ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ ᠸᠠᠩ ᠲᠢᠤᠢᠡᠭ ᠨᠠᠷ ᠤᠨ ᠠᠯᠪᠠᠨ ᠶᠣᠰᠣᠨ ᠤ ᠬᠡᠯᠡᠯᠴᠡᠭᠡᠨ ᠦ ᠳ᠋ᠦᠩ᠋ ᠢᠢᠡᠷ ᠭᠠᠷᠭᠠᠭᠰᠠᠨ ᠮᠣᠩ᠋ᠭᠣᠯ᠂ ᠸᠢᠧᠲ᠋ᠨᠠᠮ ᠤᠨ ᠬᠠᠮᠲᠤᠷᠠᠭᠰᠠᠨ ᠮᠡᠳᠡᠭᠳᠡᠯ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃
ᠮᠣᠩ᠋ᠭᠣᠯ᠂ ᠸᠢᠧᠲ᠋ᠨᠠᠮ ᠤᠨ ᠬᠠᠮᠲᠤᠷᠠᠭᠰᠠᠨ ᠮᠡᠳᠡᠭᠳᠡᠯ ᠄
ᠨᠢᠭᠡ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠯᠤᠪᠰᠠᠩᠳᠣᠷᠵᠢ ᠢᠢᠨ ᠪᠣᠯᠣᠷᠴᠡᠴᠡᠭ ᠦᠨ ᠬᠠᠮᠲᠤ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ ᠸᠠᠩ ᠲᠢᠤᠢᠡᠭ ᠦᠨ ᠤᠷᠢᠯᠭ᠎ᠠ ᠪᠠᠷ 2023 ᠣᠨ ᠤ 11 ᠳ᠋ᠤᠭᠡᠷ ᠰᠠᠷ᠎ᠠ ᠢᠢᠨ 01-05 ᠍ ᠤ ᠡᠳᠦᠷ ᠦᠳ ᠲᠥ ᠸᠢᠧᠲ᠋ᠨᠠᠮ ᠤᠯᠤᠰ ᠲᠤ ᠲᠥᠷᠥ ᠢᠢᠨ ᠠᠢᠢᠯᠴᠢᠯᠠᠯ ᠬᠢᠪᠡ᠃
ᠬᠣᠶᠠᠷ᠃ ᠠᠢᠢᠯᠴᠢᠯᠠᠯ ᠤᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ ᠸᠠᠩ ᠲᠢᠤᠢᠡᠭ ᠲᠡᠢ ᠠᠯᠪᠠᠨ ᠶᠣᠰᠣᠨ ᠤ ᠬᠡᠯᠡᠯᠴᠡᠭᠡ ᠬᠢᠵᠦ᠂ ᠸᠢᠧᠲ᠋ᠨᠠᠮ ᠤᠨ ᠺᠣᠮᠮᠤᠢᠨᠢᠰᠲ ᠨᠠᠮ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠨᠾᠤᠢᠧᠡᠨ ᠹᠦ᠋ ᠴᠣᠩ᠂ ᠶᠡᠷᠦᠩᠬᠡᠢ ᠰᠠᠢᠢᠳ ᠹᠠᠮ ᠮᠢᠨᠢ ᠴᠢᠩ᠂ ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠸᠢᠤᠢᠩ ᠳ᠋ᠢᠨᠢ ᠬᠥ ᠡ ᠨᠠᠷ ᠲᠠᠢ ᠲᠤᠰ ᠲᠤᠰ ᠠᠭᠤᠯᠵᠠᠪᠠ᠃ ᠶᠡᠷᠦᠩᠬᠡᠢᠢᠯᠡᠭᠴᠢ ᠤ᠊᠂ ᠬᠦᠷᠡᠯᠰᠦ᠋ᠬᠡ ᠲᠡᠷᠢᠭᠦᠲᠡᠢ ᠮᠣᠩ᠋ᠭᠣᠯ ᠤᠯᠤᠰ ᠤᠨ ᠲᠥᠯᠥᠭᠡᠯᠡᠭᠴᠢᠳ ᠬᠤ ᠴᠢ ᠮᠢᠨᠢ ᠦᠨ ᠪᠤᠩᠬᠤᠨ ᠳᠤ ᠬᠦᠨᠳᠦᠳᠬᠡᠯ ᠦᠵᠡᠭᠦᠯᠵᠦ᠂ ᠾᠤ ᠠ ᠪᠢᠨᠢ ᠮᠤᠵᠢ ᠢᠢᠨ ᠰᠤᠶᠤᠯ᠂ ᠡᠳ᠋ ᠍ ᠦᠨ ᠵᠠᠰᠠᠭ ᠤᠨ ᠴᠢᠯᠦᠭᠡᠲᠦ ᠪᠥᠰᠡ ᠳᠥ ᠵᠣᠴᠢᠯᠠᠪᠠ᠃
ᠭᠤᠷᠪᠠ᠃ ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠤᠯᠤᠰ ᠲᠥᠷᠥ᠂ ᠠᠶᠤᠯ ᠦᠭᠡᠢ ᠪᠠᠢᠢᠳᠠᠯ᠂ ᠪᠠᠲᠤᠯᠠᠨ ᠬᠠᠮᠠᠭᠠᠯᠠᠬᠤ᠂ ᠡᠳ᠋ ᠍ ᠦᠨ ᠵᠠᠰᠠᠭ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ᠂ ᠵᠠᠮ ᠲᠡᠭᠡᠭᠡᠪᠦᠷᠢ᠂ ᠯᠣᠵᠢᠰᠲ᠋ᠢᠭ᠂ ᠰᠤᠶᠤᠯ᠂ ᠠᠶᠠᠯᠠᠯ ᠵᠢᠭᠤᠯᠴᠢᠯᠠᠯ᠂ ᠢᠷᠭᠡᠳ ᠦᠨ ᠰᠣᠯᠢᠯᠴᠠᠭ᠎ᠠ ᠵᠡᠷᠭᠡ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠴᠢᠭᠯᠡᠯ ᠢᠶᠡᠷ ᠠᠪᠴᠤ ᠬᠡᠷᠡᠭᠵᠢᠭᠦᠯᠬᠦ ᠪᠣᠳᠠᠲᠤ ᠠᠷᠭ᠎ᠠ ᠬᠡᠮᠵᠢᠶᠡᠨ ᠦ ᠲᠠᠯ᠎ᠠ ᠪᠠᠷ ᠪᠣᠯᠤᠨ ᠪᠥᠰᠡ ᠨᠤᠲᠤᠭ᠂ ᠣᠯᠠᠨ ᠤᠯᠤᠰ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠤᠯᠢᠯᠴᠠᠪᠠ᠃ 2024 ᠣᠨ ᠳᠤ ᠲᠣᠬᠢᠶᠠᠬᠤ ᠮᠣᠩ᠋ᠭᠣᠯ᠂ ᠸᠢᠧᠲ᠋ᠨᠠᠮ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢ ᠲᠣᠬᠢᠶᠠᠯᠳᠤᠭᠤᠯᠤᠨ ᠬᠣᠶᠠᠷ ᠤᠯᠤᠰ ᠤᠨ ᠬᠠᠷᠢᠯᠴᠠᠭ᠎ᠠ ᠢᠢ 《ᠢᠵᠢ ᠪᠦᠷᠢᠨ ᠲᠦᠩᠰᠢᠯᠡᠯ》 ᠍ ᠦᠨ ᠲᠦᠪᠰᠢᠨ ᠳᠥ ᠬᠦᠷᠭᠡᠬᠦ ᠴᠢᠭᠯᠡᠯ ᠢᠶᠡᠷ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠪᠡ᠃
