Та "Internet explorer"-ийн сүүлийн хувилбар болох "Microsoft edge"-г ашиглана уу

Хэрэв "Microsoft edge"-г татах бол энд дарж татаж авна уу

《ᠶᠡᠷᠦᠩᠬᠡᠢᠢᠯᠡᠭᠴᠢ ᠢᠢᠨ ᠢᠯᠡᠭᠡᠯᠲᠡ-2100》 ᠲᠡᠳᠬᠦᠯᠭᠡᠳᠦ ᠬᠥᠲᠥᠯᠪᠦᠷᠢ ᠢᠢᠨ ᠡᠵᠡᠳ ᠭᠠᠳᠠᠭᠠᠳᠤ ᠳᠤ ᠰᠤᠷᠤᠯᠴᠠᠬᠤ ᠪᠠᠷ ᠮᠣᠷᠳᠠᠯ᠎ᠠ

《ᠶᠡᠷᠦᠩᠬᠡᠢᠢᠯᠡᠭᠴᠢ ᠢᠢᠨ ᠢᠯᠡᠭᠡᠯᠲᠡ-2100》 ᠲᠡᠳᠬᠦᠯᠭᠡᠳᠦ ᠬᠥᠲᠥᠯᠪᠦᠷᠢ ᠢᠢᠨ ᠪᠣᠯᠵᠣᠯ ᠬᠠᠩ᠋ᠭᠠᠵᠤ᠂ ᠮᠣᠩ᠋ᠭᠣᠯ ᠤᠯᠤᠰ ᠤᠨ ᠶᠡᠬᠡ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠶᠡᠬᠡ ᠰᠤᠷᠭᠠᠭᠤᠯᠢ ᠳᠤ ᠪᠡᠯᠡᠳᠬᠡᠯ ᠬᠥᠲᠥᠯᠪᠦᠷᠢ ᠲᠥ ᠬᠠᠮᠤᠷᠤᠭᠳᠠᠭᠰᠠᠨ ᠣᠶᠤᠲᠠᠨ ᠨᠤᠭᠤᠳ ᠭᠠᠳᠠᠭᠠᠳᠤ ᠢᠢᠨ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ᠃

ᠡᠨᠡ ᠵᠢᠯ ᠠᠮᠧᠷᠢᠺᠠ ᠢᠢᠨ ᠨᠢᠭᠡᠳᠦᠭᠰᠡᠨ ᠤᠯᠤᠰ᠂ ᠶᠡᠬᠡ ᠪᠷᠢᠲ᠋ᠠᠨᠢ᠂ ᠭᠧᠷᠮᠠᠨ᠂ ᠹᠷᠠᠨ᠋ᠼ᠂ ᠴᠧᠾ᠂ ᠺᠠᠨ᠋ᠨᠳ᠂ ᠫᠣᠯᠢᠱ᠂ ᠠᠦᠢᠰᠲ᠋ᠷᠠᠯᠢᠶ᠎ᠠ᠂ ᠬᠢᠲᠠᠳ᠂ ᠣᠷᠣᠰ᠂ ᠤᠢᠩ᠋ᠭᠠᠷ᠂ ᠡᠨᠡᠳᠬᠡᠭ᠌᠂ ᠯᠠᠤᠰ᠂ ᠸᠢᠧᠲ᠋ᠨᠠᠮ ᠵᠡᠷᠭᠡ 16 ᠤᠯᠤᠰ ᠤᠨ ᠶᠡᠬᠡ᠂ ᠳᠡᠭᠡᠳᠦ ᠰᠤᠷᠭᠠᠭᠤᠯᠢ ᠳᠤ 260 ᠣᠶᠤᠲᠠᠨ ᠵᠠᠯᠠᠭᠤᠰ ᠰᠤᠷᠤᠯᠴᠠᠬᠤ ᠪᠠᠷ ᠶᠠᠪᠤᠵᠤ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠡᠳᠬᠦᠯᠭᠡᠳᠦ ᠬᠥᠲᠥᠯᠪᠦᠷᠢ ᠢᠢᠨ ᠡᠵᠡᠳ ᠢ ᠦᠳᠡᠬᠦ ᠶᠣᠰᠣᠯᠠᠯ ᠳᠤ ᠣᠷᠣᠯᠴᠠᠨ ᠪᠠᠶᠠᠷ ᠬᠦᠷᠭᠡᠵᠦ᠂ ᠰᠤᠷᠤᠯᠭ᠎ᠠ ᠢᠢᠨ ᠠᠮᠵᠢᠯᠲᠠ ᠬᠦᠰᠦᠨ ᠢᠷᠦᠭᠡᠪᠡ᠃

