Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ-ᠸᠢᠧᠲ᠋ᠨᠠᠮ ᠤᠨ ᠪᠢᠽᠢᠨᠧᠰ ᠹᠣᠷᠣᠢᠮ ᠾᠠᠨᠨᠤᠢ ᠬᠣᠲᠠᠨ᠎ᠠ ᠪᠣᠯᠤᠯ᠎ᠠ

ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ ᠸᠠᠩ ᠲᠢᠤᠢᠩ ᠦᠨ ᠤᠷᠢᠯᠭ᠎ᠠ ᠪᠠᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ – ᠸᠢᠧᠲ᠋ᠨᠠᠮ ᠤᠨ ᠪᠢᠽᠢᠨ᠋᠋ᠧᠰ ᠹᠣᠷᠣᠢᠮ ᠳᠤ 2023 ᠣᠨ ᠤ 11 ᠳ᠋ᠤᠭᠡᠷ ᠰᠠᠷ᠎ᠠ ᠢᠢᠨ 02 ᠍ ᠤ ᠡᠳᠦᠷ ᠣᠷᠣᠯᠴᠠᠯ᠎ᠠ᠃

ᠹᠣᠷᠣᠢᠮ ᠢ ᠨᠡᠭᠡᠭᠡᠵᠦ ᠬᠡᠯᠡᠭᠰᠡᠨ ᠦᠭᠡᠨ ᠳᠥ ᠪᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ᠂ ᠸᠢᠧᠲ᠋ᠨᠠᠮ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠦᠨᠡᠰᠦ᠂ ᠬᠥᠳᠡᠭᠡ ᠠᠵᠤ ᠠᠬᠤᠢ᠂ ᠠᠭᠤᠯᠠ ᠠᠭᠤᠷᠬᠠᠢ᠂ ᠵᠠᠮ ᠲᠡᠭᠡᠭᠡᠪᠦᠷᠢ᠂ ᠡᠷᠴᠢᠮ ᠬᠦᠴᠦ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠵᠡᠷᠭᠡ ᠪᠦᠬᠦᠢ ᠯᠠ ᠰᠠᠯᠪᠤᠷᠢ ᠲᠤ ᠥᠷᠭᠡᠵᠢᠭᠦᠯᠦᠨ ᠬᠥᠭ᠍ᠵᠢᠭᠦᠯᠬᠦ ᠨᠥᠭᠡᠴᠡ ᠪᠣᠯᠤᠮᠵᠢ ᠪᠠᠢᠢᠭ᠎ᠠ ᠢᠢ ᠣᠨᠴᠠᠯᠠᠨ ᠲᠡᠮᠳᠡᠭᠯᠡᠪᠡ᠃

ᠲᠡᠷᠡ ᠪᠡᠷ ᠲᠡᠦᠬᠡᠨ ᠨᠠᠢᠢᠷᠰᠠᠭ ᠬᠠᠷᠢᠯᠴᠠᠭ᠎ᠠ ᠲᠠᠢ ᠮᠠᠨ ᠤ ᠬᠣᠶᠠᠷ ᠣᠷᠣᠨ ᠤ ᠠᠷᠠᠳ ᠲᠦᠮᠡᠨ ᠦ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠵᠤ᠂ ᠢᠯᠠᠩ᠋ᠭᠤᠶ᠎ᠠ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠯ᠎ᠡ᠃

