Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢ ᠰᠠᠢᠢᠳ ᠹᠠᠮ ᠮᠢᠨᠢ ᠴᠢᠨᠢ ᠪᠠᠷᠠᠭᠠᠯᠬᠠᠪᠠ

ᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠢᠶᠠᠨ ᠬᠦᠷᠢᠶᠡᠨ ᠳᠥ ᠲᠤᠰ ᠤᠯᠤᠰ ᠤᠨ ᠶᠡᠷᠦᠩᠬᠡᠢ ᠰᠠᠢᠢᠳ ᠹᠠᠮ ᠮᠢᠨᠢ ᠴᠢᠨᠢ ᠢᠢ ᠬᠦᠯᠢᠶᠡᠨ ᠠᠪᠴᠤ ᠠᠭᠤᠯᠵᠠᠪᠠ᠃

ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠣᠩ᠋ᠭᠣᠯ ᠤᠯᠤᠰ ᠤᠨ ᠠᠽᠢ᠂ ᠨᠣᠮᠣᠬᠠᠨ ᠳᠠᠯᠠᠢ ᠢᠢᠨ ᠪᠥᠰᠡ ᠨᠤᠲᠤᠭ ᠲᠤ ᠴᠢᠭᠯᠡᠭᠰᠡᠨ ᠭᠠᠳᠠᠭᠠᠳᠤ ᠪᠣᠳᠣᠯᠭ᠎ᠠ ᠳᠤ ᠵᠡᠭᠦᠨ ᠡᠮᠦᠨᠡᠲᠦ ᠠᠽᠢ ᠢᠢᠨ ᠤᠯᠤᠰ ᠣᠷᠣᠨ ᠨᠤᠭᠤᠳ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠬᠤᠯᠠ ᠪᠠᠢᠢᠷᠢ ᠰᠠᠭᠤᠷᠢ ᠡᠵᠡᠯᠡᠳᠡᠭ ᠢ ᠴᠣᠬᠣᠨ ᠲᠡᠮᠳᠡᠭᠯᠡᠭᠡᠳ᠂ ᠡᠨᠡ ᠬᠦᠷᠢᠶᠡᠨ ᠳᠥ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠲᠠᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠠᠢᠢᠭ᠎ᠠ ᠪᠠᠨ ᠢᠯᠡᠷᠬᠡᠢᠢᠯᠡᠪᠡ᠃

ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ‍ ᠸᠠᠩ ᠲᠢᠤᠢᠩ ᠲᠡᠢ ᠬᠢᠭ᠍ᠰᠡᠨ ᠶᠠᠷᠢᠶ᠎ᠠ᠂ ᠬᠡᠯᠡᠯᠴᠡᠭᠡ ᠠᠮᠵᠢᠯᠲᠠ ᠲᠠᠢ᠂ ᠦᠷ᠎ᠡ ᠳ᠋ᠦᠩ ᠲᠡᠢ ᠪᠣᠯᠤᠭᠰᠠᠨ ᠢ ᠳᠤᠷᠠᠳᠤᠭᠠᠳ ᠠᠢᠢᠯᠴᠢᠯᠠᠯ ᠤᠨ ᠦᠶ᠎ᠡ ᠪᠡᠷ ᠶᠠᠷᠢᠵᠤ ᠲᠣᠬᠢᠷᠠᠭᠰᠠᠨ ᠵᠦᠢᠯᠡᠰ ᠢ ᠪᠣᠳᠠᠲᠤ ᠠᠵᠢᠯ ᠬᠡᠷᠡᠭ ᠪᠣᠯᠭᠠᠨ ᠬᠡᠷᠡᠭᠵᠢᠭᠦᠯᠬᠦ ᠴᠢᠭᠯᠡᠯ ᠳᠥ ᠬᠣᠶᠠᠷ ᠤᠯᠤᠰ ᠤᠨ ᠵᠠᠰᠠᠭ ᠤᠨ ᠭᠠᠵᠠᠷ ᠨᠢᠬᠲᠠ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠵᠦ ᠪᠤᠢ ᠢᠢ ᠲᠡᠮᠳᠡᠭᠯᠡᠪᠡ᠃ ᠬᠣᠶᠠᠷ ᠤᠯᠤᠰ ᠤᠨ ᠪᠠᠲᠤ ᠪᠡᠬᠢ ᠬᠠᠷᠢᠯᠴᠠᠭ᠎ᠠ ᠢᠢ ᠢᠷᠡᠬᠦ ᠣᠨ ᠳᠤ ᠱᠠᠲᠤ ᠠᠬᠢᠭᠤᠯᠵᠤ᠂ 《ᠢᠵᠢ ᠪᠥᠷᠢᠨ ᠲᠦᠩᠰᠢᠯᠡᠯ》 ᠤᠨ ᠲᠦᠪᠰᠢᠨ ᠳᠥ ᠬᠦᠷᠭᠡᠬᠦ ᠲᠠᠯ᠎ᠠ ᠪᠠᠷ ᠬᠣᠶᠠᠷ ᠲᠠᠯ᠎ᠠ ᠲᠣᠬᠢᠷᠠᠭᠰᠠᠨ ᠢ ᠰᠠᠢᠢᠰᠢᠶᠠᠨ ᠲᠡᠮᠳᠡᠭᠯᠡᠯ ᠡ᠃ ᠶᠡᠷᠦᠩᠬᠡᠢ ᠰᠠᠢᠢᠳ ᠹᠠᠮ ᠮᠢᠨᠢ ᠴᠢᠨᠢ 2024 ᠣᠨ ᠳᠤ ᠲᠣᠬᠢᠶᠠᠬᠤ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠢᠢ ᠶᠣᠰᠣᠯᠠᠯ ᠲᠡᠭᠦᠯᠳᠡᠷ ᠲᠡᠮᠳᠡᠭᠯᠡᠨ ᠥᠩ᠋ᠭᠡᠷᠡᠭᠦᠯᠬᠦ᠂ ᠠᠷᠠᠳ ᠲᠦᠮᠡᠨ ᠦ ᠣᠢᠢᠷ᠎ᠠ ᠳᠣᠲᠣᠨᠣ ᠨᠥᠬᠥᠷᠯᠡᠯ ᠢ ᠪᠡᠬᠢᠵᠢᠭᠦᠯᠦᠭᠰᠡᠨ ᠠᠷᠭ᠎ᠠ ᠬᠡᠮᠵᠢᠶ᠎ᠡ ᠢᠢ ᠬᠠᠮᠲᠤ ᠳᠤ ᠪᠠᠨ ᠵᠣᠬᠢᠶᠠᠨ ᠪᠠᠢᠢᠭᠤᠯᠬᠤ᠂ ᠲᠡᠦᠬᠡᠨ ᠰᠢᠨ᠎ᠡ ᠬᠠᠭᠤᠳᠠᠰᠤ ᠢᠢ ᠨᠡᠭᠡᠭᠡᠬᠦ ᠲᠠᠯ᠎ᠠ ᠪᠠᠷ ᠬᠠᠮᠲᠤᠷᠠᠨ ᠠᠵᠢᠯᠯᠠᠬᠤ ᠳᠤ ᠪᠠᠨ ᠪᠠᠶᠠᠷᠲᠠᠢ ᠪᠠᠢᠢᠭ᠎ᠠ ᠢᠢ ᠢᠯᠡᠷᠬᠡᠢᠢᠯᠡᠪᠡ᠃