ᠲᠡᠷᠡ ᠪᠡᠷ᠎ ᠬᠡᠯᠡᠭᠰᠡᠨ ᠦᠭᠡᠨ ᠳᠥ ᠪᠡᠨ᠂ ᠠᠯᠤᠰ ᠭᠠᠵᠠᠷ ᠰᠤᠷᠠᠬᠤ ᠪᠠᠷ ᠶᠠᠪᠤᠵᠤ ᠪᠠᠢᠢᠭ᠎ᠠ ᠣᠶᠤᠲᠠᠨ ᠵᠠᠯᠠᠭᠤᠰ ᠳᠡᠯᠡᠬᠡᠢ ᠢᠢᠨ ᠪᠣᠯᠪᠠᠰᠤᠷᠠᠯ ᠡᠵᠡᠮᠰᠢᠵᠦ᠂ ᠡᠬᠡ ᠣᠷᠣᠨ ᠤ ᠪᠠᠨ ᠬᠥᠭ᠍ᠵᠢᠯ ᠳᠡᠪᠰᠢᠯ᠂ ᠰᠠᠢᠢᠨ ᠰᠠᠢᠢᠬᠠᠨ ᠤ ᠲᠥᠯᠥᠭᠡ ᠬᠦᠴᠦᠨ ᠵᠢᠳᠬᠦᠬᠦ ᠦᠨᠳᠦᠰᠦᠨ ᠦ ᠮᠠᠩᠯᠠᠢᠢᠯᠠᠭᠴᠢᠳ ᠭᠡᠳᠡᠭ ᠢ ᠲᠡᠮᠳᠡᠭᠯᠡᠪᠡ᠃ ᠮᠥᠨ ᠭᠠᠳᠠᠭᠠᠳᠤ ᠤᠯᠤᠰ ᠲᠤ ᠡᠬᠡ ᠣᠷᠣᠨ ᠤ ᠪᠠᠨ ᠨᠡᠷ᠎ᠡ ᠬᠦᠨᠳᠦ᠂ ᠮᠣᠩ᠋ᠭᠣᠯ ᠬᠦᠮᠦᠨ ᠦ ᠦᠨ᠎ᠡ ᠴᠡᠨ᠎ᠡ ᠢᠢ ᠥᠨᠳᠥᠷ ᠲᠥ ᠡᠷᠭᠦᠨ᠂ ᠪᠡᠶ᠎ᠡ ᠪᠡᠶ᠎ᠡ ᠪᠡᠨ ᠬᠠᠢᠢᠷᠠᠯᠠᠵᠤ᠂ ᠲᠤᠰᠠᠯᠠᠵᠤ᠂ ᠳᠡᠮᠵᠢᠵᠦ᠂ ᠬᠦᠨᠳᠦᠳᠭᠡᠵᠦ ᠶᠠᠪᠤᠵᠤ ᠪᠠᠢᠢᠬᠤ ᠢᠢ ᠵᠠᠬᠢᠯ᠎ᠠ᠃
ᠣᠶᠤᠲᠠᠨ ᠵᠠᠯᠠᠭᠤᠰ ᠢ ᠦᠳᠡᠬᠦ ᠶᠣᠰᠣᠯᠠᠯ ᠳᠤ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠢᠢᠳ ᠯ᠂ ᠡᠩᠬᠡ-ᠠᠮᠤᠭᠤᠯᠠᠩ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠪᠣᠳᠣᠯᠭ᠎ᠠ ᠢᠢᠨ ᠵᠥᠪᠯᠡᠬᠦ ᠴᠤᠢᠢ‍᠂ ᠯᠣᠳᠤᠢᠢᠷᠠᠪᠰᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠡᠳ᠋ ᠳᠠᠷᠤᠭ᠎ᠠ ᠠ᠊᠂ ᠦᠢᠯᠡᠰᠲᠡᠭᠦᠯᠳᠡᠷ ᠨᠠᠷ ᠣᠷᠣᠯᠴᠠᠯ᠎ᠠ᠃

