Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠳᠠᠢᠢᠴᠢᠳ ᠤᠨ ᠬᠥᠰᠢᠶᠡᠨ ᠳᠤ ᠴᠡᠴᠡᠭ ᠡᠷᠭᠦᠵᠦ᠂ ᠬᠤ‍᠂ ᠴᠢ ᠮᠢᠨᠢ ᠤᠨ ᠪᠤᠩᠬᠤᠨ ᠳᠤ ᠬᠦᠨᠳᠦᠳᠬᠡᠯ ᠦᠵᠡᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠯᠤᠪᠰᠠᠩᠳᠣᠷᠵᠢ ᠢᠢᠨ ᠪᠣᠯᠣᠷᠴᠡᠴᠡᠭ ᠦᠨ ᠬᠠᠮᠲᠤ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠬᠦᠷᠢᠶᠡᠨ ᠳᠥ 2023 ᠣᠨ ᠤ 11 ᠳ᠋ᠤᠭᠡᠷ ᠰᠠᠷ᠎ᠠ ᠢᠢᠨ 01 ᠍ ᠦ ᠡᠳᠦᠷ ᠳᠠᠢᠢᠨ ᠳᠤ ᠠᠮᠢ ᠦᠷᠡᠭᠳᠡᠭᠰᠡᠨ ᠳᠠᠢᠢᠴᠢᠳ ᠤᠨ ᠬᠥᠰᠢᠶᠡᠨ ᠳᠥ ᠴᠡᠴᠡᠭ ᠡᠷᠭᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠣᠯᠤᠨ ᠭᠡᠷᠡᠭ ᠢ ᠳᠠᠢᠢᠨ ᠳᠤ ᠠᠮᠢ ᠦᠷᠡᠭᠳᠡᠭᠰᠡᠨ ᠳᠠᠢᠢᠴᠢᠳ ᠤᠨ ᠬᠥᠰᠢᠶᠡᠨ ᠳᠥ ᠬᠦᠷᠦᠯᠴᠡᠨ ᠢᠷᠡᠬᠦ ᠳᠥ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠲᠥᠷᠦ ᠢᠢᠨ ᠬᠦᠨᠳᠦᠳᠥ ᠬᠠᠷᠠᠭᠤᠯ ᠵᠢᠬᠰᠠᠵᠤ ᠤᠭᠲᠤᠯ᠎ᠠ᠃
ᠬᠥᠰᠢᠶᠡᠨ ᠳᠥ ᠴᠡᠴᠡᠭ ᠡᠷᠭᠦᠬᠦ ᠦᠶ᠎ᠡ ᠳᠥ ᠦᠯᠢᠭᠡᠷ ᠵᠢᠱᠢᠶ᠎ᠡ ᠦᠯᠢᠶᠡᠪᠦᠷᠢ ᠨᠠᠢᠢᠷᠠᠯ ᠬᠥᠭ᠍ᠵᠢᠮ ᠳ᠋ᠥ ᠭᠠᠰᠢᠭᠤᠳᠠᠯ ᠤᠨ ᠠᠶ᠎ᠠ ᠡᠭᠡᠰᠢᠭᠯᠡᠪᠡ᠃

