Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ‍ ᠸᠠᠩ ᠲᠢᠤᠢᠨᠭ᠋ ᠨᠠᠷ ᠬᠡᠪᠯᠡᠯ ᠳᠥ ᠮᠡᠳᠡᠭᠡᠯᠡᠯ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ‍ ᠸᠠᠩ ᠲᠢᠤᠢᠡᠭ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠲᠥᠯᠥᠭᠡᠯᠡᠭᠴᠢᠳ ᠲᠥ ᠮᠡᠳᠡᠭᠡᠯᠡᠯ ᠬᠢᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠡᠯᠡᠭᠰᠡᠨ ᠦᠭᠡᠨ ᠳᠥ ᠪᠡᠨ᠂ ᠡᠷᠲᠡᠨ ᠦ ᠲᠡᠦᠬᠡᠨ ᠤᠯᠪᠠᠭ᠎ᠠ ᠲᠠᠢ᠂ ᠨᠠᠢᠢᠷᠰᠠᠭ ᠬᠠᠷᠢᠯᠴᠠᠭ᠎ᠠ ᠲᠠᠢ ᠮᠣᠩ᠋ᠭᠣᠯ᠂ ᠸᠢᠧᠲ᠋ᠨᠠᠮ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠪᠣᠰᠬᠠᠨ ᠳᠡᠭᠡᠷ᠎ᠡ ᠡᠬᠡ ᠣᠷᠣᠨ ᠳᠤ ᠪᠠᠨ ᠨᠠᠢᠢᠷᠰᠠᠭ ᠳᠣᠲᠣᠨᠣ ᠪᠠᠷ ᠬᠦᠯᠢᠶᠡᠨ ᠠᠪᠴᠤ ᠪᠤᠢ ᠶᠡᠷᠦᠩᠬᠡᠢᠢᠯᠡᠭᠴᠢ ᠸᠣ‍ ᠸᠠᠩ ᠲᠢᠤᠢᠡᠭ ᠪᠣᠯᠤᠨ ᠸᠢᠧᠲ᠋ᠨᠠᠮ ᠤᠨ ᠠᠷᠠᠳ ᠲᠦᠮᠡᠨ ᠳᠥ ᠴᠢᠨᠭ᠌ ᠰᠡᠳᠬᠢᠯ ᠦᠨ ᠲᠠᠯᠠᠷᠬᠠᠯ ᠢᠯᠡᠷᠬᠡᠢᠢᠯᠡᠪᠡ᠃