ᠳᠥᠷᠪᠡ᠃ ᠠᠯᠪᠠᠨ ᠶᠣᠰᠣᠨ ᠤ ᠬᠡᠯᠡᠯᠴᠡᠭᠡᠨ ᠦ ᠦᠶ᠎ᠡ ᠪᠡᠷ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠶᠡᠷᠦᠩᠬᠡᠢᠢᠯᠡᠭᠴᠢ ᠸᠣ ᠸᠠᠩ ᠲᠢᠤᠢᠡᠭ ᠨᠠᠷ ᠬᠣᠶᠠᠷ ᠤᠯᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠬᠥᠭ᠍ᠵᠢᠨ ᠪᠡᠬᠢᠵᠢᠵᠦ᠂ ᠤᠯᠤᠰ ᠲᠥᠷᠥ᠂ ᠠᠶᠤᠯ ᠦᠭᠡᠢ ᠪᠠᠢᠢᠳᠠᠯ᠂ ᠪᠠᠲᠤᠯᠠᠨ ᠬᠠᠮᠠᠭᠠᠯᠠᠬᠤ ᠵᠡᠷᠭᠡ ᠣᠯᠠᠨ ᠰᠠᠯᠪᠤᠷᠢ ᠲᠤ ᠠᠮᠵᠢᠯᠲᠠ ᠢᠢᠨ ᠲᠡᠦᠬᠡ ᠢᠢ ᠪᠦᠲᠦᠭᠡᠵᠦ ᠪᠤᠢ ᠳ᠋ᠤ ᠰᠡᠳᠬᠢᠯ ᠬᠠᠩ᠋ᠭᠠᠯᠤᠭᠤᠨ ᠪᠠᠢᠢᠭ᠎ᠠ ᠢᠢ ᠢᠯᠡᠷᠬᠡᠢᠢᠯᠡᠭᠡᠳ᠂ ᠴᠢᠨᠠᠭᠰᠢᠳᠠ ᠬᠣᠶᠠᠷ ᠣᠷᠣᠨ ᠤ ᠬᠠᠷᠢᠯᠴᠠᠭᠠᠨ ᠤ ᠳᠠᠪᠠᠭᠤ ᠲᠠᠯ᠎ᠠ᠂ ᠨᠥᠭᠡᠴᠡ ᠪᠣᠯᠤᠯᠴᠠᠭᠠᠨ ᠳᠤ ᠲᠤᠯᠭᠠᠭᠤᠷᠢᠯᠠᠨ ᠪᠦᠬᠦᠢ ᠯᠠ ᠰᠠᠯᠪᠤᠷᠢ ᠲᠤ ᠦᠷ᠎ᠡ ᠪᠦᠲᠦᠭᠡᠮᠵᠢ ᠲᠡᠢ ᠠᠵᠢᠯᠯᠠᠵᠤ᠂ ᠬᠠᠮᠲᠤ ᠢᠢᠨ ᠠᠵᠢᠯᠯᠠᠭ᠎ᠠ ᠢᠢ ᠡᠳ᠋ ᠍ ᠦᠨ ᠵᠠᠰᠠᠭ ᠤᠨ ᠪᠣᠳᠠᠲᠤ ᠠᠭᠤᠯᠭ᠎ᠠ ᠪᠠᠷ ᠪᠠᠶᠠᠵᠢᠭᠤᠯᠤᠨ ᠬᠥᠭ᠍ᠵᠢᠭᠦᠯᠬᠦ ᠢᠢᠨ ᠲᠥᠯᠥᠭᠡ ᠦᠷᠭᠦᠯᠵᠢᠯᠡᠭᠦᠯᠦᠨ ᠨᠢᠬᠲᠠ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃ ᠲᠠᠯ ᠠ ᠤᠳ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠤᠯᠤᠰ ᠲᠥᠷᠥ ᠢᠢᠨ ᠬᠠᠷᠢᠯᠴᠠᠨ ᠢᠲᠡᠭᠡᠯᠴᠡᠯ ᠢ ᠪᠡᠬᠢᠵᠢᠭᠦᠯᠬᠦ ᠬᠦᠷᠢᠶᠡᠨ ᠳᠥ ᠳᠡᠭᠡᠳᠦ᠂ ᠥᠨᠳᠥᠷ ᠲᠦᠪᠰᠢᠨ ᠦ ᠲᠥᠯᠥᠭᠡᠯᠡᠭᠴᠢᠳ ᠦᠨ ᠰᠣᠯᠢᠯᠴᠠᠭ᠎ᠠ ᠢᠢ ᠨᠠᠮ᠂ ᠲᠥᠷᠥ᠂ ᠵᠠᠰᠠᠭ ᠤᠨ ᠭᠠᠵᠠᠷ᠂ ᠫᠠᠷᠯᠠᠮᠧᠨ᠋ᠲ ᠵᠡᠷᠭᠡ ᠪᠦᠬᠦᠢ ᠯᠠ ᠲᠦᠪᠰᠢᠨ ᠳᠥ ᠦᠷᠭᠦᠯᠵᠢᠯᠡᠭᠦᠯᠬᠦ᠂ 2024 ᠣᠨ ᠳᠤ ᠲᠣᠬᠢᠶᠠᠬᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠲᠡᠦᠬᠡᠨ ᠣᠢ ᠢᠢ ᠶᠣᠰᠣᠯᠠᠯ ᠲᠡᠭᠦᠯᠳᠡᠷ ᠲᠡᠮᠳᠡᠭᠯᠡᠨ ᠥᠩ᠋ᠭᠡᠷᠡᠭᠦᠯᠬᠦ᠂ ᠰᠤᠶᠤᠯ᠂ ᠤᠷᠠᠯᠢᠭ ᠤᠨ ᠠᠷᠭ᠎ᠠ ᠬᠡᠮᠵᠢᠶ᠎ᠡ ᠢᠢ ᠬᠠᠮᠲᠤᠷᠠᠨ ᠬᠡᠷᠡᠭᠵᠢᠭᠦᠯᠬᠦ᠂ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠦᠨ ᠬᠡᠷᠡᠭᠵᠢᠯᠲᠡ ᠢᠢ ᠡᠷᠴᠢᠮᠲᠡᠢ ᠬᠠᠩ᠋ᠭᠠᠬᠤ ᠲᠠᠯ᠎ᠠ ᠪᠠᠷ ᠰᠠᠨᠠᠯ ᠨᠢᠭᠡᠳᠪᠡ᠃
ᠲᠠᠪᠤ᠃ ᠲᠠᠯ ᠠ ᠤᠳ ᠪᠠᠲᠤᠯᠠᠨ ᠬᠠᠮᠠᠭᠠᠯᠠᠬᠤ᠂ ᠠᠶᠤᠯ ᠦᠭᠡᠢ ᠪᠠᠢᠢᠳᠠᠯ ᠤᠨ ᠬᠠᠮᠲᠤ ᠢᠢᠨ ᠠᠵᠢᠯᠯᠠᠭ᠎ᠠ ᠢᠢ ᠦᠷᠭᠦᠯᠵᠢᠯᠡᠭᠦᠯᠦᠨ ᠪᠡᠬᠢᠵᠢᠭᠦᠯᠵᠦ᠂ ᠬᠠᠮᠲᠤ ᠢᠢᠨ ᠠᠵᠢᠯᠯᠠᠭᠠᠨ ᠤ ᠥᠨᠥ ᠢᠢᠨ ᠮᠧᠾᠠᠨᠢᠽᠮ ᠤᠳ᠂ ᠲᠡᠭᠦᠨ ᠦ ᠳᠣᠲᠣᠷ᠎ᠠ 2019 ᠣᠨ ᠤ 12 ᠳ᠋ᠤᠭᠠᠷ ᠰᠠᠷ᠎ᠠ ᠳᠤ ᠪᠠᠢᠢᠭᠤᠯᠤᠭᠰᠠᠨ 《ᠪᠠᠲᠤᠯᠠᠨ ᠬᠠᠮᠠᠭᠠᠯᠠᠬᠤ ᠰᠠᠯᠪᠤᠷᠢ ᠲᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠍ ᠢ ᠦᠷ᠎ᠡ ᠳ᠋ᠦᠩ ᠲᠡᠢ ᠬᠡᠷᠡᠭᠵᠢᠭᠦᠯᠬᠦ᠂ ᠸᠢᠧᠲ᠋ᠨᠠᠮ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠰᠠᠢᠢᠳ ᠤᠨ 2023 ᠣᠨ ᠤ 10 ᠳ᠋ᠤᠭᠠᠷ ᠰᠠᠷ᠎ᠠ ᠳᠤ ᠮᠣᠩ᠋ᠭᠣᠯ ᠤᠯᠤᠰ ᠲᠤ ᠬᠢᠭ᠍ᠰᠡᠨ ᠠᠢᠢᠯᠴᠢᠯᠠᠯ ᠤᠨ ᠦᠶ᠎ᠡ ᠪᠡᠷ ᠶᠠᠷᠢᠵᠤ ᠲᠣᠬᠢᠷᠠᠭᠰᠠᠨ ᠬᠠᠮᠲᠤ ᠢᠢᠨ ᠠᠵᠢᠯᠯᠠᠭᠠᠨ ᠤ ᠲᠣᠳᠣᠷᠬᠠᠢ ᠲᠥᠰᠥᠯ᠂ ᠬᠥᠲᠥᠯᠪᠦᠷᠢ ᠪᠡᠷ ᠳᠠᠮᠵᠢᠭᠤᠯᠤᠨ ᠮᠡᠳᠡᠭᠡᠯᠡᠯ ᠰᠤᠯᠢᠯᠴᠠᠬᠤ᠂ ᠪᠠᠲᠤᠯᠠᠨ ᠬᠠᠮᠠᠭᠠᠯᠠᠬᠤ ᠠᠵᠤ ᠦᠢᠯᠡᠳᠪᠦᠷᠢ᠂ ᠲᠧᠭᠨᠢᠭ ᠪᠣᠯᠤᠨ ᠡᠩᠬᠡ ᠢᠢ ᠰᠠᠬᠢᠭᠤᠯᠬᠤ ᠵᠡᠷᠭᠡ ᠴᠢᠭᠯᠡᠯ ᠳᠥ ᠪᠣᠳᠠᠲᠤ ᠬᠠᠮᠲᠤ ᠢᠢᠨ ᠠᠵᠢᠯᠯᠠᠭ᠎ᠠ ᠢᠢ ᠳᠡᠮᠵᠢᠵᠦ ᠠᠵᠢᠯᠯᠠᠬᠤ ᠪᠠᠷ ᠲᠣᠬᠢᠷᠠᠯᠴᠠᠪᠠ᠃ ᠲᠠᠯ ᠠ ᠤᠳ ᠠᠶᠤᠯ ᠦᠭᠡᠢ ᠪᠠᠢᠢᠳᠠᠯ᠂ ᠨᠡᠢᠢᠲᠡ ᠢᠢᠨ ᠬᠡᠪ ᠵᠢᠷᠤᠮ ᠢ ᠰᠠᠬᠢᠭᠤᠯᠬᠤ᠂ ᠦᠨᠳᠦᠰᠦᠲᠡᠨ ᠳᠠᠮᠨᠠᠭᠰᠠᠨ ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ᠂ ᠰᠢᠯᠵᠢᠯᠲᠡ ᠬᠥᠳᠡᠯᠭᠡᠭᠡᠨ ᠦ ᠤᠳᠤᠷᠢᠳᠤᠯᠭ᠎ᠠ ᠢᠢᠨ ᠴᠢᠭᠯᠡᠯ ᠳᠥ ᠬᠠᠮᠲᠤᠷᠠᠨ ᠠᠵᠢᠯᠯᠠᠬᠤ ᠲᠤᠬᠠᠢ ᠬᠣᠶᠠᠷ ᠣᠷᠣᠨ ᠤ ᠬᠠᠤᠯᠢ ᠰᠠᠬᠢᠭᠤᠯᠬᠤ ᠪᠠᠢᠢᠭᠤᠯᠤᠯᠭ᠎ᠠ ᠬᠣᠭᠣᠷᠣᠨᠳᠣ ᠪᠠᠢᠢᠭᠤᠯᠤᠭᠰᠠᠨ ᠪᠠᠷᠢᠮᠲᠠ ᠪᠢᠴᠢᠭ᠌ ᠦᠳ ᠦᠨ ᠬᠡᠷᠡᠭᠵᠢᠯᠲᠡ ᠢᠢ ᠬᠠᠩ᠋ᠭᠠᠵᠤ ᠠᠵᠢᠯᠯᠠᠬᠤ ᠪᠠᠷ ᠲᠣᠬᠢᠷᠠᠯᠴᠠᠪᠠ᠃ ᠸᠢᠧᠲ᠋ᠨᠠᠮ ᠤᠯᠤᠰ ᠤᠨ ᠨᠡᠢᠢᠭᠡᠮ ᠤᠨ ᠠᠶᠤᠯ ᠦᠭᠡᠢ ᠪᠠᠢᠢᠳᠠᠯ ᠤᠨ ᠶᠠᠮᠤᠨ ᠤ ᠬᠠᠷᠢᠶ᠎ᠠ ᠬᠥᠳᠡᠯᠭᠡᠭᠡᠨ ᠳᠥ ᠴᠠᠭᠳᠠᠭ᠎ᠠ ᠢᠢᠨ ᠭᠠᠵᠠᠷ ᠤᠨ ᠳᠡᠷᠭᠡᠳᠡ ᠪᠠᠢᠢᠭᠤᠯᠤᠭᠳᠠᠭᠰᠠᠨ ᠮᠣᠷᠢᠲᠤ ᠴᠠᠭᠳᠠᠭ᠎ᠠ ᠢᠢᠨ ᠬᠣᠷᠢᠶ᠎ᠠ ᠨᠢ ᠨᠡᠢᠢᠭᠡᠮ ᠤᠨ ᠬᠡᠪ ᠵᠢᠷᠤᠮ᠂ ᠠᠶᠤᠯ ᠦᠭᠡᠢ ᠪᠠᠢᠢᠳᠠᠯ ᠢ ᠰᠠᠬᠢᠭᠤᠯᠬᠤ ᠳᠤ ᠬᠤᠪᠢ ᠨᠡᠮᠡᠷᠢ ᠣᠷᠣᠭᠤᠯᠵᠤ ᠪᠤᠢ ᠨᠢ ᠬᠣᠶᠠᠷ ᠣᠷᠣᠨ ᠤ ᠠᠶᠤᠯ ᠦᠭᠡᠢ ᠪᠠᠢᠢᠳᠠᠯ ᠤᠨ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭᠠᠨ ᠤ ᠲᠣᠳᠣ ᠢᠯᠡᠷᠡᠯ ᠪᠣᠯᠵᠤ ᠪᠤᠢ ᠢᠢ ᠲᠠᠯ᠎ᠠ ᠨᠤᠭᠤᠳ ᠲᠡᠮᠳᠡᠭᠯᠡᠭᠡᠳ ᠲᠤᠰ ᠮᠣᠷᠢᠲᠤ ᠴᠠᠭᠳᠠᠭ᠎ᠠ ᠢᠢᠨ ᠬᠣᠷᠢᠶ᠎ᠠ ᠢᠢ ᠪᠡᠬᠢᠵᠢᠭᠦᠯᠬᠦ ᠳᠥ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠷ ᠪᠣᠯᠪᠠ᠃
ᠵᠢᠷᠭᠤᠭ᠎ᠠ᠃ ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠢᠢᠨ ᠠᠵᠢᠯᠯᠠᠭᠠᠨ ᠤ ᠮᠣᠩ᠋ᠭᠣᠯ᠂ ᠸᠢᠧᠲ᠋ᠨᠠᠮ ᠤᠨ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠡᠯᠡᠯᠴᠡᠬᠦ ᠴᠢᠬᠤᠯᠠ ᠮᠧᠾᠠᠨᠢᠽᠮ ᠪᠣᠯᠵᠤ ᠬᠥᠭ᠍ᠵᠢᠵᠦ ᠪᠤᠢ ᠢᠢ ᠲᠠᠯ᠎ᠠ ᠨᠤᠭᠤᠳ ᠥᠨᠳᠥᠷ ᠢᠶᠡᠷ ᠦᠨᠡᠯᠡᠵᠦ᠂ ᠲᠤᠰ ᠮᠧᠾᠠᠨᠢᠽᠮ ᠢᠶᠠᠷ ᠳᠠᠮᠵᠢᠭᠤᠯᠤᠨ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠰᠠᠯᠪᠤᠷᠢ ᠲᠤ ᠪᠣᠳᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠬᠣᠶᠠᠷ ᠣᠷᠣᠨ ᠤ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠬᠣᠭᠣᠷᠣᠨᠳᠣ ᠬᠡᠯᠬᠢᠶ᠎ᠡ ᠬᠣᠯᠪᠣᠭ᠎ᠠ ᠲᠣᠭᠲᠠᠭᠠᠨ ᠬᠤᠳᠠᠯᠳᠤᠭ᠎ᠠ ᠢᠢ ᠳᠡᠮᠵᠢᠵᠦ ᠠᠵᠢᠯᠯᠠᠬᠤ ᠪᠠᠷ ᠲᠣᠬᠢᠷᠠᠪᠠ᠃ ᠮᠥᠨ ᠬᠣᠶᠠᠷ ᠤᠯᠤᠰ ᠤᠨ ᠰᠲ᠋ᠷᠠᠲ᠋ᠧᠭᠢ ᠢᠢᠨ ᠠᠴᠢ ᠬᠣᠯᠪᠣᠭᠳᠠᠯ ᠪᠦᠬᠦᠢ ᠠᠰᠢᠭᠲᠤ ᠮᠠᠯᠲᠠᠮᠠᠯ ᠤᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠳᠡᠮᠵᠢᠵᠦ᠂ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠢᠢᠨ ᠲᠥᠯᠥᠭᠡ ᠬᠣᠶᠠᠷ ᠲᠠᠯ᠎ᠠ ᠢᠢᠨ ᠳᠠᠪᠠᠭᠤ ᠲᠠᠯ᠎ᠠ᠂ ᠨᠥᠭᠡᠴᠡ ᠪᠣᠯᠤᠮᠵᠢ ᠢᠢ ᠳᠠᠢᠢᠴᠢᠯᠠᠨ ᠠᠵᠢᠯᠯᠠᠬᠤ ᠪᠠᠷ ᠪᠣᠯᠪᠠ᠃ ᠲᠠᠯ ᠠ ᠤᠳ ᠬᠣᠶᠠᠷ ᠣᠷᠣᠨ ᠤ ᠠᠵᠤ ᠠᠬᠤᠢ ᠢᠢᠨ ᠨᠢᠭᠡᠴᠡ ᠨᠦᠭᠦᠳ ᠢ ᠬᠣᠯᠪᠣᠬᠤ ᠳᠤ ᠴᠢᠬᠤᠯᠠ ᠡᠭᠦᠷᠭᠡ ᠭᠦᠢᠴᠡᠳᠭᠡᠵᠦ᠂ ᠳᠡᠮᠵᠢᠯᠭᠡ ᠦᠵᠡᠭᠦᠯᠵᠦ ᠪᠤᠢ ᠸᠢᠧᠲ᠋ᠨᠠᠮ ᠤᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠳᠡᠷᠭᠡᠳᠡᠬᠢ 《ᠸᠢᠧᠲ᠋ᠨᠠᠮ᠂ ᠮᠣᠩ᠋ᠭᠣᠯ ᠤᠨ ᠪᠢᠽᠢᠨ᠋᠋ᠧᠰ ᠦᠨ ᠵᠥᠪᠯᠡᠯ》 ᠪᠣᠯᠤᠨ ᠮᠣᠩ᠋ᠭᠣᠯ ᠤᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠳᠡᠷᠭᠡᠳᠡᠬᠢ 《ᠮᠣᠩ᠋ᠭᠣᠯ᠂ ᠸᠢᠧᠲ᠋ᠨᠠᠮ ᠤᠨ ᠪᠢᠽᠢᠨ᠋᠋ᠧᠰ ᠦᠨ ᠵᠥᠪᠯᠡᠯ》 ᠵᠡᠷᠭᠡ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠥᠨᠳᠥᠷ ᠢᠶᠡᠷ ᠦᠨᠡᠯᠡᠪᠡ᠃
ᠳᠣᠯᠣᠭ᠎ᠠ᠃ ᠲᠠᠯ ᠠ ᠤᠳ 2019 ᠣᠨ ᠳᠤ ᠪᠠᠢᠢᠭᠤᠯᠤᠭᠰᠠᠨ 《ᠬᠥᠳᠡᠭᠡ ᠠᠵᠤ ᠠᠬᠤᠢ ᠢᠢᠨ ᠰᠠᠯᠪᠤᠷᠢ ᠲᠤ ᠬᠠᠮᠲᠤᠷᠠᠨ ᠠᠵᠢᠯᠯᠠᠬᠤ ᠲᠤᠬᠠᠢ ᠰᠠᠨᠠᠮᠵᠢ ᠪᠢᠴᠢᠭ᠌》᠍ ᠦᠨ ᠬᠡᠷᠡᠭᠵᠢᠯᠲᠡ ᠢᠢ ᠦᠷ᠎ᠡ ᠳ᠋ᠦᠩ ᠲᠡᠢ ᠪᠡᠷ ᠬᠠᠩ᠋ᠭᠠᠬᠤ ᠴᠢᠭᠯᠡᠯ ᠳᠥ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠷ ᠲᠣᠬᠢᠷᠠᠪᠠ᠃ ᠲᠠᠯ ᠠ ᠤᠳ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠡᠺᠰᠫᠣᠷᠲ᠋ᠯᠠᠬᠤ ᠢᠮᠠᠭ᠎ᠠ᠂ ᠬᠣᠨᠢᠨ ᠤ ᠮᠢᠬᠠᠨ ᠤ 《ᠮᠠᠯ ᠡᠮᠨᠡᠯᠭᠡ ᠢᠢᠨ ᠠᠷᠢᠭᠤᠨ ᠴᠡᠪᠡᠷ ᠦᠨ ᠭᠡᠷᠡᠴᠢᠯᠡᠭᠡ》 ᠪᠣᠯᠤᠨ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠠᠴᠠ ᠮᠣᠩ᠋ᠭᠣᠯ ᠤᠯᠤᠰ ᠲᠤ ᠡᠺᠰᠫᠣᠷᠲ᠋ᠯᠠᠬᠤ ᠰᠢᠪᠠᠭᠤᠨ ᠤ ᠮᠢᠬ᠎ᠠ᠂ ᠮᠢᠬᠠᠨ ᠪᠦᠲᠦᠭᠡᠭ᠍ᠳᠡᠬᠦᠨ ᠦ 《ᠮᠠᠯ ᠡᠮᠨᠡᠯᠭᠡ ᠢᠢᠨ ᠠᠷᠢᠭᠤᠨ ᠴᠡᠪᠡᠷ ᠦᠨ ᠭᠡᠷᠡᠴᠢᠯᠡᠭᠡ》 ᠍ ᠢ ᠲᠤᠰ ᠲᠤᠰ ᠬᠠᠷᠢᠯᠴᠠᠨ ᠲᠣᠬᠢᠷᠠᠭᠰᠠᠨ ᠨᠢ ᠬᠣᠶᠠᠷ ᠤᠯᠤᠰ ᠤᠨ ᠬᠣᠭᠣᠷᠣᠨᠳᠣ ᠬᠥᠳᠡᠭᠡ ᠠᠵᠤ ᠠᠬᠤᠢ ᠢᠢᠨ ᠪᠦᠲᠦᠭᠡᠭ᠍ᠳᠡᠬᠦᠨ ᠦ ᠰᠣᠯᠢᠯᠴᠠᠭ᠎ᠠ ᠬᠢᠬᠦ ᠲᠠᠭᠠᠲᠠᠢ ᠨᠥᠬᠥᠴᠡᠯ ᠪᠦᠷᠢᠳᠦᠭᠦᠯᠦᠭᠰᠡᠨ ᠢ ᠰᠠᠢᠢᠰᠢᠶᠠᠨ ᠲᠡᠮᠳᠡᠭᠯᠡᠪᠡ᠃