ᠥᠩ᠋ᠭᠡᠷᠡᠭᠰᠡᠨ ᠵᠢᠯ 《ᠶᠡᠷᠦᠩᠬᠡᠢᠢᠯᠡᠭᠴᠢ ᠢᠢᠨ ᠢᠯᠡᠭᠡᠯᠲᠡ- 2100》 ᠲᠡᠳᠬᠦᠯᠭᠡᠳᠦ ᠬᠥᠲᠥᠯᠪᠦᠷᠢ ᠢᠢᠨ ᠬᠦᠷᠢᠶᠡᠨ ᠳᠥ 256 ᠣᠶᠤᠲᠠᠨ ᠵᠠᠯᠠᠭᠤᠰ ᠭᠠᠳᠠᠭᠠᠳᠤ ᠢᠢᠨ 13 ᠤᠯᠤᠰ ᠤᠨ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠪᠠᠷ ᠶᠠᠪᠤᠭᠰᠠᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠬᠦᠮᠦᠨ ᠦ ᠳᠡᠯᠡᠬᠡᠢ ᠳᠥ ᠥᠷᠢᠰᠦᠯᠳᠡᠬᠦ ᠴᠢᠳᠠᠪᠤᠷᠢ ᠢᠢ ᠨᠡᠮᠡᠭᠳᠡᠭᠦᠯᠬᠦ᠂ ᠬᠡᠦᠬᠡᠳ᠂ ᠵᠠᠯᠠᠭᠤᠴᠤᠳ ᠤᠨ ᠰᠤᠷᠤᠯᠴᠠᠬᠤ ᠲᠡᠭᠰᠢ ᠪᠣᠯᠤᠮᠵᠢ ᠢᠢ ᠬᠠᠩ᠋ᠭᠠᠬᠤ᠂ ᠳᠡᠯᠡᠬᠡᠢ ᠢᠢᠨ ᠰᠢᠯᠢᠳᠡᠭ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠳᠤ ᠳᠡᠮᠵᠢᠯᠭᠡ ᠦᠵᠡᠭᠦᠯᠬᠦ ᠵᠣᠷᠢᠯᠭ᠎ᠠ ᠪᠠᠷ ᠵᠠᠷᠯᠢᠭ ᠭᠠᠷᠭᠠᠭᠰᠠᠨ᠃

ᠡᠨᠡ ᠳᠠᠭᠠᠭᠤ ᠵᠢᠯ ᠪᠦᠷᠢ 330 ᠰᠤᠮᠤ᠂ ᠨᠡᠢᠢᠰᠯᠡᠯ ᠦᠨ ᠬᠣᠷᠢᠶ᠎ᠠ ᠲᠤᠰ ᠪᠦᠷᠢ ᠡᠴᠡ ᠨᠢᠭᠡ ᠰᠢᠯᠢᠳᠡᠭ ᠰᠤᠷᠤᠭᠴᠢ ᠢᠢ ᠰᠢᠯᠭᠠᠷᠠᠭᠤᠯᠵᠤ᠂ ᠳᠡᠯᠡᠬᠡᠢ ᠢᠢᠨ ᠰᠢᠯᠢᠳᠡᠭ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠭᠤᠯᠬᠤ 》ᠶᠡᠷᠦᠩᠬᠡᠢᠢᠯᠡᠭᠴᠢ ᠢᠢᠨ ᠢᠯᠡᠭᠡᠯᠲᠡ-2100》 ᠲᠡᠳᠬᠦᠯᠭᠡᠳᠦ ᠬᠥᠲᠥᠯᠪᠦᠷᠢ ᠢᠢ 2021 ᠣᠨ ᠠᠴᠠ ᠬᠡᠷᠡᠭᠵᠢᠭᠦᠯᠵᠦ ᠪᠠᠢᠢᠨ᠎ᠠ᠃