ᠮᠠᠨ ᠤ ᠣᠷᠣᠨ ᠤ ᠮᠠᠯ ᠠᠵᠤ ᠠᠬᠤᠢ ᠢᠢᠨ ᠲᠡᠭᠦᠬᠡᠢ ᠡᠳ᠋ ᠍ ᠦᠨ ᠨᠥᠭᠡᠴᠡ ᠪᠣᠯᠬᠤ ᠬᠣᠨᠢ᠂ ᠢᠮᠠᠭ᠎ᠠ᠂ ᠦᠬᠡᠷ᠂ ᠠᠳᠤᠭᠤᠨ ᠤ ᠠᠷᠠᠰᠤ᠂ ᠰᠢᠷᠢ ᠢᠢ ᠸᠢᠧᠲ᠋ᠨᠠᠮ ᠤᠨ ᠳᠡᠪᠰᠢᠯᠲᠡᠲᠦ ᠲᠧᠭᠨᠢᠭ ᠲᠧᠭᠨᠣᠯᠣᠭᠢ ᠲᠠᠢ ᠬᠣᠣᠰᠯᠠᠭᠤᠯᠤᠨ ᠪᠣᠯᠪᠠᠰᠤᠷᠠᠭᠤᠯᠬᠤ᠂ ᠮᠥᠨ ᠮᠠᠯ ᠤᠨ ᠮᠢᠬ᠎ᠠ᠂ ᠮᠢᠬᠠᠨ ᠪᠦᠲᠦᠭᠡᠭ᠍ᠳᠡᠬᠦᠨ ᠪᠡᠯᠡᠳᠬᠡᠨ ᠡᠺᠰᠫᠣᠷᠲ᠋ᠯᠠᠬᠤ ᠬᠤᠪᠢ ᠤᠨ ᠬᠡᠪᠰᠢᠯ ᠦᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠳᠥ ᠪᠡᠯᠡᠨ ᠪᠠᠢᠢᠭ᠎ᠠ ᠪᠠᠨ ᠢᠯᠡᠷᠬᠡᠢᠢᠯᠡᠪᠡ᠃

ᠳᠠᠯᠠᠢ ᠳᠤ ᠭᠠᠷᠤᠴᠠ ᠦᠭᠡᠢ ᠮᠣᠩ᠋ᠭᠣᠯ ᠤᠯᠤᠰ ᠨᠢ ᠲᠡᠮᠦᠷ ᠵᠠᠮ᠂ ᠠᠦ᠋ᠲ᠋ᠣ᠋ ᠵᠠᠮ ᠪᠣᠯᠤᠨ ᠠᠭᠠᠷ ᠤᠨ ᠲᠡᠭᠡᠭᠡᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠭᠤᠷᠪᠠᠳᠠᠭᠴᠢ ᠬᠥᠷᠰᠢ ᠣᠷᠣᠨ ᠨᠤᠭᠤᠳ ᠲᠠᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠠᠴᠢ ᠬᠣᠯᠪᠣᠭᠳᠠᠯ ᠥᠭᠳᠡᠭ ᠪᠥᠭᠡᠳ ᠸᠢᠧᠲ᠋ᠨᠠᠮ ᠤᠨ ᠠᠵᠤ ᠠᠬᠤᠢ ᠢᠢᠨ ᠨᠢᠭᠡᠴᠡ ᠨᠦᠭᠦᠳ ᠲᠡᠢ ᠬᠠᠮᠲᠤᠷᠠᠨ ᠺᠠᠷᠭᠣ‍᠂ ᠲᠡᠭᠡᠭᠡᠪᠦᠷᠢ ᠯᠣᠵᠢᠰᠲ᠋ᠢᠭ ᠤᠨ ᠰᠢᠨ᠎ᠡ ᠰᠢᠢᠳᠦᠯ ᠦᠳ ᠢ ᠬᠠᠢᠢᠬᠤ ᠰᠣᠨᠢᠷᠬᠠᠯᠲᠠᠢ ᠪᠠᠢᠢᠭ᠎ᠠ ᠢᠢ ᠴᠣᠬᠣᠨ ᠲᠡᠮᠳᠡᠭᠯᠡᠯ᠎ᠡ᠃

