Та "Internet explorer"-ийн сүүлийн хувилбар болох "Microsoft edge"-г ашиглана уу

Хэрэв "Microsoft edge"-г татах бол энд дарж татаж авна уу

ᠵᠦᠳᠣ‍ ᠪᠥᠬᠡ ᠶᠢᠨ ᠵᠡᠭᠦᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠣᠬᠢᠶᠠᠨ ᠪᠠᠶᠢᠭᠤᠯᠬᠤ ᠬᠣᠷᠢᠶ᠎ᠠ ᠬᠤᠷᠠᠯᠳᠤᠵᠤ᠂ ᠬᠣᠶᠠᠷ ᠰᠣᠯᠣᠩᠭᠣᠰ ᠨᠢᠭᠡᠳᠦᠭᠰᠡᠨ ᠪᠠᠭ ᠢᠯᠡᠭᠡᠵᠦ ᠪᠠᠶᠢᠭ᠎ᠠ ᠶᠢ ᠵᠠᠷᠯᠠᠯ᠎ᠠ

ᠮᠣᠩᠭ᠋ᠣᠯ ᠤᠯᠤᠰ ᠤᠨ ᠵᠠᠰᠠᠭ ᠤᠨ ᠭᠠᠵᠠᠷ ᠤᠨ 2017 ᠣᠨ ᠤ ᠠᠷᠪᠠᠨ ᠬᠣᠶᠠᠳᠤᠭᠠᠷ ᠰᠠᠷ᠎ᠠ ᠢᠢᠨ 6 ᠍ ᠤ ᠡᠳᠦᠷ ᠦᠨ 328 ᠳ᠋ᠤᠭᠠᠷ ᠲᠣᠭᠲᠠᠭᠠᠯ᠂ ᠡᠷᠡᠭᠦᠯ ᠮᠡᠨᠳᠦ᠂ ᠰᠠᠩ ᠤᠨ ᠰᠠᠢᠢᠳ ᠤᠨ 53/45 ᠳ᠋ᠤᠭᠠᠷ ᠲᠤᠰᠢᠶᠠᠯ ᠤᠨ ᠳᠠᠭᠠᠭᠤ ᠵᠡᠭᠦᠨ ᠠᠽᠢᠶ᠎ᠠ ᠢᠢᠨ ᠠᠪᠤᠷᠭᠤ ᠰᠢᠯᠭᠠᠷᠠᠭᠤᠯᠬᠤ ᠵᠦᠳᠣ᠋ ᠪᠥᠬᠡ ᠢᠢᠨ ᠲᠡᠮᠡᠴᠡᠭᠡᠨ 2018 ᠣᠨ ᠤ ᠵᠢᠷᠭᠤᠳᠤᠭᠠᠷ ᠰᠠᠷ᠎ᠠ ᠢᠢᠨ 8-10 ᠍ ᠤ ᠡᠳᠦᠷ ᠦᠳ ᠲᠥ ᠮᠣᠩᠭ᠋ᠣᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠤᠭᠳᠠᠬᠤ ᠪᠠᠷ ᠪᠣᠯᠤᠭᠰᠠᠨ ᠶᠤᠮ᠃

 

ᠲᠡᠮᠡᠴᠡᠭᠡᠨ ᠢ ᠵᠣᠬᠢᠶᠠᠨ ᠪᠠᠢᠢᠭᠤᠯᠬᠤ ᠬᠣᠷᠢᠶ᠎ᠠ ᠢᠢ 14 ᠭᠡᠰᠢᠭᠦᠨ ᠦ ᠪᠦᠷᠢᠯᠳᠦᠬᠦᠨ ᠲᠡᠢ ᠪᠠᠢᠢᠭᠤᠯᠤᠭᠰᠠᠨ ᠪᠥᠭᠡᠳ ᠬᠣᠷᠢᠶ᠎ᠠ ᠢᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠠᠬᠠᠯᠠᠵᠤ ᠪᠠᠢᠢᠭ᠎ᠠ ᠶᠤᠮ᠃

 

