Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ ᠸ᠂ ᠸ᠂ ᠠᠪᠷᠠᠮᠴᠧᠨ᠋ᠺᠣ ᠢᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ᠂ ᠮᠣᠩ᠋ᠭᠣᠯ᠂ ᠣᠷᠣᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ ᠤᠨ ᠣᠷᠣᠰ ᠤᠨ ᠬᠡᠰᠡᠭ ᠦᠨ ᠳᠠᠷᠤᠭ᠎ᠠ ᠸ᠂ ᠸ᠂ ᠠᠪᠷᠠᠮᠴᠧᠨ᠋ᠺᠣ  ᠢᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠢᠢᠨ ᠠᠵᠢᠯᠯᠠᠭᠠᠨ ᠤ ᠮᠣᠩ᠋ᠭᠣᠯ᠂ ᠣᠷᠣᠰ ᠤᠨ ᠵᠠᠰᠠᠭ ᠤᠨ ᠭᠠᠵᠠᠷ ᠬᠣᠭᠣᠷᠣᠨᠳᠣ ᠢᠢᠨ 25 ᠳ᠋ᠤᠭᠠᠷ ᠬᠤᠷᠠᠯᠳᠤᠭᠠᠨ ᠠᠮᠵᠢᠯᠲᠠ ᠲᠠᠢ ᠪᠣᠯᠤᠭᠰᠠᠨ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠬᠡᠳᠦᠬᠡᠨ ᠡᠳᠦᠷ ᠦᠨ ᠡᠮᠦᠨ᠎ᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠨᠡᠢᠢᠰᠯᠡᠯ ᠪᠡᠭᠡᠵᠢᠩ ᠬᠣᠲᠠᠨ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ ᠸ᠂ ᠫᠦᠲ᠋ᠢᠨ ᠲᠠᠢ ᠬᠣᠶᠠᠷ ᠲᠠᠯ᠎ᠠ ᠢᠢᠨ ᠦᠷ᠎ᠡ ᠳ᠋ᠦᠩ ᠲᠡᠢ ᠠᠭᠤᠯᠵᠠᠯᠲᠠ ᠬᠢᠵᠦ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠥᠨᠥ ᠢᠢᠨ ᠨᠥᠬᠥᠴᠡᠯ ᠪᠠᠢᠢᠳᠠᠯ᠂ ᠡᠷᠴᠢᠮ ᠬᠦᠴᠦ᠂ ᠵᠠᠮ ᠲᠡᠭᠡᠭᠡᠪᠦᠷᠢ ᠵᠡᠷᠭᠡ ᠣᠯᠠᠨ ᠠᠰᠠᠭᠤᠳᠠᠯ ᠢᠶᠠᠷ ᠰᠠᠨᠠᠯ ᠰᠣᠯᠢᠯᠴᠠᠭᠰᠠᠨ ᠭᠡᠳᠡᠭ ᠢᠶᠡᠨ ᠬᠡᠯᠡᠯ᠎ᠡ᠃

ᠲᠤᠬᠠᠢᠢᠯᠠᠪᠠᠯ᠂ ᠬᠣᠶᠠᠷ ᠤᠯᠤᠰ ᠤᠨ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ ᠨᠥᠭᠡᠴᠡ ᠪᠣᠯᠤᠮᠵᠢ ᠥᠷᠭᠡᠨ ᠪᠠᠢᠢᠭ᠎ᠠ ᠢᠢ ᠣᠨᠴᠠᠯᠠᠵᠤ᠂ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠯ᠎ᠡ᠃

ᠮᠣᠩ᠋ᠭᠣᠯ᠂ ᠣᠷᠣᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ ᠤᠨ ᠣᠷᠣᠰ ᠤᠨ ᠬᠡᠰᠡᠭ ᠦᠨ ᠳᠠᠷᠤᠭ᠎ᠠ ᠸ᠂ ᠸ᠂ ᠠᠪᠷᠠᠮᠴᠧᠨ᠋ᠺᠣ ᠡᠷᠴᠢᠮ ᠬᠦᠴᠦ᠂ ᠳᠡᠳ᠋ ᠪᠦᠲᠦᠴᠡ᠂ ᠠᠵᠤ ᠦᠢᠯᠡᠳᠪᠦᠷᠢ᠂ ᠵᠠᠮ ᠲᠡᠭᠡᠭᠡᠪᠦᠷᠢ ᠢᠢᠨ ᠰᠠᠯᠪᠤᠷᠢ ᠲᠤ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠪᠣᠯᠤᠮᠵᠢ ᠢᠢᠨ ᠲᠠᠯ᠎ᠠ ᠪᠠᠷ ᠣᠨᠴᠠᠯᠠᠪᠠ᠃

ᠲᠡᠭᠦᠨᠴᠢᠯᠡᠨ ᠪᠣᠯᠪᠠᠰᠤᠷᠠᠯ᠂ ᠪᠠᠢᠢᠭᠠᠯᠢ ᠣᠷᠴᠢᠨ ᠤ ᠰᠠᠯᠪᠤᠷᠢ ᠲᠤ᠂ ᠲᠣᠳᠣᠷᠠᠭᠤᠯᠪᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠠᠮᠲᠤᠷᠠᠨ ᠠᠵᠢᠯᠯᠠᠬᠤ ᠳᠤ ᠪᠡᠯᠡᠨ ᠭᠡᠳᠡᠭ ᠢ ᠬᠡᠯᠡᠯ᠎ᠡ᠃

ᠲᠠᠯ ᠠ ᠤᠳ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠢᠳᠡᠪᠬᠢᠲᠡᠢ ᠬᠥᠭ᠍ᠵᠢᠭᠦᠯᠬᠦ᠂ ᠣᠯᠠᠨ ᠵᠢᠯ ᠶᠠᠷᠢᠭᠳᠠᠭᠰᠠᠨ ᠬᠠᠮᠲᠤ ᠢᠢᠨ ᠠᠵᠢᠯᠯᠠᠭᠠᠨ ᠤ ᠲᠥᠰᠥᠯ ᠦᠳ ᠢ ᠤᠷᠤᠭᠰᠢᠯᠠᠭᠤᠯᠬᠤ ᠴᠢᠭᠯᠡᠯ ᠳᠥ ᠬᠠᠮᠲᠤᠷᠠᠨ ᠠᠵᠢᠯᠯᠠᠬᠤ ᠢᠢᠨ ᠲᠥᠯᠥᠭᠡ ᠪᠠᠢᠢᠭ᠎ᠠ ᠪᠠᠨ ᠢᠯᠡᠷᠬᠡᠢᠢᠯᠡᠪᠡ᠃