ᠮᠣᠩ᠋ᠭᠣᠯ ᠤᠯᠤᠰ ᠬᠥᠷᠥᠩ᠋ᠭᠡ ᠣᠷᠣᠭᠤᠯᠤᠯᠲᠠ ᠢᠢᠨ ᠪᠣᠳᠣᠯᠭ᠎ᠠ ᠪᠠᠨ ᠤᠯᠠᠮ ᠰᠠᠢᠢᠵᠢᠷᠠᠭᠤᠯᠵᠤ᠂ ᠲᠣᠭᠲᠠᠪᠤᠷᠢᠲᠠᠢ᠂ ᠲᠤᠭᠤᠰᠢᠲᠠᠢ ᠪᠠᠢᠢᠵᠤ᠂ 《ᠢᠲᠡᠭᠡᠯ ᠲᠡᠢ᠂ ᠨᠠᠢᠢᠳᠠᠪᠤᠷᠢ ᠲᠠᠢ᠂ ᠤᠳᠠᠭᠠᠨ ᠬᠤᠭᠤᠴᠠᠭᠠᠨ ᠤ ᠲᠦᠩᠰᠢ》 ᠪᠠᠢᠢᠬᠤ ᠵᠠᠷᠴᠢᠮ ᠢ ᠪᠠᠷᠢᠮᠲᠠᠯᠠᠨ᠂ ᠬᠥᠷᠥᠩ᠋ᠭᠡ ᠣᠷᠣᠭᠤᠯᠤᠯᠲᠠ ᠢᠢᠨ ᠣᠷᠴᠢᠨ ᠢ ᠰᠠᠢᠢᠵᠢᠷᠠᠭᠤᠯᠬᠤ᠂ ᠬᠥᠷᠥᠩ᠋ᠭᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠬᠤ ᠴᠢᠭᠯᠡᠯ ᠢᠶᠡᠷ ᠡᠷᠬᠡ ᠵᠦᠢ ᠢᠢᠨ ᠪᠣᠯᠤᠨ ᠢᠨᠰᠲ᠋ᠢᠲ᠋ᠤᠢᠲ ᠦᠨ ᠰᠢᠨᠡᠴᠢᠯᠡᠯ ᠦᠳ ᠢ ᠬᠡᠷᠡᠭᠵᠢᠭᠦᠯᠵᠦ ᠪᠠᠢᠢᠭ᠎ᠠ ᠢᠢ ᠳᠤᠷᠠᠳᠪᠠ᠃

ᠲᠤᠬᠠᠢᠢᠯᠠᠪᠠᠯ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠪᠦᠲᠦᠴᠡ ᠳᠥ ᠡᠳ᠋ ᠍ ᠦᠨ ᠵᠠᠰᠠᠭ᠂ ᠬᠥᠭ᠍ᠵᠢᠯ ᠦᠨ ᠶᠠᠮᠤᠨ ᠢ ᠰᠢᠨ᠎ᠡ ᠪᠡᠷ ᠪᠠᠢᠢᠭᠤᠯᠵᠤ᠂ ᠭᠠᠳᠠᠭᠠᠳᠤ ᠢᠢᠨ ᠬᠥᠷᠦᠩ᠋ᠭᠡ ᠣᠷᠣᠭᠤᠯᠤᠯᠲᠠ᠂ ᠬᠤᠳᠠᠯᠳᠤᠭᠠᠨ ᠤ ᠠᠭᠧᠨᠲᠯᠢᠭ᠌ ᠤᠨ ᠦᠢᠯᠡ ᠠᠵᠢᠯᠯᠠᠭ᠎ᠠ ᠢᠢ ᠡᠬᠢᠯᠡᠭᠦᠯᠦᠭᠡᠳ ᠪᠠᠢᠢᠭ᠎ᠠ ᠢᠢ ᠣᠨᠴᠠᠯᠠᠯ᠎ᠠ᠃

