Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠪᠠᠲᠤᠯᠠᠨ ᠬᠠᠮᠠᠭᠠᠯᠠᠬᠤ ᠢᠢᠨ ᠰᠠᠢᠢᠳ ᠹᠠᠮ ᠸᠠᠩ ᠽᠢᠶᠠᠨ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠪᠠᠲᠤᠯᠠᠨ ᠬᠠᠮᠠᠭᠠᠯᠠᠬᠤ ᠢᠢᠨ ᠰᠠᠢᠢᠳ ᠹᠠᠮ ᠸᠠᠩ ᠽᠢᠶᠠᠨ ᠢ  ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢᠨ ᠪᠣᠰᠬᠠᠨ ᠳᠡᠭᠡᠷ᠎ᠡ ᠮᠣᠩ᠋ᠭᠣᠯ ᠤᠯᠤᠰ ᠤᠨ ᠪᠠᠲᠤᠯᠠᠨ ᠬᠠᠮᠠᠭᠠᠯᠠᠬᠤ ᠢᠢᠨ ᠰᠠᠢᠢᠳ ᠤᠨ ᠤᠷᠢᠯᠭ᠎ᠠ ᠪᠠᠷ ᠮᠣᠩ᠋ᠭᠣᠯ ᠤᠯᠤᠰ ᠲᠤ ᠬᠢᠵᠦ ᠪᠤᠢ ᠠᠯᠪᠠᠨ ᠶᠣᠰᠣᠨ ᠤ ᠠᠢᠢᠯᠴᠢᠯᠠᠯ ᠳᠤ ᠨᠢ ᠠᠮᠵᠢᠯᠲᠠ ᠬᠦᠰᠡᠪᠡ᠃

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠨᠠᠢᠢᠷᠰᠠᠭ ᠬᠠᠷᠢᠯᠴᠠᠭ᠎ᠠ ᠢᠢ ᠬᠥᠭ᠍ᠵᠢᠭᠦᠯᠬᠦ᠂ ᠢᠯᠠᠩ᠋ᠭᠤᠶ᠎ᠠ᠂ ᠠᠶᠤᠯ ᠦᠭᠡᠢ ᠪᠠᠢᠢᠳᠠᠯ᠂ ᠪᠠᠲᠤᠯᠠᠨ ᠬᠠᠮᠠᠭᠠᠯᠠᠬᠤ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠡᠨᠡ ᠬᠦ ᠠᠢᠢᠯᠴᠢᠯᠠᠯ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠯ᠎ᠡ᠃
ᠪᠠᠲᠤᠯᠠᠨ ᠬᠠᠮᠠᠭᠠᠯᠠᠬᠤ ᠢᠢᠨ ᠰᠠᠢᠢᠳ ᠹᠠᠮ ᠸᠠᠩ ᠽᠢᠶᠠᠨ ᠢ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠢᠢᠨ ᠬᠠᠯᠠᠭᠤᠨ ᠳᠣᠲᠣᠨᠣ ᠮᠡᠨᠳᠦᠴᠢᠯᠡᠭᠡ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠤᠯᠠᠮᠵᠢᠯᠠᠵᠤ᠂ ᠬᠦᠯᠢᠶᠡᠨ ᠠᠪᠴᠤ ᠠᠭᠤᠯᠵᠠᠵᠤ ᠪᠤᠢ ᠳ᠋ᠤ ᠨᠢ ᠲᠠᠯᠠᠷᠬᠠᠯ ᠢᠯᠡᠷᠬᠡᠢᠢᠯᠡᠪᠡ᠃

ᠠᠢᠢᠯᠴᠢᠯᠠᠯ ᠤᠨ ᠬᠦᠷᠢᠶᠡᠨ ᠳᠥ ᠮᠣᠩ᠋ᠭᠣᠯ ᠤᠯᠤᠰ ᠤᠨ ᠪᠠᠲᠤᠯᠠᠨ ᠬᠠᠮᠠᠭᠠᠯᠠᠬᠤ ᠢᠢᠨ ᠰᠠᠢᠢᠳ ᠲᠠᠢ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠭᠰᠠᠨ ᠪᠥᠭᠡᠳ ᠢᠳᠡᠪᠬᠢᠲᠡᠢ ᠬᠠᠮᠲᠤᠷᠠᠨ ᠠᠵᠢᠯᠯᠠᠨ᠎ᠠ ᠭᠡᠳᠡᠭ ᠢᠶᠡᠨ ᠬᠡᠯᠡᠯ᠎ᠡ᠃

ᠲᠠᠯ ᠠ ᠤᠳ ᠳᠡᠯᠡᠬᠡᠢ ᠳᠠᠬᠢᠨ ᠪᠣᠯᠤᠨ ᠪᠥᠰᠡ ᠨᠤᠲᠤᠭ ᠤᠨ ᠠᠶᠤᠯ ᠦᠭᠡᠢ ᠪᠠᠢᠢᠳᠠᠯ᠂ ᠡᠩᠬᠡ ᠲᠠᠢᠢᠪᠤᠩ ᠤᠨ ᠲᠥᠯᠦᠭᠡᠬᠢ ᠬᠠᠮᠲᠤ ᠢᠢᠨ ᠠᠵᠢᠯᠯᠠᠭ᠎ᠠ ᠢᠢ ᠢᠳᠡᠪᠬᠢᠲᠡᠢ ᠬᠥᠭ᠍ᠵᠢᠭᠦᠯᠵᠦ᠂ ᠪᠠᠲᠤᠯᠠᠨ ᠬᠠᠮᠠᠭᠠᠯᠠᠬᠤ ᠰᠠᠯᠪᠤᠷᠢ ᠢᠢᠨ ᠰᠣᠯᠢᠯᠴᠠᠭ᠎ᠠ ᠢᠢ ᠨᠡᠮᠡᠭᠳᠡᠭᠦᠯᠬᠦ ᠢᠢᠨ ᠲᠥᠯᠥᠭᠡ ᠪᠠᠢᠢᠭ᠎ᠠ ᠪᠠᠨ ᠢᠯᠡᠷᠬᠡᠢᠢᠯᠡᠪᠡ᠃