ᠳᠠᠢᠢᠨ ᠳᠤ ᠠᠮᠢ ᠦᠷᠡᠭᠳᠡᠭᠰᠡᠨ ᠳᠠᠢᠢᠴᠢᠳ ᠤᠨ ᠬᠥᠰᠢᠢ ᠡ ᠢᠢ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠤᠨ ᠲᠥᠯᠦᠭᠡ ᠪᠣᠯᠤᠨ ᠡᠬᠡ ᠣᠷᠣᠨ ᠢᠶᠠᠨ ᠬᠠᠮᠠᠭᠠᠯᠠᠬᠤ ᠦᠢᠯᠡ ᠬᠡᠷᠡᠭ ᠲᠥ ᠡᠷᠡᠯᠬᠡᠭ᠌ ᠵᠣᠷᠢᠭᠲᠠᠢ ᠲᠡᠮᠡᠴᠡᠵᠦ᠂ ᠠᠮᠢ ᠡᠷᠡᠰᠳᠡᠭᠰᠡᠨ ᠴᠡᠷᠢᠭ ᠡᠷᠡᠰ ᠦᠨ ᠠᠯᠳᠠᠷ ᠭᠠᠪᠢᠶ᠎ᠠ ᠢᠢ ᠮᠥᠩᠬᠡᠯᠡᠵᠦ᠂ ᠡᠭᠦᠷᠢᠳᠡ ᠰᠠᠨᠠᠨ ᠳᠤᠷᠠᠰᠬᠤ ᠵᠣᠷᠢᠯᠭ᠎ᠠ ᠪᠠᠷ ᠪᠣᠰᠬᠠᠵᠠᠢ᠃

ᠲᠤᠰ ᠴᠣᠭᠴᠠᠯᠠᠪᠤᠷᠢ ᠨᠢ 12᠂000 ᠠᠮ ᠮᠧᠲ᠋ᠷ ᠪᠦᠬᠦᠢ ᠲᠠᠯᠠᠪᠠᠢ ᠢᠢ ᠬᠠᠮᠤᠷᠤᠭᠰᠠᠨ 12᠂6 ᠮᠧᠲ᠋ᠷ ᠥᠨᠳᠥᠷ ᠲᠡᠢ ᠪᠥᠭᠡᠳ ᠠᠮᠢ ᠦᠷᠡᠭᠳᠡᠭᠰᠡᠨ ᠪᠠᠭᠠᠲᠤᠷ ᠢ ᠬᠠᠷᠠᠭᠤᠯᠤᠭᠰᠠᠨ ᠬᠥᠰᠢᠶ᠎ᠡ ᠶᠤᠮ᠃ ᠲᠠᠪᠴᠠᠩ ᠤᠨ ᠶᠡᠬᠡ ᠪᠡᠶ᠎ᠡ ᠨᠢ ᠳᠥᠷᠪᠡᠯᠵᠢᠨ ᠬᠡᠯᠪᠡᠷᠢ ᠲᠡᠢ ᠪᠥᠭᠡᠳ 8᠂7 ᠮᠧᠲ᠋ᠷ ᠥᠨᠳᠥᠷ᠂ ᠰᠠᠭᠤᠷᠢ ᠨᠢ 0᠂9 ᠮᠧᠲ᠋ᠷ ᠵᠤᠵᠠᠭᠠᠨ ᠲᠠᠢ᠃ ᠣᠢᠢᠷᠠᠯᠴᠠᠭᠠᠬᠢ ᠴᠡᠩ᠋ᠭᠡᠭ ᠤᠰᠤᠨ ᠤ ᠴᠥᠭᠦᠷᠦᠮ ᠨᠢ 1᠂255 ᠮᠧᠲᠷ ᠺᠸᠠᠳ᠋ᠷᠠᠲ ᠲᠠᠯᠠᠪᠠᠢ ᠲᠠᠢ᠂ 1᠂620 ᠮᠧᠲᠷ ᠺᠸᠠᠳ᠋ᠷᠠᠲ ᠲᠠᠯᠠᠪᠠᠢ ᠪᠦᠬᠦᠢ ᠨᠣᠭᠣᠭᠠᠨ ᠪᠠᠢᠢᠭᠤᠯᠤᠮᠵᠢ ᠢᠢ ᠬᠠᠮᠤᠷᠤᠭᠰᠠᠨ ᠪᠠᠢᠢᠳᠠᠭ᠃
ᠡᠭᠦᠨ ᠦ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠯᠤᠪᠰᠠᠩᠳᠣᠷᠵᠢ ᠢᠢᠨ ᠪᠣᠯᠣᠷᠴᠡᠴᠡᠭ ᠦᠨ ᠬᠠᠮᠲᠤ ᠬᠤ‍᠂ ᠴᠢ᠂ ᠮᠢᠨᠢ ᠤᠨ ᠪᠤᠩᠬᠤᠨ ᠳᠤ ᠬᠦᠨᠳᠦᠳᠬᠡᠯ ᠦᠵᠡᠭᠦᠯᠪᠡ᠃

