ᠋ᠸᠧᠨ᠋ᠼ ᠤᠨ ᠲᠠᠯ ᠠ ᠤᠳ ᠤᠨ 17 ᠳ᠋ᠤᠭᠠᠷ ᠪᠠᠭ᠎ᠠ ᠬᠤᠷᠠᠯ ᠢ ᠡᠬᠡ ᠣᠷᠣᠨ ᠳᠤ ᠪᠠᠨ ᠬᠦᠯᠢᠶᠡᠨ ᠠᠪᠴᠤ᠂ ᠵᠣᠬᠢᠶᠠᠨ ᠪᠠᠢᠢᠭᠤᠯᠬᠤ ᠪᠠᠷ ᠪᠡᠯᠡᠳᠬᠡᠯ ᠠᠵᠢᠯ ᠢ ᠡᠬᠢᠯᠡᠭᠦᠯᠦᠭᠰᠡᠨ ᠢ ᠳᠤᠷᠠᠳᠪᠠ᠃

ᠲᠡᠭᠦᠨᠴᠢᠯᠡᠨ ᠮᠣᠩ᠋ᠭᠣᠯ ᠤᠯᠤᠰ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠡᠷᠡᠭᠦᠯ ᠮᠣᠩ᠋ᠭᠣᠯ ᠬᠦᠮᠦᠨ》 ᠵᠡᠷᠭᠡ ᠦᠨᠳᠦᠰᠦᠨ ᠦ ᠬᠥᠳᠡᠯᠭᠡᠭᠡᠨ ᠢ ᠡᠬᠡ ᠣᠷᠣᠨ ᠳᠤ ᠪᠠᠨ ᠠᠮᠵᠢᠯᠲᠠᠲᠠᠢ ᠬᠡᠷᠡᠭᠵᠢᠭᠦᠯᠵᠦ ᠪᠠᠢᠢᠭ᠎ᠠ ᠨᠢ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠢᠢ ᠬᠠᠩ᠋ᠭᠠᠬᠤ ᠳᠡᠯᠡᠬᠡᠢ ᠨᠡᠢᠢᠲᠡ ᠢᠢᠨ ᠬᠦᠴᠦᠨ ᠴᠢᠷᠮᠠᠢᠢᠯᠲᠠ ᠢᠢ ᠬᠡᠷᠡᠭᠵᠢᠭᠦᠯᠬᠦ ᠳᠥ ᠵᠣᠬᠢᠬᠤ ᠬᠤᠪᠢ ᠨᠡᠮᠡᠷᠢ ᠪᠡᠨ ᠣᠷᠣᠭᠤᠯᠤᠨ᠎ᠠ ᠬᠡᠮᠡᠨ ᠦᠵᠡᠵᠦ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠳᠦᠷ ᠦᠨ ᠮᠡᠨᠳᠦ ᠢᠢ ᠳᠠᠬᠢᠨ ᠳᠡᠪᠰᠢᠭᠦᠯᠵᠦ᠂ ᠠᠵᠠ ᠵᠢᠷᠭᠠᠯ᠂ ᠡᠷᠡᠭᠦᠯ ᠡᠩᠬᠡ᠂ ᠦᠢᠯᠡᠰ ᠪᠦᠲᠦᠭᠡᠯ ᠦᠨ ᠥᠨᠳᠥᠷ ᠠᠮᠵᠢᠯᠲᠠ ᠢᠢ ᠬᠦᠰᠡᠨ ᠢᠷᠦᠭᠡᠯ ᠡ᠃
ᠮᠣᠩ᠋ᠭᠣᠯ ᠤᠯᠤᠰ ᠳ᠋ᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠬᠡᠯᠡᠭᠰᠡᠨ ᠦᠭᠡᠨ ᠳᠥ ᠪᠡᠨ᠂ 《ᠡᠨᠡ ᠬᠦ ᠣᠨᠴᠤᠭᠤᠢ ᠡᠳᠦᠷ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠲᠠᠢ ᠬᠠᠮᠲᠤ ᠳᠤ ᠪᠠᠨ ᠲᠡᠮᠳᠡᠭᠯᠡᠵᠦ ᠪᠠᠢᠢᠭ᠎ᠠ ᠳ᠋ᠤ ᠪᠢ ᠶᠡᠬᠡᠳᠡ ᠲᠠᠯᠠᠷᠬᠠᠯ ᠲᠠᠢ ᠪᠠᠢᠢᠨ᠎ᠠ᠃ ᠡᠨᠡ ᠨᠢ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠪᠡᠶᠡᠯᠡᠭᠦᠯᠬᠦ ᠢᠢᠨ ᠲᠥᠯᠦᠭᠡᠬᠢ ᠮᠣᠩ᠋ᠭᠣᠯ ᠤᠯᠤᠰ ᠤᠨ ᠡᠭᠦᠷᠭᠡ ᠠᠮᠠᠯᠠᠯᠲᠠ ᠪᠣᠯᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠷᠬᠢᠮ ᠵᠣᠷᠢᠯᠭ᠎ᠠ ᠳᠤ ᠥᠭᠴᠦ ᠪᠤᠢ ᠠᠴᠢ ᠬᠣᠯᠪᠣᠭᠳᠠᠯ ᠢ ᠢᠯᠡᠳᠬᠡᠨ ᠬᠠᠷᠠᠭᠤᠯᠵᠤ ᠪᠠᠢᠢᠨ᠎ᠠ》 ᠭᠡᠯ᠎ᠡ᠃