ᠲᠠᠯ ᠠ ᠤᠳ ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠢᠢᠨ ᠠᠵᠢᠯᠯᠠᠭᠠᠨ ᠤ ᠮᠣᠩ᠋ᠭᠣᠯ᠂ ᠸᠢᠧᠲ᠋ᠨᠠᠮ ᠤᠨ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ ᠨᠢ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠡᠯᠡᠯᠴᠡᠬᠦ ᠴᠢᠬᠤᠯᠠ ᠮᠧᠾᠠᠨᠢᠽᠮ ᠪᠣᠯᠵᠤ ᠬᠥᠭ᠍ᠵᠢᠵᠦ ᠪᠤᠢ ᠢᠢ ᠥᠨᠳᠦᠷ ᠢᠶᠡᠷ ᠦᠨᠡᠯᠡᠵᠦ᠂ ᠲᠤᠰ ᠮᠧᠾᠠᠨᠢᠽᠮ ᠢᠶᠠᠷ ᠳᠠᠮᠵᠢᠭᠤᠯᠤᠨ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠦᠩ᠋ᠭᠡ ᠣᠷᠣᠭᠤᠯᠤᠯᠲᠠ ᠢᠢᠨ ᠰᠠᠯᠪᠤᠷᠢ ᠲᠤ ᠪᠣᠳᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠬᠣᠶᠠᠷ ᠣᠷᠣᠨ ᠤ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠬᠣᠭᠣᠷᠣᠨᠳᠣ ᠬᠡᠯᠬᠢᠶ᠎ᠡ ᠬᠣᠯᠪᠣᠭ᠎ᠠ ᠲᠣᠭᠲᠠᠭᠠᠨ ᠬᠤᠳᠠᠯᠳᠤᠭ᠎ᠠ ᠢᠢ ᠳᠡᠮᠵᠢᠵᠦ ᠠᠵᠢᠯᠯᠠᠬᠤ ᠢᠢᠨ ᠴᠢᠬᠤᠯᠠ ᠢᠢ ᠣᠨᠴᠠᠯᠠᠯ᠎ᠠ᠃

ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠬᠦᠷᠢᠶᠡᠨ ᠳᠥ ᠲᠡᠭᠡᠭᠡᠪᠦᠷᠢ᠂ ᠯᠣᠵᠢᠰᠲ᠋ᠢᠭ ᠤᠨ ᠰᠠᠭᠠᠳ ᠲᠣᠳᠬᠠᠷ ᠢ ᠠᠷᠢᠯᠭᠠᠬᠤ᠂ ᠬᠣᠶᠠᠷ ᠤᠯᠤᠰ ᠬᠣᠭᠣᠷᠣᠨᠳᠣ ᠢᠢᠨ ᠠᠭᠠᠷ ᠤᠨ ᠬᠠᠷᠢᠯᠴᠠᠭ᠎ᠠ ᠢᠢ ᠥᠷᠭᠡᠵᠢᠭᠦᠯᠬᠦ᠂ ᠰᠢᠭᠤᠳ ᠨᠢᠰᠦᠯᠭᠡ ᠦᠢᠯᠡᠳᠬᠦ ᠵᠠᠮ ᠢᠶᠠᠷ ᠠᠶᠠᠯᠠᠯ ᠵᠢᠭᠤᠯᠴᠢᠯᠠᠯ᠂ ᠢᠷᠭᠡᠳ ᠦᠨ ᠰᠣᠯᠢᠯᠴᠠᠭ᠎ᠠ ᠢᠢ ᠨᠡᠮᠡᠭᠳᠡᠭᠦᠯᠬᠦ ᠴᠢᠭᠯᠡᠯ ᠳᠥ ᠬᠠᠮᠲᠤᠷᠠᠨ ᠠᠵᠢᠯᠯᠠᠬᠤ ᠪᠣᠯᠤᠭᠰᠠᠨ ᠢ ᠲᠠᠯ᠎ᠠ ᠨᠤᠭᠤᠳ ᠰᠠᠢᠢᠰᠢᠶᠠᠪᠠ᠃

ᠮᠥᠨ ᠴᠢᠨᠠᠬᠰᠢᠳᠠ ᠪᠠᠷᠠᠭ᠎ᠠ ᠪᠦᠲᠦᠭᠡᠭ᠍ᠳᠡᠬᠦᠨ ᠦ ᠡᠷᠭᠢᠯᠲᠡ ᠢᠢ ᠨᠡᠮᠡᠭᠳᠡᠭᠦᠯᠬᠦ᠂ ᠲᠡᠭᠡᠭᠡᠪᠦᠷᠢᠯᠡᠯᠲᠡ ᠢᠢ ᠬᠥᠩ᠋ᠭᠡᠪᠴᠢᠯᠡᠬᠦ ᠬᠦᠷᠢᠶᠡᠨ ᠳᠥ ᠮᠣᠩ᠋ᠭᠣᠯ᠂ ᠸᠢᠧᠲ᠋ᠨᠠᠮ᠂ ᠬᠢᠲᠠᠳ ᠤᠨ ᠵᠠᠮ ᠲᠡᠭᠡᠭᠡᠪᠦᠷᠢ ᠢᠢᠨ ᠠᠰᠠᠭᠤᠳᠠᠯ ᠬᠠᠷᠢᠭᠤᠴᠠᠭᠰᠠᠨ ᠰᠠᠢᠢᠳ ᠨᠠᠷ ᠤᠨ ᠲᠦᠪᠰᠢᠨ ᠦ ᠭᠤᠷᠪᠠᠨ ᠲᠠᠯᠠᠳᠤ ᠠᠭᠤᠯᠵᠠᠯᠲᠠ ᠢᠢ ᠵᠣᠬᠢᠶᠠᠨ ᠪᠠᠢᠢᠭᠤᠯᠵᠤ᠂ ᠲᠡᠮᠦᠷ ᠵᠠᠮ ᠳᠤ ᠲᠦᠰᠢᠭᠯᠡᠭᠰᠡᠨ ᠲᠷᠠᠨ᠋ᠽᠢᠲ ᠲᠡᠭᠡᠭᠡᠪᠦᠷᠢ ᠢᠢᠨ ᠳᠠᠮᠵᠢᠨ ᠥᠩ᠋ᠭᠡᠷᠡᠬᠦ ᠪᠣᠭᠣᠮᠲᠠ ᠨᠤᠭᠤᠳ ᠢ ᠲᠣᠬᠢᠷᠠᠬᠤ ᠴᠢᠭᠯᠡᠯ ᠳᠥ ᠢᠳᠡᠪᠬᠢᠲᠡᠢ ᠬᠠᠮᠲᠤᠷᠠᠨ ᠠᠵᠢᠯᠯᠠᠬᠤ ᠢᠢᠨ ᠲᠥᠯᠥᠭᠡ ᠪᠠᠢᠢᠭ᠎ᠠ ᠢᠢ ᠨᠣᠲᠠᠯᠠᠪᠠ᠃ ᠡᠨᠡ ᠤᠳᠠᠭ᠎ᠠ ᠢᠢᠨ ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠪᠡᠬᠢᠵᠢᠭᠦᠯᠬᠦ ᠬᠦᠷᠢᠶᠡᠨ ᠳᠥ ᠬᠣᠶᠠᠷ ᠲᠠᠯ᠎ᠠ ᠢᠢᠨ ᠬᠡᠳᠦ ᠬᠡᠳᠦᠨ ᠪᠠᠷᠢᠮᠲᠠ ᠪᠢᠴᠢᠭ᠌ ᠢ ᠪᠠᠢᠢᠭᠤᠯᠤᠭᠰᠠᠨ ᠢ ᠲᠠᠯ᠎ᠠ ᠨᠤᠭᠤᠳ ᠰᠠᠢᠢᠰᠢᠶᠠᠨ ᠲᠡᠮᠳᠡᠭᠯᠡᠭᠡᠳ ᠡᠭᠦᠨ ᠦ ᠳᠣᠲᠣᠷ᠎ᠠ 《ᠳ᠋ᠢᠫᠯᠣᠮᠠᠲ᠂ ᠠᠯᠪᠠᠨ ᠪᠣᠯᠤᠨ ᠡᠩ ᠦᠨ ᠫᠠᠰᠫᠣᠷᠲ ᠡᠵᠡᠮᠰᠢᠭᠴᠢᠳ ᠢ ᠸᠢᠽ ᠤᠨ ᠱᠠᠭᠠᠷᠳᠠᠯᠭ᠎ᠠ ᠠᠴᠠ ᠴᠢᠯᠦᠭᠡᠯᠡᠬᠦ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠰᠣᠴᠢᠶᠠᠯᠢᠰᠲ ᠸᠢᠧᠲ᠋ᠨᠠᠮ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠨᠢ ᠬᠣᠶᠠᠷ ᠤᠯᠤᠰ ᠤᠨ ᠢᠷᠭᠡᠳ ᠬᠠᠷᠢᠯᠴᠠᠨ ᠵᠣᠷᠴᠢᠬᠤ ᠤᠷᠤᠰᠬᠠᠯ ᠢ ᠨᠡᠮᠡᠭᠳᠡᠭᠦᠯᠬᠦ ᠲᠠᠭᠠᠲᠠᠢ ᠨᠥᠬᠥᠴᠡᠯ ᠢ ᠪᠦᠷᠢᠳᠦᠭᠦᠯᠬᠦ ᠪᠣᠯᠤᠨ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠳᠥ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠢ ᠲᠠᠯ᠎ᠠ ᠨᠤᠭᠤᠳ ᠲᠡᠮᠳᠡᠭᠯᠡᠪᠡ᠃

ᠲᠠᠯ᠎ᠠ ᠨᠤᠭᠤᠳ ᠮᠥᠨ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ᠂ ᠸᠢᠧᠲ᠋ᠨᠠᠮ ᠤᠯᠤᠰ ᠠᠴᠠ ᠴᠠᠭᠠᠨ ᠪᠤᠳᠠᠭ᠎ᠠ ᠨᠡᠢᠢᠯᠡᠭᠦᠯᠬᠦ᠂ ᠮᠣᠩ᠋ᠭᠣᠯ ᠤᠯᠤᠰ ᠠᠴᠠ ᠮᠢᠬ᠎ᠠ᠂ ᠮᠢᠬᠠᠨ ᠪᠦᠲᠦᠭᠡᠭ᠍ᠳᠡᠬᠦᠨ ᠡᠺᠰᠫᠣᠷᠲ᠋ᠯᠠᠬᠤ ᠲᠠᠭᠠᠲᠠᠢ ᠨᠥᠬᠥᠴᠡᠯ ᠢ ᠪᠦᠷᠢᠳᠦᠭᠦᠯᠬᠦ ᠬᠦᠷᠢᠶᠡᠨ ᠳᠥ ᠴᠠᠭᠠᠨ ᠪᠤᠳᠠᠭᠠᠨ ᠤ ᠬᠤᠳᠠᠯᠳᠤᠭᠠᠨ ᠤ ᠲᠣᠭᠲᠠᠪᠤᠷᠢᠲᠠᠢ ᠨᠡᠢᠢᠯᠡᠭᠦᠯᠦᠯᠲᠡ ᠢᠢᠨ ᠲᠤᠬᠠᠢ ᠰᠠᠨᠠᠮᠵᠢ ᠪᠢᠴᠢᠭ᠌ ᠪᠣᠯᠤᠨ ᠣᠯᠠᠨ ᠤᠯᠤᠰ ᠤᠨ ᠮᠠᠯ ᠡᠮᠨᠡᠯᠭᠡ ᠢᠢᠨ ᠭᠡᠷᠡᠴᠢᠯᠡᠭᠡᠨ ᠦ ᠵᠠᠭᠪᠤᠷ ᠤᠨ ᠲᠤᠬᠠᠢ ᠪᠠᠷᠢᠮᠲᠠ ᠪᠢᠴᠢᠭ᠌ ᠢ ᠲᠣᠬᠢᠷᠠᠭᠰᠠᠨ ᠨᠢ ᠬᠣᠶᠠᠷ ᠤᠯᠤᠰ ᠤᠨ ᠬᠦᠨᠡᠰᠦ᠂ ᠬᠥᠳᠡᠭᠡ ᠠᠵᠤ ᠠᠬᠤᠢ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠪᠣᠳᠠᠲᠤ ᠬᠤᠪᠢ ᠨᠡᠮᠡᠷᠢ ᠣᠷᠣᠭᠤᠯᠤᠨ᠎ᠠ ᠭᠡᠳᠡᠭ ᠢ ᠲᠠᠯ᠎ᠠ ᠨᠤᠭᠤᠳ ᠰᠠᠨᠠᠯ ᠨᠢᠭᠡᠲᠡᠢ ᠲᠡᠮᠳᠡᠭᠯᠡᠪᠡ᠃