ᠥᠨᠥᠳᠥᠷ ᠲᠥᠷᠥ ᠢᠢᠨ ᠣᠷᠳᠣᠨ ᠳᠤ ᠪᠣᠯᠤᠭᠰᠠᠨ ᠵᠣᠬᠢᠶᠠᠨ ᠪᠠᠢᠢᠭᠤᠯᠬᠤ ᠬᠣᠷᠢᠶᠠᠨ ᠤ ᠡᠭᠡᠯᠵᠢᠲᠦ ᠬᠤᠷᠠᠯᠳᠤᠭᠠᠨ ᠢᠶᠠᠷ ᠲᠡᠮᠡᠴᠡᠭᠡᠨ ᠦ ᠪᠡᠯᠡᠳᠬᠡᠯ ᠠᠵᠢᠯ ᠢ ᠬᠠᠩᠭ᠋ᠠᠵᠤ ᠳᠠᠭᠤᠰᠤᠭᠰᠠᠨ ᠲᠠᠯ᠎ᠠ ᠪᠠᠷ ᠶᠠᠷᠢᠯᠴᠠᠭᠰᠠᠨ ᠪᠥᠭᠡᠳ ᠥᠨᠥᠳᠥᠷ ᠦᠨ ᠪᠠᠢᠢᠳᠠᠯ ᠢᠶᠠᠷ ᠮᠣᠩᠭ᠋ᠣᠯ᠂ ᠶᠠᠫᠣᠨ᠂ ᠪᠦᠭᠦᠳᠡ ᠨᠠᠢᠢᠷᠡᠮᠳᠠᠬᠤ ᠰᠣᠯᠣᠩᠭ᠋ᠤᠰ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠲᠠᠢᠢᠸᠠᠨᠢ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ᠂ ᠮᠠᠺᠠᠣ᠋᠂ ᠾᠣᠩ ᠺᠣᠩ ᠭᠡᠰᠡᠨ ᠨᠠᠢᠢᠮᠠᠨ ᠣᠷᠣᠨ ᠤ /ᠪᠥᠰᠡ ᠢᠢᠨ/ ᠪᠠᠭ ᠲᠠᠮᠢᠷᠴᠢᠳ ᠲᠡᠮᠡᠴᠡᠭᠡᠨ ᠳᠥ ᠤᠷᠤᠯᠴᠠᠬᠤ ᠮᠡᠳᠡᠭᠦᠯᠭᠡ ᠪᠡᠨ ᠥᠭ᠍ᠭᠦᠭ᠍ᠰᠡᠨ ᠢᠶᠡᠷ ᠮᠣᠩᠭ᠋ᠣᠯ ᠳᠤ ᠢᠷᠡᠬᠦ ᠲᠠᠮᠢᠷᠴᠢᠨ᠂ ᠬᠦᠨᠳᠦᠲᠦ ᠵᠣᠴᠢᠳ᠂ ᠠᠯᠪᠠᠨ ᠤ ᠬᠦᠮᠦᠰ ᠨᠡᠢᠢᠯᠡᠭᠡᠳ 200 ᠭᠠᠷᠤᠢ ᠪᠣᠯᠤᠭᠰᠠᠨ ᠪᠠᠢᠢᠨ᠎ᠠ᠃

 

