Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠸᠢᠤᠢᠡᠭ ᠳ᠋ᠢᠨᠢ ᠬᠥ ᠡ ᠪᠠᠷᠠᠭᠠᠯᠬᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠢᠶᠠᠨ ᠬᠦᠷᠢᠶᠡᠨ ᠳᠥ ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠸᠢᠤᠢᠡᠭ ᠳ᠋ᠢᠨᠢ ᠬᠥ ᠡ ᠢᠢ ᠬᠦᠯᠢᠶᠡᠨ ᠠᠪᠴᠤ ᠠᠭᠤᠯᠵᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠣᠩ᠋ᠭᠣᠯ᠂ ᠸᠢᠧᠲ᠋ᠨᠠᠮ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢᠨ ᠪᠣᠰᠬᠠᠨ ᠳᠡᠭᠡᠷ᠎ᠡ ᠸᠢᠧᠲ᠋ᠨᠠᠮ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠤᠢ ᠳ᠋ᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃ ᠮᠣᠩ᠋ᠭᠣᠯ ᠤᠯᠤᠰ ᠸᠢᠧᠲ᠋ᠨᠠᠮ ᠤᠯᠤᠰ ᠢ ᠵᠡᠭᠦᠨ ᠡᠮᠦᠨᠡᠲᠦ ᠠᠽᠢ ᠳ᠋ᠠᠬᠢ ᠴᠢᠬᠤᠯᠠ ᠲᠦᠩᠰᠢ ᠬᠡᠮᠡᠨ ᠦᠵᠡᠳᠡᠭ ᠪᠥᠭᠡᠳ ᠬᠣᠶᠠᠷ ᠤᠯᠤᠰ ᠲᠡᠦᠬᠡ᠂ ᠣᠶᠤᠨ ᠰᠠᠨᠠᠭ᠎ᠠ᠂ ᠥᠪ ᠰᠣᠶᠣᠯ᠂ ᠤᠯᠠᠮᠵᠢᠯᠠᠯ ᠤᠨ ᠭᠦᠨᠵᠡᠭᠡᠢ ᠬᠡᠯᠬᠢᠶ᠎ᠡ ᠬᠣᠯᠪᠣᠭ᠎ᠠ ᠲᠠᠢ᠂ ᠨᠠᠢᠢᠷᠰᠠᠭ ᠳᠣᠲᠣᠨᠣ ᠬᠠᠷᠢᠯᠴᠠᠭ᠎ᠠ ᠲᠠᠢ ᠣᠷᠣᠨ ᠨᠤᠭᠤᠳ ᠭᠡᠳᠡᠭ ᠢ ᠣᠨᠴᠠᠯᠠᠪᠠ᠃

ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠸᠢᠤᠢᠡᠭ ᠳ᠋ᠢᠨᠢ ᠬᠥ ᠡ ᠬᠣᠶᠠᠷ ᠤᠯᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠲᠤᠭᠤᠰᠢᠲᠠᠢ ᠥᠷᠭᠡᠵᠢᠨ ᠭᠦᠨᠵᠡᠭᠡᠢᠢᠷᠡᠵᠦ ᠢᠷᠡᠭᠰᠡᠨ ᠪᠥᠭᠡᠳ ᠬᠦᠨᠳᠦ ᠪᠡᠷᠬᠡ ᠴᠠᠭ ᠦᠶ᠎ᠡ ᠳᠥ ᠮᠣᠩ᠋ᠭᠣᠯ᠂ ᠸᠢᠧᠲ᠋ᠨᠠᠮ ᠤᠨ ᠠᠷᠠᠳ ᠲᠦᠮᠡᠨ ᠪᠡᠶ᠎ᠡ ᠪᠡᠶ᠎ᠡ ᠪᠡᠨ ᠬᠠᠷᠢᠯᠴᠠᠨ ᠳᠡᠮᠵᠢᠵᠦ᠂ ᠨᠠᠢᠢᠷᠰᠠᠭ ᠢᠶᠠᠷ ᠬᠠᠮᠲᠤᠷᠠᠨ ᠠᠵᠢᠯᠯᠠᠵᠤ ᠢᠷᠡᠭᠰᠡᠨ ᠰᠠᠢᠢᠬᠠᠨ ᠤᠯᠠᠮᠵᠢᠯᠠᠯ ᠲᠠᠢ ᠢᠢ ᠲᠡᠮᠳᠡᠭᠯᠡᠪᠡ᠃ ᠬᠣᠶᠠᠷ ᠣᠷᠣᠨ ᠤ ᠦᠶ᠎ᠡ ᠦᠶ᠎ᠡ ᠢᠢᠨ ᠤᠳᠤᠷᠢᠳᠤᠭᠴᠢᠳ ᠤᠨ ᠲᠠᠯᠪᠢᠭᠰᠠᠨ ᠬᠠᠷᠢᠯᠴᠠᠭᠠᠨ ᠤ ᠬᠥᠷᠥᠰᠥ ᠰᠠᠭᠤᠷᠢ ᠨᠢ ᠴᠠᠭ ᠬᠤᠭᠤᠴᠠᠭᠠᠨ ᠤ ᠪᠦᠬᠦᠢ ᠯᠠ ᠰᠣᠷᠢᠯᠲᠠ᠂ ᠰᠢᠯᠭᠠᠭᠤᠷ ᠢ ᠳᠠᠪᠠᠵᠤ᠂ ᠬᠥᠭ᠍ᠵᠢᠨ ᠪᠡᠬᠢᠵᠢᠵᠦ ᠢᠷᠡᠭᠰᠡᠨ ᠪᠥᠭᠡᠳ ᠴᠢᠨᠠᠭᠰᠢᠳᠠ ᠡᠨᠡ ᠬᠦ ᠪᠠᠲᠤ ᠪᠡᠬᠢ ᠬᠠᠷᠢᠯᠴᠠᠭ᠎ᠠ ᠢᠢ ᠱᠠᠲᠤ ᠠᠬᠢᠭᠤᠯᠤᠨ 《ᠢᠵᠢ ᠪᠦᠷᠢᠨ ᠲᠦᠩᠰᠢᠯᠡᠯ》 ᠍ ᠦᠨ ᠲᠦᠪᠰᠢᠨ ᠳᠥ ᠬᠦᠷᠭᠡᠬᠦ ᠲᠡᠦᠬᠡᠨ ᠴᠠᠭ ᠦᠶ᠎ᠡ ᠢᠷᠡᠭᠰᠡᠨ ᠢ ᠲᠠᠯ᠎ᠠ ᠨᠤᠭᠤᠳ ᠰᠠᠨᠠᠯ ᠨᠢᠭᠡᠲᠡᠢ ᠲᠡᠮᠳᠡᠭᠯᠡᠪᠡ᠃

ᠲᠠᠯ ᠠ ᠤᠳ ᠬᠣᠶᠠᠷ ᠤᠯᠤᠰ ᠤᠨ ᠤᠯᠤᠰ ᠲᠥᠷᠥ ᠢᠢᠨ ᠬᠠᠷᠢᠯᠴᠠᠭ᠎ᠠ ᠢᠢ ᠪᠡᠬᠢᠵᠢᠭᠦᠯᠵᠦ᠂ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠪᠦᠷᠢᠳᠦᠭᠦᠯᠬᠦ ᠳᠥ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ᠂ ᠬᠡᠯᠬᠢᠶ᠎ᠡ ᠬᠣᠯᠪᠣᠭ᠎ᠠ ᠴᠢᠬᠤᠯᠠ ᠡᠭᠦᠷᠭᠡ ᠭᠦᠢᠴᠡᠳᠭᠡᠳᠡᠭ ᠢ ᠣᠨᠴᠠᠯᠠᠵᠤ᠂ ᠴᠢᠨᠠᠭᠰᠢᠳᠠ ᠫᠠᠷᠯᠠᠮᠧᠨ᠋ᠲ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠲᠠᠯ᠎ᠠ ᠪᠠᠷ ᠳᠡᠮᠵᠢᠵᠦ᠂ ᠫᠠᠷᠯᠠᠮᠧᠨ᠋ᠲ ᠤᠨ ᠨᠠᠢᠢᠷᠠᠮᠳᠠᠯ ᠤᠨ ᠪᠦᠯᠦᠭ᠂ ᠲᠠᠮᠠᠭ᠎ᠠ ᠢᠢᠨ ᠭᠠᠵᠠᠷ ᠬᠣᠭᠣᠷᠣᠨᠳᠣ ᠢᠢᠨ ᠰᠣᠯᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠠᠢᠢᠭ᠎ᠠ ᠢᠢ ᠨᠣᠲᠠᠯᠠᠪᠠ᠃