ᠲᠡᠭᠦᠨᠴᠢᠯᠡᠨ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠰᠢᠳᠠᠷ ᠰᠠᠢᠢᠳ ᠴᠤᠢᠩ  ᠯᠤᠤ ᠺᠤᠢᠠᠩ ᠲᠤᠰ ᠹᠣᠷᠣᠢᠮ ᠢ ᠨᠡᠭᠡᠭᠡᠵᠦ ᠬᠡᠯᠡᠭᠰᠡᠨ ᠦᠭᠡᠨ ᠳᠥ ᠪᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠡᠨᠡ ᠬᠦ ᠠᠢᠢᠯᠴᠢᠯᠠᠯ᠂ ᠪᠢᠽᠢᠨ᠋᠋ᠧᠰ ᠹᠣᠷᠣᠢᠮ ᠤᠨ ᠥᠷᠭᠡᠨ ᠣᠷᠣᠯᠴᠠᠭ᠎ᠠ ᠨᠢ ᠬᠣᠶᠠᠷ ᠲᠠᠯ᠎ᠠ ᠢᠢᠨ ᠤᠯᠤᠰ ᠲᠥᠷᠥ ᠢᠢᠨ ᠬᠠᠷᠢᠯᠴᠠᠭ᠎ᠠ ᠢᠢ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠪᠣᠯᠭᠠᠨ ᠥᠷᠭᠡᠵᠢᠭᠦᠯᠵᠦ᠂ ᠬᠠᠷᠢᠯᠴᠠᠭᠠᠨ ᠤ ᠴᠣ ᠰᠢᠨ᠎ᠡ ᠬᠠᠭᠤᠳᠠᠰᠤ ᠨᠡᠭᠡᠭᠡᠵᠦ ᠪᠠᠢᠢᠭ᠎ᠠ ᠢᠢ ᠣᠨᠴᠠᠯᠠᠨ ᠲᠡᠮᠳᠡᠭᠯᠡᠭᠰᠡᠨ ᠶᠤᠮ᠃

ᠨᠠᠴᠢᠶᠠᠩ -ᠤᠯᠠᠭᠠᠨᠪᠠᠭᠠᠲᠤᠷ-ᠨᠠᠴᠢᠶᠠᠩ ᠴᠢᠭᠯᠡᠯ ᠦᠨ ᠨᠢᠰᠦᠯᠭᠡ ᠢᠢᠨ ᠨᠡᠭᠡᠭᠡᠯᠲᠡ ᠢᠢᠨ ᠶᠣᠰᠣᠯᠠᠯ ᠪᠣᠯᠤᠯ᠎ᠠ

ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠰᠠᠭᠤᠭ᠎ᠠ ᠡᠯᠴᠢᠨ ᠰᠠᠢᠢᠳ ᠤᠨ ᠶᠠᠮᠤᠨ᠂ ᠸᠢᠧᠲ᠋ᠨᠠᠮ ᠤᠨ ᠠᠵᠤ ᠦᠢᠯᠡᠳᠪᠦᠷᠢ᠂ ᠬᠤᠳᠠᠯᠳᠤᠭᠠᠨ ᠤ ᠶᠠᠮᠤᠨ᠂ ᠮᠣᠩ᠋ᠭᠣᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠸᠢᠧᠲ᠋ᠨᠠᠮ ᠤᠨ ᠬᠤᠳᠠᠯᠳᠤᠭ᠎ᠠ ᠠᠵᠤ ᠦᠢᠯᠡᠳᠪᠦᠷᠢ ᠢᠢᠨ ᠲᠠᠩᠬᠢᠮ ᠠᠴᠠ ᠬᠠᠮᠲᠤᠷᠠᠨ ᠵᠣᠬᠢᠶᠠᠨ ᠪᠠᠢᠢᠭᠤᠯᠤᠭᠰᠠᠨ ᠲᠤᠰ ᠹᠣᠷᠣᠢᠮ ᠳᠤ ᠮᠣᠩ᠋ᠭᠣᠯ ᠤᠨ ᠲᠠᠯ᠎ᠠ ᠠᠴᠠ 70 ᠭᠠᠷᠤᠢ᠂ ᠸᠢᠧᠲ᠋ᠨᠠᠮ ᠤᠨ ᠲᠠᠯ᠎ᠠ ᠠᠴᠠ 80 ᠭᠠᠷᠤᠢ᠂ ᠨᠡᠢᠢᠲᠡ 200 ᠣᠷᠴᠢᠮ ᠲᠥᠯᠦᠭᠡᠯᠡᠭᠴᠢ ᠣᠷᠣᠯᠴᠠᠯ᠎ᠠ᠃