ᠮᠣᠩ᠋ᠭᠣᠯ ᠤᠯᠤᠰ᠂ ᠸᠢᠧᠲ᠋ᠨᠠᠮ ᠤᠯᠤᠰ ᠤᠨ ᠬᠠᠷᠢᠯᠴᠠᠭ᠎ᠠ ᠲᠡᠷᠲᠡᠭᠡ XIII ᠵᠠᠭᠤᠨ ᠳᠤ ᠴᠡᠷᠢᠭ᠂ ᠤᠯᠤᠰ ᠲᠥᠷᠥ ᠢᠢᠨ ᠬᠠᠷᠢᠯᠴᠠᠭ᠎ᠠ ᠲᠣᠭᠲᠠᠭᠠᠭᠰᠠᠨ ᠢᠶᠠᠷ ᠡᠬᠢᠯᠡᠵᠦ ᠪᠠᠢᠢᠭᠰᠠᠨ ᠥᠨᠢ ᠡᠷᠲᠡᠨ ᠦ ᠲᠡᠦᠬᠡ ᠲᠡᠢ ᠪᠥᠭᠡᠳ XX ᠵᠠᠭᠤᠨ ᠤ ᠡᠬᠢᠨ ᠦ ᠬᠠᠭᠠᠰ ᠲᠤ ᠬᠣᠶᠠᠷ ᠤᠯᠤᠰ ᠦᠨᠳᠦᠰᠦᠨ ᠦ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠵᠤ᠂ ᠬᠥᠭ᠍ᠵᠢᠯ ᠳᠡᠪᠰᠢᠯ ᠦᠨ ᠰᠢᠨ᠎ᠡ ᠡᠷᠢᠨ ᠦᠶ᠎ᠡ ᠲᠡᠢ ᠵᠣᠯᠭᠠᠭᠰᠠᠨ ᠨᠢ ᠣᠷᠴᠢᠨ ᠴᠠᠭ ᠤᠨ ᠬᠠᠷᠢᠯᠴᠠᠭᠠᠨ ᠤ ᠦᠨᠳᠦᠰᠦ ᠰᠠᠭᠤᠷᠢ ᠪᠣᠯᠤᠭᠰᠠᠨ ᠭᠡᠳᠡᠭ ᠢ ᠲᠡᠮᠳᠡᠭᠯᠡᠯ ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠬᠢᠵᠦ ᠪᠤᠢ ᠡᠨᠡ ᠬᠦ ᠲᠥᠷᠥ ᠢᠢᠨ ᠠᠢᠢᠯᠴᠢᠯᠠᠯ ᠨᠢ ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠤᠯᠠᠮ ᠪᠦᠷᠢ ᠪᠡᠬᠢᠵᠢᠭᠦᠯᠦᠨ᠂ ᠢᠷᠡᠵᠦ ᠪᠤᠢ ᠣᠨ ᠵᠢᠯ ᠦᠳ ᠲᠥ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠬᠡᠲᠦ ᠢᠢᠨ ᠲᠥᠯᠥᠪ᠂ ᠴᠢᠨᠠᠭᠰᠢᠳᠠ ᠢᠢᠨ ᠵᠠᠮ ᠤᠨ ᠵᠢᠷᠤᠭᠯᠠᠯ ᠢ ᠲᠣᠳᠣᠷᠬᠠᠢᠢᠯᠠᠬᠤ ᠳᠤ ᠴᠢᠬᠤᠯᠠ ᠲᠦᠯᠬᠢᠴᠡ ᠪᠣᠯᠤᠨ᠎ᠠ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠢᠯᠡᠷᠬᠡᠢᠢᠯᠡᠯ᠎ᠡ᠃

ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠬᠦᠨᠡᠰᠦ᠂ ᠬᠥᠳᠡᠭᠡ ᠠᠵᠤ ᠠᠬᠤᠢ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠠᠶᠠᠯᠠᠯ ᠵᠢᠭᠤᠯᠴᠢᠯᠠᠯ ᠤᠨ ᠰᠠᠯᠪᠤᠷᠢ ᠢᠢ ᠪᠣᠳᠣᠯᠭ᠎ᠠ ᠪᠠᠷ ᠳᠡᠮᠵᠢᠬᠦ᠂ ᠢᠷᠭᠡᠳ ᠬᠣᠭᠣᠷᠣᠨᠳᠣ ᠢᠢᠨ ᠰᠣᠯᠢᠯᠴᠠᠭ᠎ᠠ ᠢᠢ ᠨᠡᠮᠡᠭᠳᠡᠭᠦᠯᠬᠦ ᠲᠠᠭᠠᠲᠠᠢ ᠨᠥᠬᠥᠴᠡᠯ ᠢ ᠪᠦᠷᠢᠳᠦᠭᠦᠯᠵᠦ ᠴᠢᠳᠠᠭᠰᠠᠨ ᠢ ᠣᠨᠴᠠᠯᠠᠯ᠎ᠠ᠃

ᠲᠥᠷᠥ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠣᠯ᠂ ᠸᠢᠧᠲ᠋ᠨᠠᠮ ᠤᠨ ᠪᠢᠽᠢᠨ᠋᠋ᠧᠰ ᠹᠣᠷᠣᠢᠮ ᠢ ᠬᠠᠮᠲᠤᠷᠠᠨ ᠵᠣᠬᠢᠶᠠᠨ ᠪᠠᠢᠢᠭᠤᠯᠵᠤ᠂ ᠬᠣᠶᠠᠷ ᠣᠷᠣᠨ ᠤ ᠪᠢᠽᠢᠨ᠋᠋ᠧᠰ ᠡᠷᠬᠢᠯᠡᠭᠴᠢᠳ ᠦᠨ ᠬᠠᠮᠲᠤ ᠢᠢᠨ ᠠᠵᠢᠯᠯᠠᠭᠠᠨ ᠳᠤ ᠪᠣᠳᠣᠯᠭ᠎ᠠ ᠢᠢᠨ ᠳᠡᠮᠵᠢᠯᠭᠡ ᠦᠵᠡᠭᠦᠯᠬᠦ ᠨᠢ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ᠂ ᠡᠳ᠋ ᠍ ᠦᠨ ᠵᠠᠰᠠᠭ ᠤᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠣᠨᠴᠤᠭᠤᠢ ᠠᠴᠢ ᠬᠣᠯᠪᠣᠭᠳᠠᠯ ᠲᠠᠢ ᠭᠡᠵᠦ ᠦᠵᠡᠵᠦ ᠪᠠᠢᠢᠭ᠎ᠠ ᠪᠠᠨ ᠬᠡᠯᠡᠪᠡ᠃

ᠬᠣᠶᠠᠷ ᠤᠯᠤᠰ ᠤᠨ ᠶᠡᠷᠦᠩᠬᠡᠢᠢᠯᠡᠭᠴᠢ ᠢᠢᠨ ᠠᠯᠪᠠᠨ ᠶᠣᠰᠣᠨ ᠤ ᠬᠡᠯᠡᠯᠴᠡᠭᠡ ᠥᠨᠳᠥᠷ ᠠᠴᠢ ᠬᠣᠯᠪᠣᠭᠳᠠᠯ ᠲᠠᠢ᠂ ᠦᠷ᠎ᠡ ᠳ᠋ᠦᠩ ᠲᠡᠢ᠂ ᠨᠠᠢᠢᠷᠰᠠᠭ ᠳᠣᠲᠣᠨᠣ ᠪᠣᠯᠤᠭᠰᠠᠨ ᠭᠡᠵᠦ ᠦᠨᠡᠯᠡᠵᠦ ᠪᠠᠢᠢᠭ᠎ᠠ ᠪᠠᠨ ᠣᠨᠴᠠᠯᠠᠯ᠎ᠠ᠃

ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ‍ ᠸᠠᠩ ᠲᠢᠤᠢᠡᠭ ᠬᠡᠯᠡᠭᠰᠡᠨ ᠦᠭᠡ ᠢᠢᠨ ᠢᠶᠡᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠡᠢ ᠬᠢᠭ᠍ᠰᠡᠨ ᠠᠯᠪᠠᠨ ᠶᠣᠰᠣᠨ ᠤ ᠬᠡᠯᠡᠯᠴᠡᠭᠡ ᠢᠯᠡᠨ ᠳᠠᠯᠠᠩᠭᠥᠢ᠂ ᠴᠢᠨᠭ᠌ ᠰᠡᠳᠬᠢᠯ ᠦᠨ᠂ ᠨᠠᠢᠢᠷᠰᠠᠭ᠂ ᠬᠠᠯᠠᠭᠤᠨ ᠳᠣᠲᠣᠨᠣ ᠠᠭᠤᠷ ᠠᠮᠢᠰᠬᠤᠯ ᠳᠤ ᠪᠣᠯᠵᠤ᠂ ᠬᠣᠶᠠᠷ ᠤᠯᠤᠰ ᠤᠨ ᠬᠠᠷᠢᠯᠴᠠᠭ᠎ᠠ ᠲᠡᠳᠦᠢ ᠦᠭᠡᠢ ᠬᠠᠷᠢᠯᠴᠠᠨ ᠰᠣᠨᠢᠷᠬᠠᠭᠰᠠᠨ ᠣᠯᠠᠨ ᠤᠯᠤᠰ᠂ ᠪᠦᠰᠡ ᠨᠤᠲᠤᠭ ᠤᠨ ᠠᠰᠠᠭᠤᠳᠠᠯ ᠢᠶᠠᠷ ᠳᠡᠯᠭᠡᠷᠡᠩ᠋ᠭᠦᠢ ᠶᠠᠷᠢᠯᠴᠠᠵᠤ᠂ ᠣᠯᠠᠨ ᠨᠡᠢᠢᠲᠡᠯᠢᠭ ᠣᠢᠢᠯᠠᠭᠠᠯᠴᠠᠯ ᠳᠤ ᠬᠦᠷᠦᠭᠰᠡᠨ ᠭᠡᠳᠡᠭ ᠢ ᠲᠡᠮᠳᠡᠭᠯᠡᠪᠡ᠃