ᠨᠠᠢᠢᠮᠠ᠃ ᠬᠣᠶᠠᠷ ᠣᠷᠣᠨ ᠤ ᠲᠥᠷᠥ ᠢᠢᠨ ᠲᠡᠷᠢᠭᠦᠨ ᠨᠠᠷ ᠬᠣᠶᠠᠷ ᠲᠠᠯ᠎ᠠ ᠢᠢᠨ ᠬᠣᠯᠪᠣᠭᠳᠠᠬᠤ ᠪᠠᠢᠢᠭᠤᠯᠤᠯᠭ᠎ᠠ ᠨᠤᠭᠤᠳ ᠮᠣᠩ᠋ᠭᠣᠯ᠂ ᠸᠢᠧᠲ᠋ᠨᠠᠮ ᠤᠨ ᠬᠣᠭᠣᠷᠣᠨᠳᠣ ᠠᠭᠠᠷ ᠤᠨ ᠬᠠᠷᠢᠯᠴᠠᠭ᠎ᠠ ᠢᠢ ᠥᠷᠭᠡᠵᠢᠭᠦᠯᠵᠦ᠂ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ᠂ ᠠᠶᠠᠯᠠᠯ ᠵᠢᠭᠤᠯᠴᠢᠯᠠᠯ᠂ ᠢᠷᠭᠡᠳ ᠦᠨ ᠰᠣᠯᠢᠯᠴᠠᠭ᠎ᠠ ᠢᠢ ᠨᠡᠮᠡᠭᠳᠡᠭᠦᠯᠬᠦ ᠲᠠᠯ᠎ᠠ ᠪᠠᠷ ᠠᠪᠴᠤ ᠬᠡᠷᠡᠭᠵᠢᠭᠦᠯᠵᠦ ᠪᠤᠢ ᠬᠦᠴᠦᠨ ᠴᠢᠷᠮᠠᠢᠢᠯᠲᠠ ᠢᠢ ᠥᠨᠳᠥᠷ ᠢᠶᠡᠷ ᠦᠨᠡᠯᠡᠪᠡ᠃ ᠲᠠᠯ ᠠ ᠤᠳ ᠬᠣᠶᠠᠷ ᠤᠯᠤᠰ ᠬᠣᠭᠣᠷᠣᠨᠳᠣ ᠢᠢᠨ ᠵᠠᠮ ᠲᠡᠭᠡᠭᠡᠪᠦᠷᠢ ᠢᠢᠨ ᠬᠠᠷᠢᠯᠴᠠᠭ᠎ᠠ᠂ ᠲᠡᠭᠦᠨ ᠦ ᠳᠣᠲᠣᠷ᠎ᠠ ᠲᠡᠮᠦᠷ ᠵᠠᠮ᠂ ᠳᠠᠯᠠᠢ ᠢᠢᠨ ᠲᠡᠭᠡᠭᠡᠪᠦᠷᠢ᠂ ᠠᠭᠠᠷ ᠤᠨ ᠲᠡᠭᠡᠭᠡᠪᠦᠷᠢ ᠵᠡᠷᠭᠡ ᠲᠥ ᠲᠤᠯᠭᠠᠮᠳᠠᠵᠤ ᠪᠤᠢ ᠯᠣᠵᠢᠰᠲ᠋ᠢᠭ ᠤᠨ ᠰᠠᠭᠠᠳ ᠪᠡᠷᠬᠡᠰᠢᠶᠡᠯ ᠢ ᠰᠢᠢᠳᠪᠦᠷᠢᠯᠡᠬᠦ ᠪᠣᠯᠤᠮᠵᠢᠲᠤ ᠭᠠᠷᠴᠠ ᠢᠢ ᠦᠷᠭᠦᠯᠵᠢᠯᠡᠭᠦᠯᠦᠨ ᠡᠷᠢᠯᠬᠢᠯᠡᠵᠦ ᠠᠵᠢᠯᠯᠠᠬᠤ ᠪᠠᠷ ᠪᠣᠯᠪᠠ᠃
ᠶᠢᠰᠦ᠃ ᠬᠣᠶᠠᠷ ᠣᠷᠣᠨ ᠤ ᠲᠥᠷᠥ ᠢᠢᠨ ᠲᠡᠷᠢᠭᠦᠨ ᠨᠠᠷ ᠨᠡᠢᠢᠭᠡᠮ ᠤᠨ ᠬᠠᠮᠠᠭᠠᠯᠠᠯ᠂ ᠮᠡᠷᠭᠡᠵᠢᠯ ᠦᠨ ᠪᠣᠯᠪᠠᠰᠤᠷᠠᠯ᠂ ᠨᠡᠢᠢᠭᠡᠮ ᠤᠨ ᠳᠠᠭᠠᠳᠬᠠᠯ᠂ ᠬᠦᠮᠦᠨ ᠠᠮᠠ ᠢᠢᠨ ᠬᠥᠭ᠍ᠵᠢᠯ᠂ ᠬᠥᠭ᠍ᠵᠢᠯ ᠦᠨ ᠪᠡᠷᠬᠡᠰᠢᠶᠡᠯ ᠲᠡᠢ ᠢᠷᠭᠡᠳ ᠦᠨ ᠨᠡᠢᠢᠭᠡᠮ ᠤᠨ ᠪᠣᠳᠣᠯᠭ᠎ᠠ᠂ ᠦᠢᠯᠡᠴᠢᠯᠡᠭᠡ᠂ ᠵᠧᠨᠳᠧᠷ ᠦᠨ ᠲᠡᠭᠰᠢ ᠪᠠᠢᠢᠳᠠᠯ ᠤᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠢ 2017 ᠣᠨ ᠳᠤ ᠪᠠᠢᠢᠭᠤᠯᠤᠭᠰᠠᠨ 《ᠮᠣᠩ᠋ᠭᠣᠯ ᠤᠯᠤᠰ ᠤᠨ ᠬᠥᠳᠡᠯᠮᠦᠷᠢ᠂ ᠨᠡᠢᠢᠭᠡᠮ ᠤᠨ ᠬᠠᠮᠠᠭᠠᠯᠠᠯ ᠤᠨ ᠶᠠᠮᠤᠨ᠂ ᠸᠢᠧᠲ᠋ᠨᠠᠮ ᠤᠯᠤᠰ ᠤᠨ ᠬᠥᠳᠡᠯᠮᠦᠷᠢ᠂ ᠬᠥᠭ᠍ᠵᠢᠯ ᠦᠨ ᠪᠡᠷᠬᠡᠰᠢᠶᠡᠯ ᠲᠡᠢ ᠢᠷᠭᠡᠳ ᠪᠣᠯᠤᠨ ᠨᠡᠢᠢᠭᠡᠮ ᠤᠨ ᠠᠰᠠᠭᠤᠳᠠᠯ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》 ᠍ ᠦᠨ ᠬᠡᠷᠡᠭᠵᠢᠯᠲᠡ ᠢᠢ ᠬᠠᠩ᠋ᠭᠠᠵᠤ ᠠᠵᠢᠯᠯᠠᠬᠤ ᠢᠢᠨ ᠴᠢᠬᠤᠯᠠ ᠢᠢ ᠲᠡᠮᠳᠡᠭᠯᠡᠵᠦ᠂ ᠲᠠᠯ ᠠ ᠤᠳ ᠤᠨ ᠬᠥᠳᠡᠯᠮᠦᠷᠢ ᠢᠢᠨ ᠵᠠᠬ᠎ᠠ ᠵᠡᠭᠡᠯᠢ ᠢᠢᠨ ᠡᠷᠢᠯᠲᠡ ᠲᠡᠢ ᠰᠠᠯᠪᠠᠷ ᠤᠳ ᠲᠤ ᠬᠠᠷᠢᠯᠴᠠᠨ ᠠᠵᠢᠯᠯᠠᠬᠤ ᠬᠦᠴᠦ ᠨᠡᠢᠢᠯᠡᠭᠦᠯᠬᠦ᠂ ᠬᠦᠯᠢᠶᠡᠨ ᠠᠪᠬᠤ ᠪᠣᠯᠤᠮᠵᠢ ᠢᠢ ᠦᠷᠭᠦᠯᠵᠢᠯᠡᠭᠦᠯᠦᠨ ᠰᠤᠳᠤᠯᠬᠤ ᠪᠠᠷ ᠲᠣᠬᠢᠷᠠᠯᠴᠠᠪᠠ᠃
ᠠᠷᠪᠠ᠃ ᠲᠠᠯ ᠠ ᠤᠳ 2012 ᠣᠨ ᠳᠤ ᠪᠠᠢᠢᠭᠤᠯᠤᠭᠰᠠᠨ ᠪᠣᠯᠪᠠᠰᠤᠷᠠᠯ ᠤᠨ ᠰᠠᠯᠪᠤᠷᠢ ᠲᠤ ᠬᠠᠮᠲᠤᠷᠠᠨ ᠠᠵᠢᠯᠯᠠᠬᠤ ᠲᠤᠬᠠᠢ ᠬᠡᠯᠡᠯᠴᠡᠭᠡᠷ ᠢ ᠦᠷᠭᠦᠯᠵᠢᠯᠡᠭᠦᠯᠦᠨ ᠦᠷ᠎ᠡ ᠳᠦᠩ ᠲᠡᠢ ᠬᠡᠷᠡᠭᠵᠢᠭᠦᠯᠬᠦ ᠪᠡᠷ ᠲᠣᠬᠢᠷᠠᠯᠴᠠᠪᠠ᠃ ᠮᠣᠩ᠋ᠭᠣᠯ ᠤᠨ ᠲᠠᠯ᠎ᠠ ᠢᠢᠨ 《ᠶᠡᠷᠦᠩᠬᠡᠢᠢᠯᠡᠭᠴᠢ ᠢᠢᠨ ᠢᠯᠡᠭᠡᠯᠲᠡ–2100》 ᠲᠡᠳᠬᠦᠯᠭᠡᠳᠦ ᠬᠥᠲᠥᠯᠪᠦᠷᠢ ᠢᠢᠨ ᠬᠦᠷᠢᠶᠡᠨ ᠳᠥ ᠸᠢᠧᠲ᠋ᠨᠠᠮ ᠤᠨ ᠲᠠᠯ᠎ᠠ ᠲᠤᠰ ᠤᠯᠤᠰ ᠤᠨ ᠵᠠᠰᠠᠭ ᠤᠨ ᠭᠠᠵᠠᠷ ᠠᠴᠠ ᠣᠯᠭᠤᠵᠤ ᠪᠤᠢ ᠲᠡᠳᠬᠦᠯᠭᠡ ᠢᠢᠨ ᠲᠣᠭ᠎ᠠ ᠢᠢ ᠨᠡᠮᠡᠭᠳᠡᠭᠦᠯᠬᠦ ᠪᠣᠯᠤᠮᠵᠢ ᠢᠢ ᠢᠨᠠᠭᠰᠢᠲᠠᠢ ᠪᠠᠷ ᠰᠤᠳᠤᠯᠤᠨ ᠦᠵᠡᠬᠦ ᠪᠡᠨ ᠢᠯᠡᠷᠬᠡᠢᠢᠯᠡᠪᠡ᠃ ᠲᠠᠯ ᠠ ᠤᠳ ᠡᠷᠡᠭᠦᠯ ᠮᠡᠨᠳᠦ ᠢᠢᠨ ᠰᠠᠯᠪᠤᠷᠢ᠂ ᠲᠡᠭᠦᠨ ᠦ ᠳᠣᠲᠣᠷ᠎ᠠ ᠤᠯᠠᠮᠵᠢᠯᠠᠯᠲᠤ ᠠᠨᠠᠭᠠᠬᠤ ᠤᠬᠠᠭᠠᠨ᠂ ᠤᠷᠭᠤᠮᠠᠯ ᠤᠨ ᠭᠠᠷᠤᠯᠲᠠᠢ ᠡᠮ ᠦᠢᠯᠡᠳᠪᠦᠷᠢᠯᠡᠬᠦ ᠲᠧᠭᠨᠣᠯᠣᠭᠢ ᠢᠢ ᠰᠤᠳᠤᠯᠬᠤ ᠴᠢᠭᠯᠡᠯ ᠳᠥ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠬᠣᠶᠠᠷ ᠣᠷᠣᠨ ᠤ ᠲᠡᠦᠬᠡ᠂ ᠰᠤᠶᠤᠯ ᠢ ᠬᠠᠷᠢᠯᠴᠠᠨ ᠰᠤᠷᠲᠠᠯᠴᠢᠯᠠᠬᠤ ᠵᠣᠷᠢᠯᠭ᠎ᠠ ᠪᠦᠬᠦᠢ ᠬᠥᠲᠥᠯᠪᠦᠷᠢ ᠬᠡᠷᠡᠭᠵᠢᠭᠦᠯᠬᠦ᠂ ᠰᠤᠶᠤᠯ᠂ ᠤᠷᠠᠯᠢᠭ ᠤᠨ ᠪᠠᠭ᠂ ᠬᠠᠮᠲᠤᠯᠢᠭ ᠤᠳ ᠤᠨ ᠰᠣᠯᠢᠯᠴᠠᠭ᠎ᠠ ᠢᠢ ᠳᠡᠮᠵᠢᠬᠦ᠂ ᠲᠡᠦᠬᠡ᠂ ᠰᠤᠶᠤᠯ ᠤᠨ ᠥᠪ ᠢ ᠬᠠᠮᠠᠭᠠᠯᠠᠬᠤ᠂ ᠨᠥᠬᠥᠨ ᠰᠡᠷᠭᠦᠭᠡᠬᠦ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠬᠣᠶᠠᠷ ᠲᠠᠯ᠎ᠠ ᠢᠢᠨ ᠠᠶᠠᠯᠠᠯ ᠵᠢᠭᠤᠯᠴᠢᠯᠠᠯ ᠤᠨ ᠳᠠᠪᠠᠭᠤ ᠲᠠᠯ᠎ᠠ᠂ ᠨᠥᠭᠡᠴᠡ ᠪᠣᠯᠤᠯᠴᠠᠭ᠎ᠠ ᠢᠢ ᠬᠠᠷᠢᠯᠴᠠᠨ ᠰᠤᠷᠲᠠᠯᠴᠢᠯᠠᠬᠤ ᠵᠠᠮ ᠢᠶᠠᠷ ᠢᠷᠭᠡᠳ ᠦᠨ ᠨᠠᠢᠢᠷᠰᠠᠭ ᠰᠣᠯᠢᠯᠴᠠᠭ᠎ᠠ ᠢᠢ ᠡᠷᠴᠢᠮᠵᠢᠭᠦᠯᠬᠦ᠂ ᠢᠯᠠᠩ᠋ᠭᠤᠶ᠎ᠠ ᠣᠶᠤᠲᠠᠨ ᠵᠠᠯᠠᠭᠤᠴᠤᠳ ᠤᠨ ᠰᠣᠯᠢᠯᠴᠠᠭ᠎ᠠ᠂ ᠣᠷᠣᠨ ᠨᠤᠲᠤᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠡᠷ ᠰᠠᠨᠠᠯ ᠨᠢᠭᠡᠳᠪᠡ᠃ ᠮᠥᠨ ᠬᠣᠶᠠᠷ ᠤᠯᠤᠰ ᠲᠤ ᠠᠵᠢᠯᠯᠠᠵᠤ᠂ ᠠᠮᠢᠳᠤᠷᠠᠵᠤ ᠪᠤᠢ ᠢᠷᠭᠡᠳ ᠦᠨ ᠡᠷᠬᠡ ᠠᠰᠢᠭ ᠢ ᠬᠠᠮᠠᠭᠠᠯᠠᠬᠤ᠂ ᠲᠡᠳᠡᠨ ᠦ ᠰᠤᠷᠴᠤ ᠪᠣᠯᠪᠠᠰᠤᠷᠠᠬᠤ᠂ ᠠᠵᠢᠯᠯᠠᠵᠤ ᠠᠮᠢᠳᠤᠷᠠᠬᠤ ᠲᠠᠭᠠᠲᠠᠢ ᠨᠥᠬᠥᠴᠡᠯ ᠢ ᠪᠦᠷᠢᠳᠦᠭᠦᠯᠬᠦ ᠴᠢᠭᠯᠡᠯ ᠳᠥ ᠨᠢᠬᠲᠠ ᠬᠠᠮᠲᠤᠷᠠᠨ ᠠᠵᠢᠯᠯᠠᠭᠰᠠᠨ ᠢᠶᠠᠷ ᠲᠤᠬᠠᠢ ᠢᠢᠨ ᠢᠷᠭᠡᠳ ᠬᠣᠶᠠᠷ ᠣᠷᠣᠨ ᠤ ᠨᠠᠢᠢᠷᠠᠮᠳᠠᠯ ᠢ ᠪᠡᠬᠢᠵᠢᠭᠦᠯᠬᠦ ᠴᠢᠬᠤᠯᠠ ᠭᠦᠬᠦᠷᠭᠡ ᠪᠣᠯᠬᠤ ᠠᠴᠢ ᠬᠣᠯᠪᠣᠭᠳᠠᠯ ᠲᠠᠢ ᠢᠢ ᠲᠡᠮᠳᠡᠭᠯᠡᠪᠡ᠃
ᠠᠷᠪᠠᠨ ᠨᠢᠭᠡ᠃ ᠲᠠᠯ ᠠ ᠤᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠡᠪᠰᠡᠯ ᠳ᠋ᠦ ᠦᠯᠦ ᠨᠢᠭᠡᠳᠦᠬᠥ ᠬᠥᠳᠡᠯᠭᠡᠭᠡᠨ᠂ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ᠂ АСЕМ᠂ Association of South – East Asian Nations (Asian Region Federation)᠂ United Nations Educational Scientific and Cultural Organization᠂ ᠵᠡᠭᠦᠨ ᠬᠣᠢᠢᠳᠤ ᠠᠽᠢ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯᠠᠷᠠᠬᠢ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠰᠠᠨᠠᠭᠠᠴᠢᠯᠠᠭ᠎ᠠ᠂ ᠠᠽᠢ᠂ ᠨᠣᠮᠣᠬᠠᠨ ᠳᠠᠯᠠᠢ ᠢᠢᠨ ᠮᠥᠩ᠋ᠭᠥ ᠤᠬᠢᠶᠠᠬᠤ ᠲᠠᠢ ᠲᠡᠮᠡᠴᠡᠬᠦ ᠪᠦᠯᠦᠭ (APG) ᠵᠡᠷᠭᠡ ᠣᠯᠠᠨ ᠤᠯᠤᠰ ᠤᠨ ᠪᠣᠯᠤᠨ ᠪᠥᠰᠡ ᠨᠤᠲᠤᠭ ᠤᠨ ᠪᠠᠢᠢᠭᠤᠯᠤᠯᠭ᠎ᠠ ᠤᠨ ᠬᠦᠷᠢᠶᠡᠨ ᠳᠥ ᠦᠷᠭᠦᠯᠵᠢᠯᠡᠭᠦᠯᠦᠨ ᠨᠢᠬᠲᠠ ᠬᠠᠮᠲᠤᠷᠠᠨ ᠠᠵᠢᠯᠯᠠᠵᠤ᠂ ᠬᠠᠷᠢᠯᠴᠠᠨ ᠪᠡᠶ᠎ᠡ ᠪᠡᠶ᠎ᠡ ᠪᠡᠨ ᠳᠡᠮᠵᠢᠬᠦ ᠪᠡᠨ ᠢᠯᠡᠷᠬᠡᠢᠢᠯᠡᠪᠡ᠃