ᠹᠣᠷᠣᠢᠮ ᠤᠨ ᠦᠶ᠎ᠡ ᠪᠡᠷ ᠮᠣᠩ᠋ᠭᠣᠯ ᠤᠯᠤᠰ ᠤᠨ ᠡᠳ᠋ ᠍ ᠦᠨ ᠵᠠᠰᠠᠭ ᠤᠨ ᠥᠨᠥ ᠢᠢᠨ ᠪᠠᠢᠢᠳᠠᠯ᠂ ᠬᠥᠷᠦᠩ᠋ᠭᠡ ᠣᠷᠣᠭᠤᠯᠤᠯᠲᠠ ᠢᠢᠨ ᠣᠷᠴᠢᠨ ᠤ ᠲᠠᠯ᠎ᠠ ᠪᠠᠷ ᠮᠡᠳᠡᠭᠡᠯᠡᠯ ᠥᠭᠴᠦ᠂ ᠬᠣᠶᠠᠷ ᠤᠯᠤᠰ ᠤᠨ ᠬᠣᠭᠣᠷᠣᠨᠳᠣ ᠬᠥᠳᠡᠭᠡ ᠠᠵᠤ ᠠᠬᠤᠢ᠂ ᠮᠠᠯ ᠠᠵᠤ ᠠᠬᠤᠢ ᠪᠣᠯᠤᠨ ᠰᠡᠷᠭᠦᠭᠡᠭ᠍ᠳᠡᠬᠦ ᠡᠷᠴᠢᠮ ᠬᠦᠴᠦ ᠵᠡᠷᠭᠡ ᠰᠠᠯᠪᠤᠷᠢ ᠲᠤ ᠬᠠᠮᠲᠤᠷᠠᠨ ᠠᠵᠢᠯᠯᠠᠬᠤ ᠪᠣᠯᠤᠮᠵᠢ ᠢᠢᠨ ᠲᠠᠯ᠎ᠠ ᠪᠠᠷ ᠸᠢᠧᠲ᠋ᠨᠠᠮ ᠤᠨ ᠪᠢᠽᠢᠨ᠋᠋ᠧᠰ ᠡᠷᠬᠢᠯᠡᠭᠴᠢ᠂ ᠬᠥᠷᠦᠩ᠋ᠭᠡ ᠣᠷᠣᠭᠤᠯᠤᠭᠴᠢ ᠨᠠᠷ ᠲᠤ ᠳᠡᠯᠭᠡᠷᠡᠩ᠋ᠭᠦᠢ ᠲᠠᠨᠢᠯᠴᠠᠭᠤᠯᠪᠠ᠃

ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠲᠠᠯ᠎ᠠ ᠠᠴᠠ ᠠᠭᠠᠷ ᠤᠨ ᠲᠡᠭᠡᠭᠡᠪᠦᠷᠢ ᠢᠢᠨ ᠸᠢᠧᠲ᠋-ᠵᠧᠲ ᠭᠷᠤᠢᠫ᠂ ᠰᠣᠸᠢᠺᠣ ᠭᠷᠤᠢᠫ᠂ ᠲᠢ ᠡᠢᠢᠴ ᠭᠷᠤᠢᠫ᠂ ᠪᠢ ᠠᠷᠵᠢ ᠭᠷᠤᠢᠫ᠂ ᠠᠶᠠᠯᠠᠯ ᠵᠢᠭᠤᠯᠴᠢᠯᠠᠯ ᠤᠨ ᠸᠢᠧᠡᠨ-ᠫᠧᠠᠷᠯ ᠵᠡᠷᠭᠡ ᠺᠣᠮᠫᠠᠨᠢ ᠦᠢᠯᠡ ᠠᠵᠢᠯᠯᠠᠭ᠎ᠠ ᠢᠢ ᠪᠠᠨ ᠲᠠᠨᠢᠯᠴᠠᠭᠤᠯᠵᠤ᠂ ᠮᠣᠩ᠋ᠭᠣᠯ ᠤᠨ ᠲᠠᠯ᠎ᠠ ᠲᠠᠢ ᠬᠠᠮᠲᠤᠷᠠᠨ ᠬᠡᠷᠡᠭᠵᠢᠭᠦᠯᠵᠦ ᠪᠤᠢ ᠲᠥᠰᠦᠯ ᠦᠳ ᠪᠣᠯᠤᠨ ᠴᠢᠨᠠᠭᠰᠢᠳᠠ ᠢᠢᠨ ᠬᠠᠮᠲᠤ ᠢᠢᠨ ᠠᠵᠢᠯᠯᠠᠭᠠᠨ ᠤ ᠪᠣᠯᠤᠮᠵᠢ ᠢᠢᠨ ᠲᠠᠯ᠎ᠠ ᠪᠠᠷ ᠲᠠᠨᠢᠯᠴᠠᠭᠤᠯᠤᠯ᠎ᠠ᠃