ᠢᠷᠡᠬᠦ ᠵᠢᠯ ᠦᠳ ᠲᠥ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠤᠯᠠᠮ ᠦᠷ᠎ᠡ ᠪᠦᠲᠦᠭᠡᠯ ᠲᠡᠢ ᠪᠣᠯᠭᠠᠬᠤ ᠢᠢᠨ ᠲᠤᠯᠠᠳᠠ ᠳᠠᠷᠠᠭᠠᠬᠢ ᠲᠣᠮᠣᠬᠠᠨ ᠴᠢᠭᠯᠡᠯ ᠦᠳ ᠦᠨ ᠬᠦᠷᠢᠶᠡᠨ ᠳᠥ ᠬᠥ᠍ᠭ᠍ᠵᠢᠭᠦᠯᠬᠦ ᠲᠠᠯ᠎ᠠ ᠪᠠᠷ ᠶᠠᠷᠢᠯᠴᠠᠵᠤ ᠲᠣᠬᠢᠷᠠᠭᠰᠠᠨ ᠭᠡᠳᠡᠭ ᠢ ᠬᠡᠯᠡᠯ᠎ᠡ᠃

ᠡᠭᠦᠨ ᠳᠦ ᠤᠯᠤᠰ ᠲᠥᠷᠦ᠂ ᠪᠠᠲᠤᠯᠠᠨ ᠬᠠᠮᠠᠭᠠᠯᠠᠬᠤ᠂ ᠠᠶᠤᠯ ᠦᠭᠡᠢ ᠪᠠᠢᠢᠳᠠᠯ᠂ ᠬᠤᠳᠠᠯᠳᠤᠭ᠎ᠠ᠂ ᠡᠳ᠋ ᠍ ᠦᠨ ᠵᠠᠰᠠᠭ᠂ ᠰᠣᠶᠣᠯ᠂ ᠬᠥᠳᠡᠯᠮᠦᠷᠢ᠂ ᠢᠷᠭᠡᠳ ᠬᠣᠭᠣᠷᠣᠨᠳᠣ ᠢᠢᠨ ᠰᠣᠯᠢᠯᠴᠠᠭᠠᠨ ᠤ ᠴᠢᠭᠯᠡᠯ ᠢᠶᠡᠷ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭᠵᠢᠭᠦᠯᠬᠦ ᠲᠠᠯ᠎ᠠ ᠪᠠᠷ ᠰᠠᠨᠠᠯ ᠰᠣᠯᠢᠯᠴᠠᠵᠤ᠂ ᠨᠢᠭᠲᠠ ᠬᠠᠮᠲᠤᠷᠠᠨ ᠠᠵᠢᠯᠯᠠᠬᠤ ᠪᠠᠷ ᠲᠣᠬᠢᠷᠠᠭᠰᠠᠨ ᠢ ᠣᠨᠴᠠᠯᠠᠪᠠ᠃