ᠠᠷᠪᠠᠨ ᠬᠣᠶᠠᠷ᠃ ᠸᠢᠧᠲ᠋ᠨᠠᠮ ᠤᠨ ᠲᠠᠯ᠎ᠠ ᠮᠣᠩ᠋ᠭᠣᠯ ᠤᠯᠤᠰ ᠢ Association of South – East Asian Nations ᠍ ᠤ ᠤᠯᠤᠰ ᠣᠷᠣᠨ ᠨᠤᠭᠤᠳ ᠲᠠᠢ ᠬᠠᠷᠢᠯᠴᠠᠭ᠎ᠠ ᠪᠠᠨ ᠥᠷᠭᠡᠵᠢᠭᠦᠯᠦᠨ ᠪᠡᠬᠢᠵᠢᠭᠦᠯᠬᠦ ᠳᠥ ᠳᠡᠮᠵᠢᠯᠭᠡ ᠲᠤᠰᠠᠯᠠᠯᠴᠠᠭ᠎ᠠ ᠦᠵᠡᠭᠦᠯᠵᠦ᠂ Asia Pacific Economic Coopration ᠭᠡᠰᠢᠭᠦᠨᠴᠢᠯᠡᠯᠡ ᠦᠷᠭᠡᠳᠭᠡᠬᠦ ᠦᠶ᠎ᠡ ᠪᠡᠷ ᠮᠣᠩ᠋ᠭᠣᠯ ᠤᠯᠤᠰ ᠲᠤᠰ ᠪᠠᠢᠢᠭᠤᠯᠤᠯᠭ᠎ᠠ ᠳᠤ ᠡᠯᠰᠡᠬᠦ ᠬᠦᠰᠡᠯᠲᠡ ᠢᠢ ᠳᠡᠮᠵᠢᠬᠦ ᠪᠡᠨ ᠳᠠᠪᠲᠠᠨ ᠨᠣᠲᠠᠯᠠᠪᠠ᠃ ᠲᠠᠯ ᠠ ᠤᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ 《ᠲᠣᠭᠲᠠᠪᠤᠷᠢᠲᠠᠢ ᠬᠥᠭ᠍ᠵᠢᠯ ᠦᠨ 2030 ᠬᠥᠲᠥᠯᠪᠦᠷᠢ》᠍ ᠦᠨ ᠬᠡᠷᠡᠭᠵᠢᠯᠲᠡ ᠢᠢ ᠴᠢᠬᠤᠯᠠᠴᠢᠯᠠᠨ ᠦᠵᠡᠵᠦ᠂ ᠶᠠᠳᠠᠭᠤᠷᠠᠯ ᠢ ᠪᠠᠭᠤᠷᠠᠭᠤᠯᠬᠤ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠨᠣᠭᠣᠭᠠᠨ ᠬᠥᠭ᠍ᠵᠢᠯ ᠢ ᠳᠡᠮᠵᠢᠬᠦ ᠴᠢᠭᠯᠡᠯ ᠢᠶᠡᠷ ᠪᠣᠳᠠᠲᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠳᠥ ᠪᠡᠯᠡᠨ ᠪᠠᠢᠢᠭ᠎ᠠ ᠪᠠᠨ ᠢᠯᠡᠷᠬᠡᠢᠢᠯᠡᠪᠡ᠃
ᠠᠷᠪᠠᠨ ᠭᠤᠷᠪᠠ᠃ ᠲᠠᠯ ᠠ ᠤᠳ ᠡᠮᠦᠨᠡᠲᠦ ᠬᠢᠲᠠᠳ ᠤᠨ ᠲᠡᠩ᠋ᠭᠢᠰ ᠲᠥ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠮᠠᠷᠭᠤᠭᠠᠨ ᠲᠠᠢ ᠠᠰᠠᠭᠤᠳᠠᠯ ᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠦᠷᠢᠮ᠂ ᠣᠯᠠᠨ ᠤᠯᠤᠰ ᠤᠨ ᠬᠠᠤᠯᠢ ᠲᠣᠭᠲᠠᠭᠠᠮᠵᠢ᠂ ᠲᠡᠭᠦᠨ ᠦ ᠳᠣᠲᠣᠷ᠎ᠠ 1982 ᠣᠨ ᠤ ᠳᠠᠯᠠᠢ ᠢᠢᠨ ᠡᠷᠬᠡ ᠵᠦᠢ ᠢᠢᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠺᠣᠨᠸᠧᠨ᠋ᠼ (UNCLOS 1982) ᠍ ᠳᠥ ᠨᠡᠢᠢᠴᠡᠭᠦᠯᠦᠨ ᠡᠩᠬᠡ ᠲᠠᠢᠢᠪᠤᠩ ᠤᠨ ᠠᠷᠭ᠎ᠠ ᠵᠠᠮ ᠢᠶᠠᠷ ᠰᠢᠢᠳᠪᠦᠷᠢᠯᠡᠬᠦ ᠢᠢᠨ ᠴᠢᠬᠤᠯᠠ ᠢᠢ ᠲᠡᠮᠳᠡᠭᠯᠡᠪᠡ᠃
ᠠᠷᠪᠠᠨ ᠳᠥᠷᠪᠡ᠃ ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠳᠠᠷᠠᠭᠠᠬᠢ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠪᠠ᠃ ᠡᠭᠦᠨ ᠳᠥ᠄
ᠳ᠋ᠢᠫᠯᠣᠮᠠᠲ᠂ ᠠᠯᠪᠠᠨ ᠪᠣᠯᠤᠨ ᠡᠩ ᠦᠨ ᠫᠠᠰᠫᠣᠷᠲ ᠡᠵᠡᠮᠰᠢᠭᠴᠢᠳ ᠢ ᠸᠢᠽ ᠤᠨ ᠱᠠᠭᠠᠷᠳᠠᠯᠭ᠎ᠠ ᠠᠴᠠ ᠴᠢᠯᠦᠭᠡᠯᠡᠬᠦ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ;
ᠮᠡᠳᠡᠭᠡᠯᠡᠯ ᠰᠣᠯᠢᠯᠴᠠᠭ᠎ᠠ ᠪᠣᠯᠤᠨ ᠴᠠᠭᠠᠴᠢᠯᠠᠯ ᠤᠨ ᠮᠧᠨᠧᠵᠮᠧᠨᠲ ᠦᠨ ᠲᠤᠬᠠᠢ ᠮᠣᠩ᠋ᠭᠣᠯ ᠤᠯᠤᠰ ᠤᠨ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠨᠡᠢᠢᠭᠡᠮ ᠤᠨ ᠠᠶᠤᠯ ᠦᠭᠡᠢ ᠪᠠᠢᠢᠳᠠᠯ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