ᠮᠥᠨ ᠬᠤᠷᠠᠯᠳᠤᠭᠠᠨ ᠤ ᠦᠶ᠎ᠡ ᠪᠡᠷ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠪᠣᠯᠤᠨ ᠪᠦᠭᠦᠳᠡ ᠨᠠᠢᠢᠷᠡᠮᠳᠠᠬᠤ ᠰᠣᠯᠣᠩᠭ᠋ᠤᠰ ᠤᠯᠤᠰ ᠍ ᠤᠨ ᠵᠦ᠋ᠳᠣ᠋ ᠪᠥᠬᠡ ᠢᠢᠨ ᠲᠠᠮᠢᠷᠴᠢᠳ ᠪᠠᠭ ᠤᠨ ᠲᠡᠮᠡᠴᠡᠭᠡᠨ ᠳᠥ ᠨᠢᠭᠡ ᠳᠠᠯᠪᠠᠭᠠᠨ ᠳᠣᠣᠷ᠎ᠠ ᠵᠢᠭ᠌ᠰᠠᠨ ᠣᠷᠣᠵᠤ ᠢᠷᠡᠬᠦ ᠪᠡᠷ ᠪᠣᠯᠤᠭᠰᠠᠨ ᠲᠠᠯᠠᠭᠠᠷᠬᠢ ᠮᠡᠳᠡᠭᠡᠯᠡᠯ ᠢ ᠥᠭ᠍ᠪᠡ᠃ ᠡᠨᠡ ᠨᠢ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠪᠣᠯᠤᠨ ᠪᠦᠭᠦᠳᠡ ᠨᠠᠢᠢᠷᠡᠮᠳᠠᠬᠤ ᠰᠣᠯᠣᠩᠭ᠋ᠤᠰ ᠤᠯᠤᠰ ᠠᠩᠬ᠎ᠠ ᠤᠳᠤᠭ᠎ᠠ ᠪᠠᠨ ᠵᠤᠨ ᠤ ᠰᠫᠣᠷᠲ ᠤᠨ ᠲᠥᠷᠥᠯ ᠳᠥ ᠨᠢᠭᠡ ᠳᠠᠯᠪᠠᠭᠠᠨ ᠳᠣᠣᠷ᠎ᠠ ᠵᠢᠭ᠌ᠰᠠᠵᠤ᠂ ᠨᠢᠭᠡᠳᠦᠭᠰᠡᠨ ᠪᠠᠭ ᠢᠯᠡᠭᠡᠵᠦ ᠪᠠᠢᠢᠭ᠎ᠠ ᠲᠣᠬᠢᠶᠠᠯᠳᠤᠯ ᠶᠤᠮ ᠪᠠᠢᠢᠨ᠎ᠠ᠃

 

ᠲᠡᠮᠡᠴᠡᠭᠡᠨ ᠢ ᠨᠠᠢᠢᠮᠠᠨ ᠣᠷᠣᠨ ᠤ 20 ᠰᠢᠭᠦᠭ᠍ᠴᠢ ᠰᠢᠭᠦᠨ ᠶᠠᠪᠤᠭᠤᠯᠬᠤ ᠪᠥᠭᠡᠳ ᠡᠨᠡ ᠦᠶ᠎ᠡ ᠪᠡᠷ ᠠᠽᠢᠶ᠎ᠠ ᠢᠢᠨ ᠵᠦ᠋ᠳᠣ᠋ ᠪᠥᠬᠡ ᠢᠢᠨ ᠬᠣᠯᠪᠣᠭᠠᠨ ᠠᠴᠠ ᠣᠯᠠᠨ ᠤᠯᠤᠰ ᠤᠨ ᠰᠢᠭᠦᠭ᠍ᠴᠢ ᠢᠢᠨ ᠵᠡᠷᠭᠡ ᠣᠯᠭᠣᠬᠤ ᠰᠢᠯᠭᠠᠯᠲᠠ ᠢᠢ ᠶᠠᠪᠤᠭᠤᠯᠬᠤ ᠪᠠᠷ ᠪᠣᠯᠵᠠᠢ᠃

 

ᠲᠡᠮᠡᠴᠡᠭᠡᠨ ᠰᠫᠣᠷᠲ ᠤᠨ ᠲᠥᠪ ᠣᠷᠳᠣᠨ᠍ ᠳᠤ ᠪᠣᠯᠬᠤ ᠪᠥᠭᠡᠳ ᠵᠢᠷᠭᠤᠳᠤᠭᠠᠷ ᠰᠠᠷ᠎ᠠ ᠢᠢᠨ 9 ᠍ ᠳᠥ ᠪᠣᠯᠬᠤ ᠭᠠᠭᠴᠠᠭᠠᠷᠴᠢᠯᠠᠭᠰᠠᠨ ᠪᠠᠷᠢᠯᠳᠤᠭᠠᠨ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠡᠭᠡᠭᠡᠵᠦ ᠦᠭᠡ ᠬᠡᠯᠡᠭᠰᠡᠨ ᠢᠶᠡᠷ ᠡᠬᠢᠯᠡᠬᠦ ᠪᠣᠯ ᠬᠣᠶᠠᠷ ᠳ᠋ᠠᠬᠢ ᠡᠳᠦᠷ ᠦᠨ ᠪᠠᠷᠢᠯᠳᠤᠭᠠᠨ ᠵᠢᠷᠭᠤᠳᠤᠭᠠᠷ ᠰᠠᠷ᠎ᠠ ᠢᠢᠨ 10 ᠍ ᠤ ᠡᠳᠦᠷ ᠪᠠᠭ ᠤᠨ ᠲᠥᠷᠥᠯ ᠢᠶᠡᠷ ᠶᠠᠪᠤᠭᠳᠠᠬᠤ ᠶᠤᠮ᠃