ᠮᠥᠨ ᠪᠢᠽᠢᠨ᠋᠋ᠧᠰ ᠹᠣᠷᠣᠢᠮ ᠤᠨ ᠦᠶ᠎ᠡ ᠪᠡᠷ ᠸᠢᠧᠲ᠋ᠨᠠᠮ ᠤᠯᠤᠰ ᠤᠨ ᠸᠢᠧᠲ᠋-ᠵᠧᠲ ᠠᠪᠢᠶ ᠠ ᠺᠣᠮᠫᠠᠨᠢ ᠤᠨ ᠨᠠᠴᠢᠶᠠᠩ -ᠤᠯᠠᠭᠠᠨᠪᠠᠭᠠᠲᠤᠷ-ᠨᠠᠴᠢᠶᠠᠩ  ᠴᠢᠭᠯᠡᠯ ᠦᠨ ᠨᠢᠰᠦᠯᠭᠡ ᠢᠢᠨ ᠨᠡᠭᠡᠭᠡᠯᠲᠡ ᠢᠢᠨ ᠶᠣᠰᠣᠯᠠᠯ ᠤᠨ ᠠᠷᠭ᠎ᠠ ᠬᠡᠮᠵᠢᠶ᠎ᠡ ᠪᠣᠯᠤᠯ᠎ᠠ᠃ ᠡᠨᠡ ᠬᠦ ᠨᠢᠰᠦᠯᠭᠡ ᠨᠢ 2023 ᠣᠨ ᠤ 12 ᠳ᠋ᠤᠭᠠᠷ ᠰᠠᠷ᠎ᠠ ᠢᠢᠨ 15 ᠍ᠠᠴᠠ ᠡᠬᠢᠯᠡᠨ ᠲᠣᠭᠲᠠᠮᠠᠯ ᠳᠠᠪᠲᠠᠮᠵᠢ ᠲᠠᠢ ᠪᠠᠷ ᠬᠢᠭ᠍ᠳᠡᠵᠦ ᠡᠬᠢᠯᠡᠬᠦ ᠶᠤᠮ᠃

ᠲᠤᠰ ᠹᠣᠷᠣᠢᠮ ᠤᠨ ᠲᠡᠭᠦᠰᠬᠡᠯ ᠳᠥ ᠵᠠᠷᠢᠮ ᠠᠵᠤ ᠠᠬᠤᠢ ᠢᠢᠨ ᠨᠢᠭᠡᠴᠡ ᠨᠦᠭᠦᠳ ᠦᠨ ᠬᠣᠭᠣᠷᠣᠨᠳᠣ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠵᠤ᠂ ᠬᠣᠶᠠᠷ ᠲᠠᠯ᠎ᠠ ᠢᠢᠨ ᠪᠢᠽᠢᠨ᠋᠋ᠧᠰ ᠦᠨ ᠲᠥᠯᠥᠭᠡᠯᠡᠭᠴᠢᠳ ᠴᠢᠯᠦᠭᠡᠲᠦ ᠠᠭᠤᠯᠵᠠᠯᠲᠠ ᠬᠢᠵᠦ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