ᠦᠨᠳᠦᠰᠦᠲᠡᠨ ᠳᠠᠮᠨᠠᠭᠰᠠᠨ ᠮᠠᠩᠰᠢᠭᠤᠷᠠᠭᠤᠯᠬᠤ ᠪᠣᠳᠠᠰ ᠲᠠᠢ ᠬᠣᠯᠪᠣᠭ᠎ᠠ ᠲᠠᠢ ᠭᠡᠮᠲᠦ ᠬᠡᠷᠡᠭ ᠲᠡᠢ ᠲᠡᠮᠡᠴᠡᠬᠦ ᠲᠤᠬᠠᠢ ᠮᠣᠩ᠋ᠭᠣᠯ ᠤᠯᠤᠰ ᠤᠨ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠨᠡᠢᠢᠭᠡᠮ ᠤᠨ ᠠᠶᠤᠯ ᠦᠭᠡᠢ ᠪᠠᠢᠢᠳᠠᠯ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠠᠵᠢᠯ ᠤᠨ ᠠᠯᠪᠠ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠨᠡᠢᠢᠭᠡᠮ ᠤᠨ ᠠᠶᠤᠯ ᠦᠭᠡᠢ ᠪᠠᠢᠢᠳᠠᠯ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
ᠰᠲ᠋ᠷᠠᠲ᠋ᠧᠭᠢ ᠰᠤᠳᠤᠯᠭᠠᠨ ᠤ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠠᠵᠢᠯ ᠤᠨ ᠠᠯᠪᠠ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠨᠡᠢᠢᠭᠡᠮ ᠤᠨ ᠠᠶᠤᠯ ᠦᠭᠡᠢ ᠪᠠᠢᠢᠳᠠᠯ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
ᠴᠠᠭᠠᠨ ᠪᠤᠳᠠᠭᠠᠨ ᠤ ᠬᠤᠳᠠᠯᠳᠤᠭᠠᠨ ᠤ ᠲᠣᠭᠲᠠᠪᠤᠷᠢᠲᠠᠢ ᠨᠡᠢᠢᠯᠡᠭᠦᠯᠦᠯᠲᠡ ᠢᠢᠨ ᠲᠤᠬᠠᠢ ᠮᠣᠩ᠋ᠭᠣᠯ ᠤᠯᠤᠰ ᠤᠨ ᠬᠦᠨᠡᠰᠦ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ ᠢᠢᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠠᠵᠤ ᠦᠢᠯᠡᠳᠪᠦᠷᠢ᠂ ᠬᠤᠳᠠᠯᠳᠤᠭᠠᠨ ᠤ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌;
ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠡᠺᠰᠫᠣᠷᠲ᠋ᠯᠠᠬᠤ ᠢᠮᠠᠭ᠎ᠠ᠂ ᠬᠣᠨᠢᠨ ᠤ ᠮᠢᠬᠠᠨ ᠤ 《ᠮᠠᠯ ᠡᠮᠨᠡᠯᠭᠡ ᠢᠢᠨ ᠠᠷᠢᠭᠤᠨ ᠴᠡᠪᠡᠷ ᠦᠨ ᠭᠡᠷᠡᠴᠢᠯᠡᠭᠡ》 ᠪᠣᠯᠤᠨ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠠᠴᠠ ᠮᠣᠩ᠋ᠭᠣᠯ ᠤᠯᠤᠰ ᠲᠤ ᠡᠺᠰᠫᠣᠷᠲ᠋ᠯᠠᠬᠤ ᠰᠢᠪᠠᠭᠤᠨ ᠤ ᠮᠢᠬ᠎ᠠ᠂ ᠮᠢᠬᠠᠨ ᠪᠦᠲᠦᠭᠡᠭ᠍ᠳᠡᠬᠦᠨ ᠦ 《ᠮᠠᠯ ᠡᠮᠨᠡᠯᠭᠡ ᠢᠢᠨ ᠠᠷᠢᠭᠤᠨ ᠴᠡᠪᠡᠷ ᠦᠨ ᠭᠡᠷᠡᠴᠢᠯᠡᠭᠡ》᠃
ᠠᠷᠪᠠᠨ ᠲᠠᠪᠤ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠢᠢᠨ ᠬᠠᠮᠲᠤ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ ᠸᠠᠩ ᠲᠢᠤᠢᠡᠭ ᠪᠣᠯᠤᠨ ᠸᠢᠧᠲ᠋ᠨᠠᠮ ᠤᠨ ᠠᠷᠠᠳ ᠲᠦᠮᠡᠨ ᠳᠥ ᠮᠣᠩ᠋ᠭᠣᠯ ᠤᠨ ᠲᠥᠯᠥᠭᠡᠯᠡᠭᠴᠢᠳ ᠢ ᠬᠠᠯᠠᠭᠤᠨ ᠳᠣᠲᠣᠨᠣ᠂ ᠨᠠᠢᠢᠷᠰᠠᠭ ᠢᠶᠠᠷ ᠬᠦᠯᠢᠶᠡᠨ ᠠᠪᠴᠤ ᠪᠤᠢ ᠳᠤ ᠲᠠᠯᠠᠷᠬᠠᠯ ᠢᠯᠡᠷᠬᠡᠢᠢᠯᠡᠵᠦ᠂ ᠶᠡᠷᠦᠩᠬᠡᠢᠢᠯᠡᠭᠴᠢ ᠸᠣ ᠸᠠᠩ ᠲᠢᠤᠢᠡᠭ ᠢ ᠢᠷᠡᠬᠦ 2024 ᠣᠨ ᠳᠤ ᠲᠣᠬᠢᠶᠠᠬᠤ ᠮᠣᠩ᠋ᠭᠣᠯ᠂ ᠸᠢᠧᠲ᠋ᠨᠠᠮ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠬᠦᠷᠢᠶᠡᠨ ᠳᠥ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠬᠦ ᠢᠢ ᠤᠷᠢᠪᠠ᠃