ᠲᠡᠭᠦᠨᠴᠢᠯᠡᠨ ᠳᠡᠯᠡᠬᠡᠢ ᠶᠢᠷᠲᠢᠨᠴᠦ ᠢᠢ ᠢᠯᠡᠭᠦᠦ ᠰᠠᠢᠢᠬᠠᠨ ᠪᠣᠯᠭᠠᠬᠤ ᠢᠢᠨ ᠲᠥᠯᠥᠭᠡ ᠮᠣᠩ᠋ᠭᠣᠯ ᠤᠯᠤᠰ ᠲᠤ ᠲᠡᠳᠦᠢ ᠦᠭᠡᠢ ᠳᠡᠯᠡᠬᠡᠢ ᠢᠢᠨ ᠥᠨᠴᠥᠭ ᠪᠦᠷᠢ ᠲᠥ ᠠᠵᠢᠯᠯᠠᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠳᠤ ᠮᠡᠨᠳᠦᠴᠢᠯᠡᠭᠡ ᠳᠡᠪᠰᠢᠭᠦᠯᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠪᠠᠢᠢᠷᠢᠨ ᠳᠤ ᠠᠵᠢᠯᠯᠠᠬᠤ ᠦᠶ᠎ᠡ ᠪᠡᠷ ᠢᠶᠡᠨ ᠤᠷᠠᠨ ᠪᠠᠷᠢᠮᠠᠯᠴᠢ ᠠ᠊᠂ ᠸᠴᠢᠷᠪᠣᠯᠣᠳ ᠤᠨ 《ᠤᠬᠠᠮᠰᠠᠷ》 ᠪᠦᠲᠦᠭᠡᠯ ᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠣᠯᠠᠨ ᠳᠤ ᠪᠡᠯᠡᠭᠯᠡᠯ᠎ᠡ᠃


ᠲᠤᠰ ᠪᠠᠷᠢᠮᠠᠯ ᠤᠨ ᠡᠬᠡ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠴᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍  ᠭᠤᠲ᠋ᠧᠷᠷᠧᠱ ᠲᠥ ᠪᠡᠯᠡᠭᠯᠡᠭᠰᠡᠨ ᠪᠥᠭᠡᠳ ᠨᠢᠶᠤ‍-ᠶᠣᠷᠺ ᠬᠣᠲᠠᠨ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠲᠥᠪ ᠪᠠᠢᠢᠷᠢᠨ ᠤ ᠳᠡᠷᠭᠡᠳᠡ ᠰᠦᠨᠳᠡᠷᠯᠡᠵᠦ ᠪᠤᠢ᠃

ᠡᠳᠦᠭᠡ ᠡᠴᠡ 78 ᠵᠢᠯ ᠦᠨ ᠡᠮᠦᠨ᠎ᠡ ᠪᠤᠶᠤ 1945 ᠣᠨ ᠤ 10 ᠳ᠋ᠤᠭᠠᠷ ᠰᠠᠷ᠎ᠠ ᠢᠢᠨ 24 ᠍ ᠦ ᠡᠳᠦᠷ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠳᠦᠷᠢᠮ ᠬᠦᠴᠦᠨ ᠲᠡᠭᠦᠯᠳᠡᠷ ᠪᠣᠯᠤᠭᠰᠠᠨ ᠪᠥᠭᠡᠳ ᠡᠨᠡ ᠬᠦ ᠡᠳᠦᠷ ᠢ ᠳᠡᠯᠡᠬᠡᠢ ᠳᠠᠶᠠᠭᠠᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠳᠦᠷ ᠬᠡᠮᠡᠨ ᠲᠡᠮᠳᠡᠭᠯᠡᠨ ᠥᠩ᠋ᠭᠡᠷᠡᠭᠦᠯᠳᠡᠭ᠃