ᠸᠢᠧᠲ᠋ᠨᠠᠮ ᠤᠨ ᠠᠷᠠᠳ ᠲᠦᠮᠡᠨ ᠦ ᠤᠳᠤᠷᠢᠳᠤᠭᠴᠢ ᠶᠡᠷᠦᠩᠬᠡᠢᠢᠯᠡᠭᠴᠢ ᠬᠤ‍᠂ ᠴᠢ᠂ ᠮᠢᠨᠢ ᠤᠨ ᠪᠤᠩᠬᠤᠨ ᠨᠢ ᠾᠠᠨᠨᠤᠢ ᠬᠣᠲᠠ ᠢᠢᠨ ᠪᠠ ᠳ᠋ᠢᠨᠢ ᠦᠨ ᠲᠠᠯᠠᠪᠠᠢ ᠳᠤ ᠪᠠᠢᠢᠷᠢᠯᠠᠳᠠᠭ ᠪᠥᠭᠡᠳ ᠶᠡᠷᠦᠩᠬᠡᠢᠢᠯᠡᠭᠴᠢ ᠬᠤ‍᠂ ᠴᠢ᠂ ᠮᠢᠨᠢ 1945 ᠣᠨ ᠤ 09 ᠳ᠋ᠤᠭᠡᠷ ᠰᠠᠷ᠎ᠠ ᠢᠢᠨ 02 ᠍ ᠤ ᠡᠳᠦᠷ ᠡᠨᠡ ᠲᠠᠯᠠᠪᠠᠢ ᠳᠤ ᠪᠦᠬᠦ ᠨᠡᠢᠢᠲᠡ ᠢᠢᠨ ᠠᠩᠬᠠᠨ ᠤ ᠴᠤᠭᠯᠠᠭᠠᠨ ᠢ ᠵᠣᠬᠢᠶᠠᠨ ᠪᠠᠢᠢᠭᠤᠯᠵᠤ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠸᠢᠧᠲ᠋ᠨᠠᠮ ᠤᠯᠤᠰ ᠪᠠᠢᠢᠭᠤᠯᠤᠭᠳᠠᠭᠰᠠᠨ ᠢ ᠵᠠᠷᠯᠠᠨ ᠲᠤᠩᠬᠠᠭᠯᠠᠭᠰᠠᠨ᠃
1973 ᠣᠨ ᠤ 09 ᠳ᠋ᠤᠭᠡᠷ ᠰᠠᠷ᠎ᠠ ᠳᠤ ᠪᠤᠩᠬᠤᠨ ᠤ ᠪᠠᠷᠢᠯᠭ᠎ᠠ ᠢᠢᠨ ᠠᠵᠢᠯ ᠢ ᠡᠬᠢᠯᠡᠭᠦᠯᠦᠭᠰᠡᠨ ᠪᠥᠭᠡᠳ 1975 ᠣᠨ ᠤ 06 ᠳ᠋ᠤᠭᠠᠷ ᠰᠠᠷ᠎ᠠ ᠢᠢᠨ 16 ᠍ ᠳᠤ ᠪᠠᠷᠢᠵᠤ ᠳᠠᠭᠤᠰᠬᠠᠵᠤ᠂ ᠮᠥᠨ ᠣᠨ ᠤ 08 ᠳ᠋ᠤᠭᠠᠷ ᠰᠠᠷ᠎ᠠ ᠢᠢᠨ 26 ᠍ ᠳᠤ ᠠᠯᠪᠠᠨ ᠶᠣᠰᠣᠨ ᠤ ᠨᠡᠭᠡᠭᠡᠯᠲᠡ ᠢᠢ ᠬᠡᠢᠢᠵᠡᠢ᠃

ᠪᠤᠩᠬᠤᠨ ᠨᠢ ᠳᠥᠷᠪᠡᠯᠵᠢᠨ ᠬᠡᠯᠪᠡᠷᠢᠲᠡᠢ᠂ ᠬᠠᠮᠢᠭᠠᠰᠢ ᠬᠠᠮᠢᠭᠠᠰᠢ ᠪᠠᠨ 30 ᠮᠧᠲ᠋ᠷ ᠥᠷᠭᠡᠨ ᠲᠡᠢ᠂ ᠥᠨᠳᠦᠷ ᠨᠢ 21.6 ᠮᠧᠲ᠋ᠷ ᠪᠥᠭᠡᠳ 7 ᠪᠠᠯᠯ ᠤᠨ ᠬᠦᠴᠦᠲᠡᠢ ᠭᠠᠵᠠᠷ ᠬᠥᠳᠡᠯᠦᠯᠲᠡ ᠢᠢ ᠲᠡᠰᠪᠦᠷᠢᠯᠡᠬᠦ ᠪᠡᠷ ᠪᠠᠷᠢᠭᠳᠠᠭᠰᠠᠨ ᠪᠠᠢᠢᠨ᠎ᠠ᠃ ᠪᠤᠩᠬᠤᠨ ᠤ ᠨᠡᠢᠢᠲᠡ ᠲᠠᠯᠠᠪᠠᠢ ᠢᠢᠨ ᠬᠡᠮᠵᠢᠶ᠎ᠡ 21᠂000 ᠮᠧᠲ᠋ᠷ ᠬᠠᠪᠲᠠᠭᠠᠢ ᠳᠥᠷᠪᠡᠯᠵᠢᠨ ᠪᠣᠯᠤᠨ᠎ᠠ᠃