ᠢᠷᠡᠬᠦ ᠣᠨ ᠳᠤ ᠲᠣᠬᠢᠶᠠᠬᠤ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢᠨ ᠬᠦᠷᠢᠶᠡᠨ ᠳᠦ ᠲᠡᠮᠳᠡᠭᠯᠡᠨ ᠥᠩ᠋ᠭᠡᠷᠡᠭᠦᠯᠬᠦ ᠠᠷᠭ᠎ᠠ ᠬᠡᠮᠵᠢᠶ᠎ᠡ ᠨᠦᠭᠦᠳ ᠢ ᠦᠷ᠎ᠡ ᠳ᠋ᠦᠩ ᠲᠡᠢ᠂ ᠪᠣᠳᠠᠲᠠᠢ ᠬᠡᠷᠡᠭᠵᠢᠭᠦᠯᠬᠦ ᠴᠢᠭᠯᠡᠯ ᠳᠦ ᠬᠣᠶᠠᠷ ᠲᠠᠯ᠎ᠠ ᠨᠢᠭᠲᠠ ᠤᠶᠠᠯᠳᠤᠭ᠎ᠠ ᠲᠠᠢ ᠬᠠᠮᠲᠤᠷᠠᠨ ᠠᠵᠢᠯᠯᠠᠬᠤ ᠪᠠᠷ ᠰᠠᠨᠠᠭᠠᠴᠢᠯᠠᠭ᠎ᠠ ᠨᠢᠭᠡᠳᠦᠭᠰᠡᠨ ᠢ ᠳᠤᠷᠠᠳᠤᠯ᠎ᠠ᠃
ᠢᠷᠡᠬᠦ ᠵᠢᠯ ᠦᠳ ᠲᠦ ᠸᠢᠧᠲ᠋ᠨᠠᠮ᠂ ᠮᠣᠩ᠋ᠭᠣᠯ ᠤᠨ ᠬᠠᠷᠢᠯᠴᠠᠭ᠎ᠠ ᠤᠯᠠᠮ ᠪᠡᠬᠢᠵᠢᠨ ᠬᠠᠷᠢᠯᠴᠠᠭᠠᠨ ᠤ ᠰᠢᠨ᠎ᠡ ᠲᠦᠩᠰᠢᠯᠡᠯ ᠳᠦ ᠬᠦᠷᠴᠦ᠂ ᠬᠣᠶᠠᠷ ᠣᠷᠣᠨ ᠤ ᠠᠷᠠᠳ ᠲᠦᠮᠡᠨ ᠦ ᠠᠰᠢᠭ ᠲᠤᠰᠠ ᠢᠢᠨ ᠲᠤᠯᠠᠳᠠ ᠪᠥᠰᠡ ᠨᠤᠲᠤᠭ᠂ ᠳᠡᠯᠡᠬᠡᠢ ᠢᠢᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ᠂ ᠬᠠᠮᠲᠤ ᠢᠢᠨ ᠠᠵᠢᠯᠯᠠᠭᠠᠨ ᠤ ᠬᠥᠭᠵᠢᠯᠳᠦ ᠢᠳᠡᠪᠬᠢᠲᠡᠢ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠢᠲᠡᠭᠡᠯ ᠲᠡᠭᠦᠰ ᠪᠠᠢᠢᠭ᠎ᠠ ᠪᠠᠨ ᠲᠡᠮᠳᠡᠭᠯᠡᠪᠡ᠃

ᠢᠷᠡᠬᠦ 2024 ᠣᠨ ᠳᠤ ᠲᠣᠬᠢᠶᠠᠬᠤ ᠸᠢᠧᠲ᠋ᠨᠠᠮ᠂ ᠮᠣᠩ᠋ᠭᠣᠯ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠦᠭᠦᠳᠡ ᠨᠠᠢᠢᠷᠠᠮᠳᠠᠬᠤ ᠰᠣᠴᠢᠶᠠᠯᠢᠰᠲᠤ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠢᠢ ᠮᠣᠩ᠋ᠭᠣᠯ ᠤᠯᠤᠰ ᠲᠤ ᠠᠢᠢᠯᠴᠢᠯᠠᠬᠤ ᠢᠢ ᠤᠷᠢᠭᠰᠠᠨ ᠳᠤ ᠲᠠᠯᠠᠷᠬᠠᠯ ᠢᠯᠡᠷᠬᠡᠢᠢᠯᠡᠵᠦ᠂ ᠪᠠᠶᠠᠷᠲᠠᠢ ᠬᠦᠯᠢᠶᠡᠨ ᠠᠪᠴᠤ ᠪᠠᠢᠢᠭ᠎ᠠ ᠪᠠᠨ ᠢᠯᠡᠷᠬᠡᠢᠢᠯᠡᠯ᠎ᠡ᠃