 

ᠡᠨᠡᠬᠦ ᠨᠡᠷ᠎ᠡ ᠬᠦᠨᠳᠦᠲᠡᠢ ᠲᠡᠮᠡᠴᠡᠭᠡᠨ ᠢ ᠥᠪᠡᠷ ᠦᠨ ᠣᠷᠣᠨ ᠳᠤ ᠵᠣᠬᠢᠶᠠᠨ ᠪᠠᠢᠢᠭᠤᠯᠬᠤ ᠨᠢ ᠵᠡᠭᠦᠨ ᠠᠽᠢᠶ᠎ᠠ ᠢᠢᠨ ᠣᠷᠣᠨ ᠨᠤᠭᠤᠳ ᠤᠨ ᠨᠠᠢᠢᠷᠠᠮᠳᠠᠯ ᠢ ᠪᠡᠬᠢᠵᠢᠭᠦᠯᠬᠦ᠂ ᠪᠡᠶ᠎ᠡ ᠪᠡᠶ᠎ᠡ ᠢᠶᠡᠨ ᠬᠦᠨᠳᠦᠳᠭᠡᠬᠦ᠂ ᠮᠥᠨ ᠵᠡᠭᠦᠨ ᠠᠽᠢᠶ᠎ᠠ ᠢᠢᠨ ᠣᠷᠣᠨ ᠨᠤᠭᠤᠳ ᠲᠤ ᠵᠦ᠋ᠳᠣ᠋ ᠪᠥᠬᠡ ᠬᠠᠮᠤᠭ ᠤᠨ ᠥᠨᠳᠥᠷ ᠬᠥᠭ᠍ᠵᠢᠭᠰᠡᠨ ᠪᠠᠢᠢᠳᠠᠭ ᠨᠢ ᠬᠠᠷᠢᠯᠴᠠᠨ ᠲᠤᠷᠰᠢᠯᠭ᠎ᠠ ᠰᠤᠯᠢᠯᠴᠠᠬᠤ᠂ ᠰᠢᠨ᠎ᠡ ᠵᠠᠯᠠᠭᠤ ᠲᠠᠮᠢᠷᠴᠢᠳ ᠢ ᠭᠠᠷᠭᠠᠵᠤ ᠢᠷᠡᠬᠦ ᠣᠯᠠᠨ ᠲᠠᠯ᠎ᠠ ᠢᠢᠨ ᠠᠴᠢ ᠬᠣᠯᠪᠣᠭᠳᠠᠯ ᠲᠠᠢ ᠪᠠᠢᠢᠳᠠᠭ ᠲᠠᠯ᠎ᠠ ᠪᠠᠷ ᠵᠡᠭᠦᠨ ᠠᠽᠢᠶ᠎ᠠ ᠢᠢᠨ ᠠᠪᠤᠷᠭᠤ ᠰᠢᠯᠭᠠᠷᠠᠭᠤᠯᠬᠤ ᠵᠦ᠋ᠳᠣ᠋ ᠪᠥᠬᠡ ᠢᠢᠨ ᠲᠡᠮᠡᠴᠡᠭᠡᠨ ᠢ ᠵᠣᠬᠢᠶᠠᠨ ᠪᠠᠢᠢᠭᠤᠯᠬᠤ ᠬᠣᠷᠢᠶᠠᠨ ᠤ ᠬᠢᠨ ᠶᠠᠷᠢᠯᠴᠠᠭᠰᠠᠨ ᠶᠤᠮ᠃